
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠥᠬᠥᠳᠡ ᠬᠤᠷᠠᠯ 2020 ᠣᠨ᠎ᠤ 10 ᠰᠠᠷ᠎ᠠ ᠵᠢᠨ 26᠎ᠤ ᠡᠳᠦᠷ᠎ᠠᠴᠠ 29᠎ᠤ ᠡᠳᠦᠷ ᠪᠣᠯᠲᠠᠯ᠎ᠠ ᠪᠡᠭᠡᠵᠢᠩ᠎ᠳᠤ ᠬᠤᠷᠠᠯᠳᠤᠪᠠ᠃ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ ᠰᠢ ᠵᠢᠨ ᠫᠢᠩ ᠴᠢᠬᠤᠯᠠ ᠶᠠᠷᠢᠶ᠎ᠠ ᠲᠠᠯᠪᠢᠵᠠᠢ᠃ ᠰᠢᠨᠬᠣᠸᠨ ᠬᠣᠷᠢᠶᠠᠨ᠎ᠤ ᠰᠣᠷᠪᠣᠯᠵᠢᠯᠠᠭᠴᠢ ᠵᠢᠥᠢ ᠫᠸᠩ ᠰᠡᠬᠦᠳᠡᠷᠯᠡᠪᠡ
ᠪᠥᠬᠥᠳᠡ ᠬᠤᠷᠠᠯ᠎ᠢ ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶ᠎ᠠ ᠡᠷᠬᠢᠯᠡᠪᠡ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ ᠰᠢ ᠵᠢᠨ ᠫᠢᠩ ᠴᠢᠬᠤᠯᠠ ᠶᠠᠷᠢᠶ᠎ᠠ ᠲᠠᠯᠪᠢᠵᠠᠢ
ᠪᠥᠬᠥᠳᠡ ᠬᠤᠷᠠᠯ᠎ᠠᠴᠠ ᠰᠢ ᠵᠢᠨ ᠫᠢᠩ᠎ᠤᠨ ᠨᠠᠮ᠎ᠤᠨ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶᠠᠨ᠎ᠤ ᠨᠠᠶ᠋ᠢᠳᠠᠯᠭ᠎ᠠ᠎ᠪᠠᠷ ᠬᠢᠭᠰᠡᠨ ᠠᠵᠢᠯ᠎ᠤᠨ ᠢᠯᠡᠳᠬᠡᠯ᠎ᠢ ᠰᠣᠨᠣᠰᠤᠨ ᠶᠠᠷᠢᠯᠴᠠᠵᠠᠢ
ᠪᠦᠬᠦᠳᠡ ᠬᠤᠷᠠᠯ᠎ᠠᠴᠠ 《ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠪᠠ 2035 ᠣᠨ᠎ᠤ ᠠᠯᠤᠰ᠎ᠤᠨ ᠬᠠᠷᠠᠯᠲᠠ ᠵᠢ ᠲᠣᠭᠲᠠᠭ᠋ᠠᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠰᠠᠨᠠᠭᠤᠯᠭ᠎ᠠ》 ᠵᠢ ᠬᠢᠨᠠᠨ ᠵᠦᠪᠯᠡᠵᠥ ᠪᠠᠲᠤᠯᠠᠪᠠ
ᠪᠥᠬᠥᠳᠡ ᠬᠤᠷᠠᠯ᠎ᠠᠴᠠ᠂ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠰᠢ ᠵᠢᠨ ᠫᠢᠩ ᠨᠥᠬᠥᠷ ᠵᠶ᠋ᠠᠷ ᠭᠤᠤᠯᠯᠠᠭᠤᠯᠤᠬᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠢᠭᠲᠠᠷᠠᠨ ᠪᠦᠯᠬᠦᠮᠳᠡᠵᠦ᠂ ᠨᠢᠭᠡ ᠰᠡᠳᠬᠢᠯ ᠨᠢᠭᠡ ᠵᠣᠷᠢᠭ ᠵᠶ᠋ᠠᠷ ᠰᠢᠷᠭ᠋ᠠᠭᠤ ᠲᠡᠮᠡᠴᠡᠵᠦ᠂ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠰᠢᠨ᠎ᠡ ᠢᠯᠠᠯᠲᠠ ᠵᠢ ᠲᠡᠮᠡᠴᠡᠨ ᠣᠯᠰᠤᠭ᠋ᠠᠢ ᠭᠡᠵᠦ ᠤᠷᠢᠶᠠᠯᠠᠪᠠ
ᠰᠢᠨᠬᠤᠸᠠ ᠬᠤᠷᠢᠶᠠᠨ᠎ᠤ ᠪᠡᠭᠡᠵᠢᠩ᠎ᠤᠨ 10 ᠰᠠᠷ᠎ᠠ ᠵᠢᠨ 29᠎ᠤ ᠡᠳᠦᠷ᠎ᠤᠨ ᠮᠡᠳᠡᠭᠡ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠥᠬᠥᠳᠡ ᠬᠤᠷᠠᠯ᠎ᠤᠨ ᠠᠯᠪᠠᠨ ᠮᠡᠳᠡᠭᠡ
(2020 ᠣᠨ᠎ᠤ 10 ᠰᠠᠷ᠎ᠠ ᠵᠢᠨ 29᠎ᠤ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠥᠬᠥᠳᠡ ᠬᠤᠷᠠᠯ᠎ᠠᠴᠠ ᠪᠠᠲᠤᠯᠠᠪᠠ)
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠥᠬᠥᠳᠡ ᠬᠤᠷᠠᠯ 2020 ᠣᠨ᠎ᠤ 10 ᠰᠠᠷ᠎ᠠ ᠵᠢᠨ 26᠎ᠤ ᠡᠳᠦᠷ᠎ᠠᠴᠠ 29᠎ᠤ ᠡᠳᠦᠷ ᠪᠣᠯᠲᠠᠯ᠎ᠠ ᠪᠡᠭᠡᠵᠢᠩ᠎ᠳᠤ ᠬᠤᠷᠠᠯᠳᠤᠪᠠ᠃
ᠡᠨᠡ ᠤᠳᠠᠭ᠎ᠠ ᠵᠢᠨ ᠪᠥᠬᠥᠳᠡ ᠬᠤᠷᠠᠯ᠎ᠳᠤ᠂ ᠲᠥᠪ ᠬᠣᠷᠢᠶᠠᠨ᠎ᠤ ᠭᠡᠰᠢᠭᠦᠨ 198 ᠬᠥᠮᠦᠨ᠂ ᠲᠥᠪ ᠬᠣᠷᠢᠶᠠᠨ᠎ᠤ ᠣᠷᠣᠯᠠᠭᠴᠢ ᠭᠡᠰᠢᠭᠦᠨ 166 ᠬᠥᠮᠦᠨ ᠣᠷᠣᠯᠴᠠᠪᠠ᠃ ᠲᠥᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠣᠷᠢᠶᠠᠨ᠎ᠤ ᠪᠠᠶ᠋ᠢᠩᠭᠤ ᠵᠢᠨ ᠬᠣᠷᠢᠶᠠᠨ᠎ᠤ ᠭᠡᠰᠢᠭᠦᠨ ᠪᠣᠯᠤᠨ ᠬᠠᠮᠢᠶ᠎ᠠ ᠪᠦᠬᠦᠢ ᠲᠠᠯ᠎ᠠ ᠵᠢᠨ ᠬᠠᠷᠢᠭᠤᠴᠠᠯᠭ᠋ᠠᠲᠠᠨ ᠨᠥᠬᠥᠳ ᠬᠤᠷᠠᠯ᠎ᠳᠤ ᠰᠤᠯᠠ ᠣᠷᠣᠯᠴᠠᠪᠠ᠃ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠲᠥᠯᠥᠭᠡᠯᠡᠭᠴᠢ ᠵᠢᠨ ᠳᠣᠲᠣᠷᠠᠬᠢ ᠦᠨᠳᠦᠰᠦᠨ ᠱᠠᠲᠤᠨ᠎ᠤ ᠬᠡᠰᠡᠭ ᠨᠥᠬᠥᠳ ᠪᠤᠯᠤᠨ ᠲᠤᠰᠬᠠᠶ ᠮᠡᠷᠭᠡᠵᠢᠯᠲᠡᠨ ᠡᠷᠳᠡᠮᠲᠡᠨ ᠪᠠᠰᠠ ᠬᠤᠷᠠᠯ᠎ᠳᠤ ᠰᠤᠯᠠ ᠣᠷᠣᠯᠴᠠ᠎ᠵᠢ᠃
ᠪᠥᠬᠥᠳᠡ ᠬᠤᠷᠠᠯ᠎ᠢ ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶ᠎ᠠ ᠡᠷᠬᠢᠯᠡᠪᠡ᠃ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ ᠰᠢ ᠵᠢᠨ ᠫᠢᠩ ᠴᠢᠬᠤᠯᠠ ᠶᠠᠷᠢᠶ᠎ᠠ ᠲᠠᠯᠪᠢᠵᠠᠢ᠃
ᠪᠥᠬᠥᠳᠡ ᠬᠤᠷᠠᠯ᠎ᠠᠴᠠ ᠰᠢ ᠵᠢᠨ ᠫᠢᠩ᠎ᠤᠨ ᠨᠠᠮ᠎ᠤᠨ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶᠠᠨ᠎ᠤ ᠨᠠᠶ᠋ᠢᠳᠠᠯᠭ᠎ᠠ᠎ᠪᠠᠷ ᠬᠢᠭᠰᠡᠨ ᠠᠵᠢᠯ᠎ᠤᠨ ᠢᠯᠡᠳᠬᠡᠯ᠎ᠢ ᠰᠣᠨᠣᠰᠤᠨ ᠶᠠᠷᠢᠯᠴᠠᠵᠤ᠂ 《ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠪᠠ 2035 ᠣᠨ᠎ᠤ ᠠᠯᠤᠰ᠎ᠤᠨ ᠬᠠᠷᠠᠯᠲᠠ ᠵᠢ ᠲᠣᠭᠲᠠᠭ᠋ᠠᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠰᠠᠨᠠᠭᠤᠯᠭ᠎ᠠ》 ᠵᠢ ᠬᠢᠨᠠᠨ ᠵᠦᠪᠯᠡᠵᠥ ᠪᠠᠲᠤᠯᠠᠪᠠ᠃ ᠰᠢ ᠵᠢᠨ ᠫᠢᠩ 《ᠰᠠᠨᠠᠭᠤᠯᠭ᠎ᠠ (ᠶᠠᠷᠢᠯᠴᠠᠬᠤ ᠨᠣᠤᠷᠠᠭ)》 ᠵᠢᠨ ᠲᠤᠬᠠᠶ ᠪᠥᠬᠥᠳᠡ ᠬᠤᠷᠠᠯ᠎ᠳᠤ ᠲᠣᠳᠣᠷᠬᠠᠶ᠋ᠢᠯᠠᠯᠲᠠ ᠬᠢᠪᠠ᠃
ᠪᠥᠬᠥᠳᠡ ᠬᠤᠷᠠᠯ᠎ᠠᠴᠠ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠠᠴᠠ ᠨᠠᠭ᠋ᠠᠰᠢᠬᠢ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠠᠵᠢᠯ᠎ᠢ ᠬᠦᠢ᠍ᠴᠡᠳ ᠨᠤᠲᠠᠯᠠᠪᠠ᠃ ᠨᠢᠭᠡ ᠵᠢᠯ᠎ᠤᠨ ᠲᠤᠷᠰᠢ᠂ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶ᠎ᠠ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠠᠭᠤᠤ ᠶᠡᠬᠡ ᠲᠤᠭ᠎ᠢ ᠥᠨᠳᠥᠷ ᠮᠠᠨᠳᠤᠭᠤᠯᠵᠤ᠂ ᠮᠠᠷᠺᠰ ᠯᠧᠨᠢᠨ᠎ᠤ ᠦᠵᠡᠯ᠂ ᠮᠠᠤ ᠽᠸ ᠳ᠋ᠦᠩ᠎ᠤᠨ ᠦᠵᠡᠯ ᠰᠠᠨᠠᠭ᠎ᠠ᠂ ᠳ᠋ᠧᠩ ᠰᠢᠶᠤᠤ ᠫᠢᠩ᠎ᠤᠨ ᠤᠨᠤᠯ᠂ 《ᠭᠤᠷᠪᠠ ᠵᠢ ᠲᠥᠯᠥᠭᠡᠯᠡᠬᠦ》 ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭ᠋ᠠᠨᠴᠢ ᠬᠥᠭᠵᠢᠯᠲᠡ ᠵᠢᠨ ᠦᠵᠡᠯᠲᠡ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠣᠣᠱᠯᠠᠭᠣᠯᠵᠦ᠂ 《ᠳᠥᠷᠪᠡᠨ ᠤᠬᠠᠮᠰᠠᠷ》 ᠵᠶ᠋ᠠᠨ ᠴᠢᠩᠭ᠋ᠠᠳᠬᠠᠨ᠂ 《ᠳᠥᠷᠪᠡᠨ ᠢᠲᠡᠭᠡᠯ》 ᠵᠶ᠋ᠠᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠬᠦᠯᠦᠨ᠂ 《ᠲᠠᠪᠤ ᠵᠢ ᠨᠢᠭᠡ ᠴᠣᠭᠴᠠᠵᠢᠭᠤᠯᠬᠤ》 ᠶᠡᠷᠦᠩᠬᠡᠶ ᠪᠠᠶ᠋ᠢᠷᠢᠰᠢᠭᠤᠯᠤᠯᠲᠠ ᠵᠢ ᠨᠢᠭᠡᠳᠦᠯᠲᠡᠶ ᠲᠥᠯᠥᠪᠵᠢᠬᠦᠯᠤᠨ ᠠᠬᠢᠭᠤᠯᠵᠤ᠂ 《ᠳᠥᠷᠪᠡᠨ ᠪᠦᠬᠦ ᠲᠠᠯ᠎ᠠ》 ᠵᠢᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠰᠢᠭᠤᠯᠤᠯᠲᠠ ᠵᠢ ᠵᠣᠬᠢᠴᠠᠭᠤᠯᠤᠨ ᠠᠬᠢᠭᠤᠯᠵᠤ᠂ ᠲᠣᠭᠲᠠᠭᠤᠨ᠎ᠤ ᠳᠤᠮᠳᠠ ᠤᠷᠤᠬᠰᠢᠯᠠᠨ ᠳᠠᠪᠰᠢᠬᠤ ᠠᠵᠢᠯ᠎ᠤᠨ ᠶᠡᠷᠦᠩᠬᠡᠶ ᠬᠥᠭ ᠠᠶᠠᠰ᠎ᠢ ᠪᠠᠷᠢᠮᠲᠠᠯᠠᠵᠤ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠠᠷᠢᠮᠳᠠᠯᠠᠨ᠂ ᠥᠭᠡᠷᠡᠴᠢᠯᠡᠯᠲᠡ ᠨᠡᠭᠡᠭᠡᠯᠲᠡ ᠵᠢ ᠡᠷᠡᠰ ᠭᠤᠶ᠋ᠢᠪᠢᠰᠢ ᠦᠭᠡᠢ ᠠᠬᠢᠭᠤᠯᠵᠤ᠂ ᠡᠯ᠎ᠡ ᠵᠦᠢ᠍ᠯ᠎ᠤᠨ ᠠᠶᠤᠯ ᠲᠦᠭᠰᠢᠬᠦᠷᠢ ᠪᠠ ᠥᠷᠢᠰᠥᠯᠳᠦᠭᠡᠨ᠎ᠢ ᠯᠠᠪᠳᠠᠭᠤᠨ ᠪᠦᠭᠡᠳ ᠡᠷᠴᠢᠮᠳᠠᠢ ᠠᠷᠭ᠋ᠠᠴᠠᠭ᠋ᠠᠨ᠂ ᠰᠢᠨ᠎ᠡ ᠳᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠢ ᠰᠡᠷᠭᠡᠶ᠋ᠢᠯᠡᠨ ᠬᠣᠷᠢᠭᠯᠠᠬᠤ ᠪᠠ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠠᠵᠢᠯ᠎ᠢ ᠨᠢᠭᠡᠳᠦᠯᠲᠡᠶ ᠲᠥᠯᠥᠪᠵᠢᠬᠦᠯᠵᠦ᠂ ᠠᠷᠠᠳ ᠲᠦᠮᠡᠨ᠎ᠤ ᠠᠮᠢ ᠨᠠᠰᠤᠨ᠎ᠤ ᠠᠮᠤᠷ ᠲᠦᠪᠰᠢᠨ ᠪᠠ ᠪᠡᠶ᠎ᠡ ᠮᠠᠬᠠᠪᠣᠳ᠎ᠤᠨ ᠡᠷᠡᠭᠦᠯ ᠮᠡᠨᠳᠤ ᠵᠢ ᠲᠡᠷᠢᠭᠦᠨ᠎ᠳᠤ ᠲᠠᠯᠪᠢᠵᠤ᠂ ᠳᠣᠲᠣᠭ᠋ᠠᠳᠤ ᠬᠡᠷᠡᠭᠴᠡᠭᠡ᠎ᠪᠠᠨ ᠥᠷᠭᠡᠳᠬᠡᠬᠦ ᠪᠠᠶ᠋ᠢᠯᠳᠤᠬᠤ ᠪᠣᠳᠣᠯᠭ᠎ᠠ ᠵᠢᠨ ᠰᠠᠭᠤᠷᠢ ᠴᠡᠭ᠎ᠢ ᠡᠵᠡᠮᠳᠡᠨ᠂ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠬᠣᠷᠸ᠎ᠠ ᠲᠥᠷᠥ ᠵᠢᠨ ᠪᠣᠳᠣᠯᠭ᠎ᠠ᠎ᠪᠠᠷ ᠠᠷᠭ᠋ᠠᠴᠠᠭ᠋ᠠᠬᠤ ᠡᠷᠴᠢᠮ ᠵᠶ᠋ᠠᠨ ᠴᠢᠩᠭ᠋ᠠᠷᠠᠭᠤᠯᠤᠨ᠂ 《ᠵᠢᠷᠭᠤᠭ᠎ᠠ ᠵᠢ ᠳᠤᠭᠳᠠᠪᠤᠷᠢᠵᠢᠭᠤᠯᠬᠤ》 ᠠᠵᠢᠯ᠎ᠢ ᠯᠠᠪᠳᠠᠭᠤᠨ ᠪᠠᠲᠤᠲᠠᠶ ᠰᠠᠶ᠋ᠢᠲᠤᠷ ᠬᠢᠵᠦ᠂ 《ᠵᠢᠷᠭᠤᠭ᠎ᠠ ᠵᠢ ᠪᠠᠲᠤᠯᠠᠬᠤ》 ᠡᠭᠦᠷᠭᠡ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠤᠨ᠂ ᠤᠯᠤᠰ᠎ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠵᠢᠨ ᠠᠰᠢᠭ ᠲᠤᠰᠠ ᠵᠢ ᠡᠷᠡᠰ ᠬᠠᠮᠠᠭ᠋ᠠᠯᠠᠵᠤ᠂ ᠬᠢᠵᠢᠭ᠎ᠢ ᠰᠡᠷᠭᠡᠶ᠋ᠢᠯᠡᠨ ᠬᠣᠷᠢᠭᠯᠠᠬᠤ ᠠᠵᠢᠯ ᠴᠢᠬᠤᠯᠠ ᠶᠡᠬᠡ ᠪᠠᠶ᠋ᠢᠯᠳᠤᠬᠤ ᠪᠣᠳᠣᠯᠭ᠎ᠠ ᠵᠢᠨ ᠦᠷ᠎ᠡ ᠪᠦᠲᠦᠭᠡᠯ ᠣᠯᠵᠤ᠂ ᠭᠤᠷᠪᠠᠨ ᠶᠡᠬᠡ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ ᠯᠠᠪᠳᠠᠭᠤᠨ ᠪᠠᠲᠤᠲᠠᠶ ᠠᠬᠢᠵᠦ᠂ ᠠᠵᠤ ᠠᠬᠤᠢ ᠵᠢᠨ ᠨᠡᠮᠡᠭᠳᠡᠯ ᠵᠢᠱ᠌ᠢᠭᠰᠡᠨ᠎ᠠᠴᠠ᠎ᠪᠠᠨ ᠰᠠᠶ᠋ᠢᠨ ᠪᠠᠶ᠋ᠢᠵᠤ᠂ ᠠᠷᠠᠳ᠎ᠤᠨ ᠠᠮᠢᠳᠤᠷᠠᠯ᠎ᠢ ᠬᠦᠴᠦᠲᠡᠶ ᠪᠠᠳᠣᠯᠠᠨ᠂ ᠨᠡᠶ᠋ᠢᠭᠡᠮ᠎ᠤᠨ ᠶᠡᠬᠡ ᠲᠠᠯ᠎ᠠ ᠲᠣᠭᠲᠠᠭᠤᠨ ᠪᠠᠶ᠋ᠢᠳᠠᠯ ᠵᠶ᠋ᠠᠨ ᠪᠠᠲᠤᠯᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠲᠤᠮᠤ ᠤᠯᠤᠰ᠎ᠤᠨ ᠭᠠᠳᠠᠭ᠋ᠠᠳᠤ ᠬᠠᠷᠢᠯᠴᠠᠭ᠎ᠠ ᠢᠳᠡᠪᠬᠢᠲᠡᠶ ᠠᠬᠢᠵᠤ᠂ ᠨᠠᠮ ᠪᠠ ᠤᠯᠤᠰ᠎ᠤᠨ ᠡᠯ᠎ᠡ ᠵᠦᠢ᠍ᠯ᠎ᠤᠨ ᠠᠵᠢᠯ ᠦᠢ᠍ᠯᠡᠰ ᠴᠢᠬᠤᠯᠠ ᠶᠡᠬᠡ ᠰᠢᠨ᠎ᠡ ᠠᠮᠵᠢᠯᠲᠠ ᠪᠦᠲᠦᠮᠵᠢ ᠤᠯᠵᠠᠢ ᠬᠡᠵᠥ ᠰᠠᠨᠠᠯ ᠨᠢᠬᠡᠳᠡᠢ ᠦᠵᠡᠪᠡ᠃
ᠪᠥᠬᠥᠳᠡ ᠬᠤᠷᠠᠯ᠎ᠠᠴᠠ᠂ ᠨᠠᠷᠢᠨ ᠪᠤᠳᠤᠯᠢᠶᠠᠨᠲᠠᠶ ᠳᠡᠯᠡᠬᠡᠢ ᠵᠢᠨ ᠪᠠᠶ᠋ᠢᠳᠠᠯ᠂ ᠬᠠᠲᠠᠭᠤ ᠪᠡᠷᠬᠡ ᠪᠥᠭᠡᠳ ᠨᠦᠰᠡᠷ ᠬᠦᠨᠳᠦ ᠪᠠᠢ᠍ᠢ᠍ᠭ᠎ᠠ ᠤᠯᠤᠰ᠎ᠤᠨ ᠳᠣᠲᠣᠭ᠋ᠠᠳᠤ ᠵᠢᠨ ᠥᠭᠡᠷᠡᠴᠢᠯᠡᠯᠲᠡ ᠬᠥᠭᠵᠢᠯᠲᠡ ᠲᠣᠭᠲᠠᠭᠤᠨ᠎ᠤ ᠡᠭᠦᠷᠭᠡ ᠣᠨᠴᠠᠭ᠋ᠠᠶ᠋ᠢᠯᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠬᠦᠨᠳᠦ ᠨᠣᠴᠢᠲᠠᠶ ᠳᠠᠭ᠋ᠠᠷᠢᠯᠲᠠ ᠵᠢᠨ ᠡᠮᠦᠨ᠎ᠡ᠂ ᠰᠢ ᠵᠢᠨ ᠫᠢᠩ ᠨᠥᠬᠥᠷ ᠵᠶ᠋ᠠᠷ ᠭᠤᠤᠯᠯᠠᠭᠤᠯᠤᠬᠰᠠᠨ ᠨᠠᠮ᠎ᠤᠨ ᠲᠥᠪ ᠬᠣᠷᠢᠶ᠎ᠠ ᠤᠭ ᠰᠠᠨᠠᠭ᠎ᠠ᠎ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠬᠡᠵᠢᠯᠡᠨ᠂ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠡᠷᠡᠮᠡᠬᠡᠢ᠍ᠢ᠍ᠯᠡᠨ ᠤᠷᠤᠭᠰᠢᠯᠠᠵᠤ᠂ ᠵᠠᠮ ᠨᠡᠭᠡᠭᠡᠨ ᠰᠢᠨ᠎ᠡ ᠵᠢ ᠡᠭᠦᠳᠴᠦ᠂ ᠨᠠᠮ ᠪᠠ ᠤᠯᠤᠰ᠎ᠤᠨ ᠡᠯ᠎ᠡ ᠵᠦᠢ᠍ᠯ᠎ᠤᠨ ᠠᠵᠢᠯ ᠦᠢ᠍ᠯᠡᠰ᠎ᠢ ᠬᠦᠴᠦᠯᠡᠨ ᠠᠬᠢᠭᠤᠯᠵᠤ᠂ ᠡᠯ᠎ᠡ ᠵᠦᠢ᠍ᠯ᠎ᠤᠨ ᠠᠶᠤᠯ ᠲᠦᠭᠰᠢᠭᠦᠷᠢ ᠪᠠ ᠥᠷᠢᠰᠥᠯᠳᠦᠭᠡᠨ᠎ᠢ ᠢᠯᠠᠨ ᠳᠠᠪᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠬᠥᠯᠭᠡ ᠣᠩᠭᠣᠴᠠ ᠦᠷᠭᠦᠯᠵᠢᠯᠡᠨ ᠰᠠᠯᠬᠢ ᠳᠠᠪᠠᠯᠭ᠋ᠠᠨ᠎ᠢ ᠵᠦᠰᠦᠨ᠂ ᠡᠷᠡᠰ ᠰᠢᠭᠤᠷᠬᠠᠶ᠎ᠪᠠᠷ ᠤᠷᠤᠭᠰᠢᠯᠠᠪᠠ᠃ ᠰᠢ ᠵᠢᠨ ᠫᠢᠩ ᠨᠥᠬᠥᠷ ᠨᠠᠮ᠎ᠤᠨ ᠲᠥᠪ ᠬᠣᠷᠢᠶᠠᠨ᠎ᠤ ᠭᠣᠤᠯᠯᠠᠭᠴᠢ᠂ ᠪᠦᠬᠦ ᠨᠠᠮ᠎ᠤᠨ ᠭᠣᠤᠯᠯᠠᠭᠴᠢ ᠪᠤᠯᠵᠤ ᠠᠶᠠᠯᠠᠯ ᠵᠠᠮᠴᠢᠯᠠᠬᠤ ᠴᠢᠭᠯᠡᠯ᠎ᠢ ᠡᠵᠡᠮᠳᠡᠨ᠂ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠪᠦᠯᠬᠦᠮᠳᠡᠨ ᠨᠢᠭᠡᠳᠴᠦ᠂ ᠰᠢᠷᠭ᠋ᠠᠭᠤ ᠬᠠᠲᠠᠭᠤᠵᠢᠯᠲᠠᠶ ᠲᠡᠮᠡᠴᠡᠪᠡᠯ᠂ ᠪᠢᠳᠡ ᠯᠠᠪᠲᠠᠶ ᠤᠷᠤᠭᠰᠢᠯᠠᠯᠲᠠ ᠵᠢᠨ ᠵᠠᠮ ᠳᠡᠭᠡᠷᠡᠬᠢ ᠡᠯ᠎ᠡ ᠵᠦᠢ᠍ᠯ᠎ᠤᠨ ᠬᠦᠴᠢᠷ ᠪᠡᠷᠬᠡᠰᠢᠶᠡᠯ ᠬᠠᠷᠰᠢ ᠰᠠᠭ᠋ᠠᠳ᠎ᠢ ᠢᠯᠠᠨ ᠳᠠᠪᠠᠵᠤ᠂ ᠰᠢᠨ᠎ᠡ ᠴᠠᠭ ᠦᠶ᠎ᠡ᠎ᠳᠤ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠢ ᠯᠠᠪᠳᠠᠢ ᠨᠡᠩ ᠡᠷᠴᠢᠮᠳᠠᠢ ᠲᠦᠯᠬᠢᠨ ᠤᠷᠤᠭᠰᠢᠯᠠᠭᠤᠯᠵᠤ ᠴᠢᠳᠠᠬᠤ ᠵᠢ ᠦᠢ᠍ᠯᠡᠳᠦᠯᠬᠡ ᠳᠠᠬᠢᠨᠲᠠ ᠭᠡᠷᠡᠴᠢᠯᠡᠵᠠᠢ ᠬᠡᠵᠥ ᠰᠠᠨᠠᠯ ᠨᠢᠬᠡᠳᠡᠢ ᠦᠵᠡᠪᠡ᠃

ᠬᠠᠷᠢᠭᠤᠴᠠᠭᠰᠠᠨ ᠨᠠᠢ᠌ᠷᠠᠭᠤᠯᠤᠭᠴᠢ᠄ ᠰᠤᠪᠤᠳ