ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠰᠢ ᠵᠢᠨ ᠫᠢᠩ ᠠᠭᠤᠷ ᠠᠮᠢᠰᠬᠤᠯ᠎ᠤᠨ ᠬᠤᠪᠢᠷᠠᠯᠳᠠ ᠵᠢ ᠠᠷᠭ᠋ᠠᠴᠠᠭ᠋ᠠᠬᠤ ᠠᠤᠭ᠎ᠠ ᠰᠠᠨᠠᠭ᠎ᠠ ᠡᠷᠡᠯᠭᠡᠭ ᠵᠤᠷᠢᠭ᠎ᠢ ᠬᠦᠪᠴᠢᠯᠡᠬᠦ ᠲᠦᠷᠦᠬᠦᠴᠤᠳ᠎ᠤᠨ ᠬᠤᠷᠠᠯ ᠳᠡᠭᠡᠷ᠎ᠠ ᠴᠢᠬᠤᠯᠠ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄ 2020-12-14

      ᠬᠠᠮᠳᠤᠷᠠᠯᠴᠠᠵᠦ ᠬᠠᠮᠳᠤ᠎ᠪᠠᠷ ᠠᠰᠢᠬ ᠬᠦᠷᠳᠡᠬᠦ ᠠᠭᠤᠷ ᠠᠮᠢᠰᠬᠤᠯ᠎ᠤᠨ ᠵᠠᠰᠠᠯᠳᠠ ᠵᠢᠨ ᠰᠢᠨ᠎ᠠ ᠪᠠᠶ᠋ᠢᠳᠠᠯ᠎ᠢ ᠡᠬᠦᠳᠴᠦ᠂ ᠴᠢᠳᠠᠯ᠎ᠤᠨ ᠵᠶ᠋ᠠᠨ ᠬᠢᠷᠢ᠎ᠪᠠᠷ ᠴᠢᠷᠮᠠᠶ᠋ᠢᠬᠤ ᠠᠭᠤᠷ ᠠᠮᠢᠰᠬᠤᠯ᠎ᠤᠨ ᠵᠠᠰᠠᠯᠳᠠ ᠵᠢᠨ ᠰᠢᠨ᠎ᠠ ᠰᠢᠰ᠊ᠲ᠋ᠤᠮ᠎ᠢ ᠪᠦᠷᠢᠯᠳᠦᠬᠦᠯᠦᠨ᠂ ᠪᠤᠬᠢᠷᠳᠤᠯ ᠦᠭᠡᠢ᠎ᠪᠠᠷ ᠰᠡᠷᠬᠦᠭᠡᠬᠦ ᠠᠭᠤᠷ ᠠᠮᠢᠰᠬᠤᠯ᠎ᠤᠨ ᠵᠠᠰᠠᠯᠳᠠ ᠵᠢᠨ ᠰᠢᠨ᠎ᠠ ᠰᠡᠳᠬᠢᠴᠡ ᠵᠢ ᠪᠠᠷᠢᠮᠳᠠᠯᠠᠶ᠎ᠠ ᠭᠡᠵᠦ ᠰᠠᠨᠠᠭ᠋ᠠᠴᠢᠯᠠᠪᠠ
      ᠳᠤᠮᠳᠠᠳᠤ ᠤᠯᠤᠰ᠎ᠤᠨ ᠪᠡᠶ᠎ᠠ᠎ᠪᠠᠨ ᠳᠠᠭ᠋ᠠᠭ᠋ᠠᠵᠦ ᠬᠤᠪᠢ ᠨᠡᠮᠡᠷᠢ ᠦᠵᠡᠬᠦᠯᠬᠦ ᠠᠯᠢ ᠤᠯᠠᠨ ᠰᠢᠨ᠎ᠠ ᠠᠷᠭ᠎ᠠ ᠭᠡᠮᠵᠢᠶ᠎ᠠ ᠵᠢ ᠨᠡᠶ᠋ᠢᠳᠡᠯᠡᠵᠠᠢ



     12 ᠰᠠᠷ᠎ᠠ ᠵᠢᠨ 12᠎ᠤᠨ ᠡᠳᠦᠷ᠂ ᠤᠯᠤᠰ᠎ᠤᠨ ᠲᠡᠷᠢᠬᠦᠯᠡᠭᠴᠢ ᠰᠢ ᠵᠢᠨ ᠫᠢᠩ ᠠᠭᠤᠷ ᠠᠮᠢᠰᠬᠤᠯ᠎ᠤᠨ ᠬᠤᠪᠢᠷᠠᠯᠳᠠ ᠵᠢ ᠠᠷᠭ᠋ᠠᠴᠠᠭ᠋ᠠᠬᠤ ᠠᠤᠭ᠎ᠠ ᠰᠠᠨᠠᠭ᠎ᠠ ᠡᠷᠡᠯᠭᠡᠭ ᠵᠤᠷᠢᠭ᠎ᠢ ᠬᠦᠪᠴᠢᠯᠡᠬᠦ ᠲᠦᠷᠦᠬᠦᠴᠤᠳ᠎ᠤᠨ ᠬᠤᠷᠠᠯ ᠳᠡᠭᠡᠷ᠎ᠠ ᠸᠢᠳᠢᠣ᠋ ᠭᠡᠯᠪᠡᠷᠢ᠎ᠪᠠᠷ 《ᠤᠷᠢᠳᠤᠬᠢ ᠵᠢ ᠵᠠᠯᠭ᠋ᠠᠮᠵᠢᠯᠠᠨ ᠬᠤᠶ᠋ᠢᠰᠢᠬᠢ᠎ᠳᠤ ᠵᠠᠮ ᠨᠡᠭᠡᠭᠡᠨ ᠦᠭᠴᠦ᠂ ᠪᠦᠬᠦ ᠪᠦᠮᠪᠦᠷᠴᠡᠭ᠎ᠤᠨ ᠠᠭᠤᠷ ᠠᠮᠢᠰᠬᠤᠯ᠎ᠤᠨ ᠬᠤᠪᠢᠷᠠᠯᠳᠠ ᠵᠢ ᠠᠷᠭ᠋ᠠᠴᠠᠭ᠋ᠠᠬᠤ ᠰᠢᠨ᠎ᠠ ᠠᠶᠠᠨ᠎ᠢ ᠡᠬᠢᠯᠡᠬᠦᠯᠦᠶ᠎ᠠ》 ᠭᠡᠬᠦ ᠰᠡᠳᠦᠪ ᠵᠶ᠋ᠠᠷ ᠴᠢᠬᠤᠯᠠ ᠶᠠᠷᠢᠶ᠎ᠠ ᠲᠠᠯᠪᠢᠵᠦ᠂ ᠳᠤᠮᠳᠠᠳᠤ ᠤᠯᠤᠰ᠎ᠤᠨ ᠪᠡᠶ᠎ᠠ᠎ᠪᠠᠨ ᠳᠠᠭ᠋ᠠᠭ᠋ᠠᠵᠦ ᠬᠤᠪᠢ ᠨᠡᠮᠡᠷᠢ ᠦᠵᠡᠬᠦᠯᠬᠦ ᠠᠯᠢ ᠤᠯᠠᠨ ᠰᠢᠨ᠎ᠠ ᠠᠷᠭ᠎ᠠ ᠭᠡᠮᠵᠢᠶ᠎ᠠ ᠵᠢ ᠨᠡᠶ᠋ᠢᠳᠡᠯᠡᠪᠡ᠃
      ᠰᠢᠨᠬᠤᠸᠠ ᠬᠤᠷᠢᠶᠠᠨ᠎ᠤ ᠰᠤᠷᠪᠤᠯᠵᠢᠯᠠᠬ᠍ᠴᠢ ᠵᠢᠤᠢ ᠫᠧᠩ ᠰᠡᠬᠦᠳᠡᠷᠯᠡᠪᠡ


      ᠰᠢᠨᠬᠤᠸᠠ ᠬᠤᠷᠢᠶᠠᠨ᠎ᠤ ᠪᠡᠭᠡᠵᠢᠩ᠎ᠤᠨ 12 ᠰᠠᠷ᠎ᠠ ᠵᠢᠨ 12᠎ᠤᠨ ᠴᠠᠬᠢᠯᠭ᠋ᠠᠨ ᠮᠡᠳᠡᠭᠡ ᠤᠯᠤᠰ᠎ᠤᠨ ᠲᠡᠷᠢᠬᠦᠯᠡᠭᠴᠢ ᠰᠢ ᠵᠢᠨ ᠫᠢᠩ 12᠎ᠤᠨ ᠡᠳᠦᠷ ᠠᠭᠤᠷ ᠠᠮᠢᠰᠬᠤᠯ᠎ᠤᠨ ᠬᠤᠪᠢᠷᠠᠯᠳᠠ ᠵᠢ ᠠᠷᠭ᠋ᠠᠴᠠᠭ᠋ᠠᠬᠤ ᠠᠤᠭ᠎ᠠ ᠰᠠᠨᠠᠭ᠎ᠠ ᠡᠷᠡᠯᠭᠡᠭ ᠵᠤᠷᠢᠭ᠎ᠢ ᠬᠦᠪᠴᠢᠯᠡᠬᠦ ᠲᠦᠷᠦᠬᠦᠴᠤᠳ᠎ᠤᠨ ᠬᠤᠷᠠᠯ ᠳᠡᠭᠡᠷ᠎ᠠ ᠸᠢᠳᠢᠣ᠋ ᠭᠡᠯᠪᠡᠷᠢ᠎ᠪᠠᠷ 《ᠤᠷᠢᠳᠤᠬᠢ ᠵᠢ ᠵᠠᠯᠭ᠋ᠠᠮᠵᠢᠯᠠᠨ ᠬᠤᠶ᠋ᠢᠰᠢᠬᠢ᠎ᠳᠤ ᠵᠠᠮ ᠨᠡᠭᠡᠭᠡᠨ ᠦᠭᠴᠦ᠂ ᠪᠦᠬᠦ ᠪᠦᠮᠪᠦᠷᠴᠡᠭ᠎ᠤᠨ ᠠᠭᠤᠷ ᠠᠮᠢᠰᠬᠤᠯ᠎ᠤᠨ ᠬᠤᠪᠢᠷᠠᠯᠳᠠ ᠵᠢ ᠠᠷᠭ᠋ᠠᠴᠠᠭ᠋ᠠᠬᠤ ᠰᠢᠨ᠎ᠠ ᠠᠶᠠᠨ᠎ᠢ ᠡᠬᠢᠯᠡᠬᠦᠯᠦᠶ᠎ᠠ》 ᠭᠡᠬᠦ ᠰᠡᠳᠦᠪ ᠵᠶ᠋ᠠᠷ ᠴᠢᠬᠤᠯᠠ ᠶᠠᠷᠢᠶ᠎ᠠ ᠲᠠᠯᠪᠢᠵᠦ᠂ ᠳᠤᠮᠳᠠᠳᠤ ᠤᠯᠤᠰ᠎ᠤᠨ ᠪᠡᠶ᠎ᠠ᠎ᠪᠠᠨ ᠳᠠᠭ᠋ᠠᠭ᠋ᠠᠵᠦ ᠬᠤᠪᠢ ᠨᠡᠮᠡᠷᠢ ᠦᠵᠡᠬᠦᠯᠬᠦ ᠠᠯᠢ ᠤᠯᠠᠨ ᠰᠢᠨ᠎ᠠ ᠠᠷᠭ᠎ᠠ ᠭᠡᠮᠵᠢᠶ᠎ᠠ ᠵᠢ ᠨᠡᠶ᠋ᠢᠳᠡᠯᠡᠪᠡ᠃
      ᠰᠢ ᠵᠢᠨ ᠫᠢᠩ᠂ 5 ᠵᠢᠯ᠎ᠤᠨ ᠡᠮᠦᠨ᠎ᠠ᠂ ᠡᠯ᠎ᠠ ᠤᠯᠤᠰ᠎ᠤᠨ ᠤᠳᠤᠷᠢᠳᠬᠤ ᠬᠦᠮᠦᠰ ᠬᠠᠮᠤᠭ᠎ᠤᠨ ᠶᠡᠭᠡ ᠤᠯᠤᠰ ᠲᠦᠷᠦ ᠵᠢᠨ ᠰᠢᠢ᠍ᠳᠮᠡᠭ ᠵᠤᠷᠢᠭ ᠪᠠ ᠤᠶᠤᠨ ᠤᠬᠠᠭ᠋ᠠᠨ ᠵᠶ᠋ᠠᠷ ᠠᠭᠤᠷ ᠠᠮᠢᠰᠬᠤᠯ᠎ᠤᠨ ᠬᠤᠪᠢᠷᠠᠯᠳᠠ ᠵᠢ ᠠᠷᠭ᠋ᠠᠴᠠᠭ᠋ᠠᠬᠤ 《ᠫᠠᠷᠢᠰ᠎ᠤᠨ ᠭᠡᠯᠡᠯᠴᠡᠭᠡᠷ》᠎ᠢ ᠲᠤᠬᠢᠷᠠᠯᠴᠠᠪᠠ᠃ 5 ᠵᠢᠯ᠎ᠤᠨ ᠲᠤᠷᠰᠢ᠂ 《ᠫᠠᠷᠢᠰ᠎ᠤᠨ ᠭᠡᠯᠡᠯᠴᠡᠭᠡᠷ》 ᠭᠡᠷᠡᠭᠵᠢᠬᠦᠯᠬᠦ ᠱᠠᠳᠤᠨ᠎ᠳᠠᠭᠠᠨ ᠤᠷᠤᠵᠦ᠂ ᠳᠡᠯᠡᠭᠡᠢ ᠨᠡᠶ᠋ᠢᠭᠡᠮ᠎ᠤᠨ ᠦᠷᠭᠡᠨ ᠳᠡᠯᠭᠡᠷ ᠳᠡᠮᠵᠢᠯᠭᠡ ᠪᠠ ᠤᠷᠤᠯᠴᠠᠯᠭ᠎ᠠ ᠵᠢ ᠬᠦᠷᠳᠡᠵᠡᠢ᠃ ᠤᠳᠤᠬᠠᠨ᠎ᠳᠤ᠂ ᠤᠯᠠᠨ ᠤᠯᠤᠰ᠎ᠤᠨ ᠪᠠᠶ᠋ᠢᠷᠢᠰᠢᠯ ᠲᠦᠷᠭᠡᠨ ᠬᠤᠪᠢᠰᠴᠦ᠂ ᠰᠢᠨ᠎ᠠ ᠳᠢᠳᠢᠮᠯᠢᠭ ᠠᠭᠤᠰᠬᠢᠨ ᠦᠷᠪᠢᠰᠤᠯ᠎ᠤᠨ ᠬᠢᠵᠢᠭ᠎ᠤᠨ ᠪᠠᠶ᠋ᠢᠳᠠᠯ᠎ᠨᠢ ᠬᠦᠮᠦᠨ ᠪᠤᠯᠤᠨ ᠡᠭᠡ ᠪᠠᠶ᠋ᠢᠭ᠋ᠠᠯᠢ ᠵᠢᠨ ᠬᠠᠷᠢᠴᠠᠭ᠋ᠠᠨ᠎ᠤ ᠲᠤᠬᠠᠢ ᠬᠦᠨᠵᠡᠭᠡᠢ ᠪᠤᠳᠤᠯᠬᠢᠯᠠᠭᠤᠯᠵᠦ᠂ ᠪᠦᠬᠦ ᠪᠦᠮᠪᠦᠷᠴᠡᠭ᠎ᠤᠨ ᠠᠭᠤᠷ ᠠᠮᠢᠰᠬᠤᠯ᠎ᠤᠨ ᠬᠤᠪᠢᠷᠠᠯᠳᠠ ᠵᠢᠨ ᠠᠯᠤᠰ ᠢᠷᠡᠭᠡᠳᠦᠢ ᠨᠡᠩ ᠠᠩᠬᠠᠷᠤᠯ᠎ᠢ ᠳᠠᠳᠠᠬᠤ ᠪᠤᠯᠵᠠᠢ ᠭᠡᠵᠦ ᠴᠢᠬᠤᠯᠠᠴᠢᠯᠠᠪᠠ᠃
      ᠰᠢ ᠵᠢᠨ ᠫᠢᠩ 3 ᠲᠠᠯ᠎ᠠ ᠵᠢᠨ ᠰᠠᠨᠠᠭ᠋ᠠᠴᠢᠯᠠᠭ᠎ᠠ ᠳᠤᠷᠠᠳᠪᠠ᠃
      ᠨᠢᠭᠡᠳᠦᠭᠡᠷ᠎ᠲᠤ᠂ ᠪᠦᠯᠬᠦᠮᠳᠡᠨ ᠰᠡᠳᠬᠢᠯ ᠨᠢᠭᠡᠳᠴᠦ᠂ ᠬᠠᠮᠳᠤᠷᠠᠯᠴᠠᠵᠦ ᠬᠠᠮᠳᠤ᠎ᠪᠠᠷ ᠠᠰᠢᠬ ᠬᠦᠷᠳᠡᠬᠦ ᠠᠭᠤᠷ ᠠᠮᠢᠰᠬᠤᠯ᠎ᠤᠨ ᠵᠠᠰᠠᠯᠳᠠ ᠵᠢᠨ ᠰᠢᠨ᠎ᠠ ᠪᠠᠶ᠋ᠢᠳᠠᠯ᠎ᠢ ᠡᠬᠦᠳᠦᠶ᠎ᠠ᠃ ᠠᠭᠤᠷ ᠠᠮᠢᠰᠬᠤᠯ᠎ᠤᠨ ᠬᠤᠪᠢᠷᠠᠯᠳᠠ ᠵᠢᠨ ᠦᠷᠢᠰᠦᠯᠳᠦᠭᠡᠨ᠎ᠤ ᠡᠮᠦᠨ᠎ᠠ᠂ ᠬᠦᠮᠦᠨ ᠲᠦᠷᠦᠯᠬᠢᠳᠡᠨ ᠬᠤᠪᠢ ᠵᠠᠶᠠᠭ᠎ᠠ᠎ᠪᠠᠨ ᠬᠠᠮᠳᠤᠳᠬᠠᠬᠤ ᠴᠢᠬᠤᠯᠠᠳᠠᠢ ᠶᠤᠮ᠃ ᠳᠤᠮᠳᠠᠳᠤ ᠵᠢᠨ ᠲᠠᠯ᠎ᠠ ᠡᠯ᠎ᠠ ᠤᠯᠤᠰ᠎ᠤᠨ᠎ᠬᠢᠨ 《ᠫᠠᠷᠢᠰ᠎ᠤᠨ ᠭᠡᠯᠡᠯᠴᠡᠭᠡᠷ》᠎ᠢ ᠳᠡᠮᠵᠢᠵᠦ᠂ ᠠᠭᠤᠷ ᠠᠮᠢᠰᠬᠤᠯ᠎ᠤᠨ ᠬᠤᠪᠢᠷᠠᠯᠳᠠ ᠵᠢ ᠠᠷᠭ᠋ᠠᠴᠠᠭ᠋ᠠᠬᠤ᠎ᠳᠤ ᠨᠡᠩ ᠶᠡᠭᠡ ᠬᠤᠪᠢ ᠨᠡᠮᠡᠷᠢ ᠦᠵᠡᠬᠦᠯᠬᠦ ᠵᠢ ᠪᠡᠶᠠᠷᠯᠠᠨ ᠤᠬᠳᠤᠵᠦ ᠪᠠᠶ᠋ᠢᠨ᠎ᠠ᠃
      ᠬᠤᠶᠠᠳᠤᠭ᠋ᠠᠷ᠎ᠲᠤ᠂ ᠠᠤᠭ᠎ᠠ ᠰᠠᠨᠠᠭ᠎ᠠ ᠡᠷᠡᠯᠭᠡᠭ ᠵᠤᠷᠢᠭ ᠵᠶ᠋ᠠᠨ ᠬᠦᠪᠴᠢᠯᠡᠵᠤ᠂ ᠴᠢᠳᠠᠯ᠎ᠤᠨ ᠵᠶ᠋ᠠᠨ ᠬᠢᠷᠢ᠎ᠪᠠᠷ ᠴᠢᠷᠮᠠᠶ᠋ᠢᠬᠤ ᠠᠭᠤᠷ ᠠᠮᠢᠰᠬᠤᠯ᠎ᠤᠨ ᠬᠤᠪᠢᠷᠠᠯᠳᠠ ᠵᠢ ᠠᠷᠭ᠋ᠠᠴᠠᠭ᠋ᠠᠬᠤ ᠵᠠᠰᠠᠯᠳᠠ ᠵᠢᠨ ᠰᠢᠰᠲ᠋ᠧᠮ᠎ᠢ ᠪᠦᠷᠢᠯᠳᠤᠬᠦᠯᠦᠶ᠎ᠡ᠃ ᠡᠯ᠎ᠡ ᠤᠯᠤᠰ᠎ᠤᠨ᠎ᠬᠢᠨ ᠬᠠᠮᠳᠤ ᠵᠢᠨ ᠪᠤᠯᠪᠠᠴᠤ ᠢᠯᠭ᠋ᠠᠭ᠎ᠠ᠎ᠲᠠᠢ ᠪᠠᠶ᠋ᠢᠬᠤ ᠬᠠᠷᠢᠭᠤᠴᠠᠯᠭ᠎ᠠ ᠵᠢᠨ ᠵᠠᠷᠴᠢᠮ᠎ᠢ ᠵᠢᠷᠤᠮᠯᠡᠵᠤ᠂ ᠤᠯᠤᠰ᠎ᠤᠨ ᠪᠠᠶ᠋ᠢᠳᠠᠯ ᠪᠤᠯᠤᠨ ᠴᠢᠳᠠᠪᠤᠷᠢ᠎ᠪᠠᠨ ᠦᠨᠳᠤᠰᠤᠯᠡᠨ᠂ ᠬᠠᠮᠤᠭ᠎ᠤᠨ ᠶᠡᠭᠡ ᠬᠡᠮᠵᠢᠶ᠎ᠡ᠎ᠪᠠᠷ ᠠᠵᠢᠯᠯᠠᠭ᠎ᠠ᠎ᠪᠠᠨ ᠴᠢᠩᠭ᠋ᠠᠳᠬᠠᠪᠡᠯ ᠵᠤᠬᠢᠨ᠎ᠡ᠃ ᠬᠦᠭᠵᠢᠭᠰᠡᠨ ᠤᠯᠤᠰ᠎ᠤᠳ ᠬᠦᠭᠵᠢᠵᠤ ᠪᠠᠶ᠋ᠢᠭ᠎ᠠ ᠤᠯᠤᠰ᠎ᠤᠳ᠎ᠲᠤ ᠪᠡᠯᠡ ᠮᠦᠡᠭᠭᠦ᠂ ᠮᠡᠷᠭᠡᠵᠢᠯ᠂ ᠴᠢᠳᠠᠪᠤᠷᠢ ᠵᠢᠨ ᠪᠠᠶ᠋ᠢᠭᠤᠯᠤᠯᠳᠠ ᠵᠢᠨ ᠲᠠᠮᠵᠢᠯᠭᠡ ᠦᠵᠡᠬᠦᠯᠬᠦ᠎ᠪᠠᠨ ᠦᠨᠡᠨ ᠬᠦ᠌ ᠨᠡᠮᠡᠭᠳᠡᠬᠦᠯᠬᠦ ᠪᠤᠯᠳᠤᠭ᠋ᠠᠢ᠃
      ᠭᠤᠷᠪᠠᠳᠤᠭ᠋ᠠᠷ᠎ᠲᠤ᠂ ᠢᠳᠡᠭᠡᠯ ᠵᠤᠷᠢᠭ ᠵᠶ᠋ᠠᠨ ᠪᠠᠳᠤᠳᠬᠠᠵᠦ᠂ ᠪᠤᠬᠢᠷᠳᠤᠯ ᠦᠭᠡᠢ᠎ᠪᠠᠷ ᠰᠡᠷᠬᠦᠭᠡᠬᠦ ᠠᠭᠤᠷ ᠠᠮᠢᠰᠬᠤᠯ᠎ᠤᠨ ᠬᠤᠪᠢᠷᠠᠯᠳᠠ ᠵᠢ ᠠᠷᠭ᠋ᠠᠴᠠᠭ᠋ᠠᠬᠤ ᠵᠠᠰᠠᠯᠳᠠ ᠵᠢᠨ ᠰᠢᠨ᠎ᠡ ᠰᠡᠳᠬᠢᠴᠠ ᠵᠢ ᠪᠠᠷᠢᠮᠳᠡᠯᠡᠶ᠎ᠡ᠃ ᠪᠤᠬᠢᠷᠳᠤᠯ ᠦᠭᠡᠢ ᠨᠡᠬᠦᠷᠡᠰᠦᠳᠦ᠋ᠷᠦᠭᠴᠢ ᠪᠠᠭ᠎ᠠ ᠭᠠᠳᠠᠬᠰᠢᠯᠠᠭᠤᠯᠬᠤ ᠦᠢ᠍ᠯᠡᠳᠪᠤᠷᠢᠯᠡᠯ ᠠᠮᠢᠳᠤᠷᠠᠯ᠎ᠤᠨ ᠠᠷᠭ᠎ᠠ ᠬᠡᠯᠪᠡᠷᠢ ᠵᠢ ᠶᠡᠭᠡ᠎ᠪᠠᠷ ᠰᠠᠨᠠᠭ᠋ᠠᠴᠢᠯᠠᠵᠤ᠂ ᠪᠤᠬᠢᠷᠳᠤᠯ ᠦᠭᠡᠢ ᠬᠦᠭᠵᠢᠯᠳᠠ ᠵᠢᠨ ᠲᠤᠮᠳᠠ᠎ᠠᠴᠠ ᠬᠦᠭᠵᠢᠯᠳᠠ ᠵᠢᠨ ᠠᠵᠠ ᠲᠤᠬᠢᠶᠠᠯ ᠪᠠ ᠬᠦᠳᠡᠯᠭᠡᠬᠦ ᠬᠦᠴᠤ ᠵᠢ ᠡᠷᠢᠯᠬᠢᠯᠡᠶ᠎ᠡ᠃
      ᠰᠢ ᠵᠢᠨ ᠫᠢᠩ᠂ ᠲᠤᠮᠳᠠᠳᠤ ᠤᠯᠤᠰ ᠠᠭᠤᠷ ᠠᠮᠢᠰᠬᠤᠯ᠎ᠤᠨ ᠬᠤᠪᠢᠷᠠᠯᠳᠠ ᠵᠢ ᠠᠷᠭ᠋ᠠᠴᠠᠭ᠋ᠠᠬᠤ 《ᠫᠠᠷᠢᠰ᠎ᠤᠨ ᠬᠡᠯᠡᠯᠴᠡᠭᠡᠷ》᠎ᠢ ᠲᠤᠬᠢᠷᠠᠯᠴᠠᠬᠤ᠎ᠳᠤ ᠴᠢᠬᠤᠯᠠ ᠬᠤᠪᠢ ᠨᠠᠮᠠᠷᠢ ᠦᠵᠡᠬᠦᠯᠦᠭᠰᠡᠨ ᠶᠤᠮ᠂ 《ᠫᠠᠷᠢᠰ᠎ᠤᠨ ᠬᠡᠯᠡᠯᠴᠡᠭᠡᠷ》᠎ᠢ ᠨᠠᠶ᠋ᠢᠳᠠᠪᠤᠷᠢᠵᠢᠭᠤᠯᠬᠤ ᠢᠳᠡᠪᠬᠢᠳᠠᠢ ᠦᠢ᠍ᠯᠡᠳᠦᠯᠭᠡᠵᠢᠬᠦᠯᠦᠭᠴᠢ ᠪᠤᠯᠤᠨ᠎ᠡ᠃ ᠲᠤᠮᠳᠠᠳᠤ ᠤᠯᠤᠰ ᠨᠢᠭᠡᠨᠳᠠ ᠤᠯᠤᠰ᠎ᠤᠨ ᠪᠡᠶ ᠎ᠠ᠎ᠪᠠᠨ ᠳᠠᠭ᠋ᠠᠭ᠋ᠠᠵᠦ ᠬᠤᠪᠢ ᠨᠠᠮᠡᠷᠢ ᠦᠵᠡᠬᠦᠯᠬᠦ ᠡᠷᠴᠢᠮ ᠵᠶ᠋ᠠᠨ ᠴᠢᠩᠭ᠋ᠠᠷᠠᠭᠤᠯᠬᠤ᠎ᠪᠠᠷ ᠨᠡᠶ᠋ᠢᠳᠡᠯᠡᠪᠠ᠂ ᠪᠢ ᠠᠳᠡ᠄ 2030 ᠤᠨ ᠪᠤᠯᠬᠤ᠎ᠳᠤ᠂ ᠲᠤᠮᠳᠠᠳᠤ ᠤᠯᠤᠰ᠎ᠤᠨ ᠨᠢᠭᠡᠴᠢ ᠤᠯᠤᠰ᠎ᠤᠨ ᠲᠤᠳᠤᠭ᠋ᠠᠳᠤ ᠵᠢᠨ ᠦᠢ᠍ᠯᠡᠳᠪᠤᠷᠢᠯᠡᠯ᠎ᠤᠨ ᠶᠡᠷᠤᠩᠭᠡᠢ ᠦᠷᠳᠡᠭ᠎ᠤᠨ ᠨᠡᠬᠦᠷᠡᠰᠦᠳᠦ᠋ᠷᠦᠭᠴᠢ ᠵᠢᠨ ᠲᠠᠪᠬᠤᠷ ᠢᠰᠤᠯ᠎ᠢ ᠭᠠᠳᠠᠬᠰᠢᠯᠠᠭᠤᠯᠬᠤ ᠬᠡᠮᠵᠢᠶ᠎ᠡ ᠵᠢ 2005 ᠤᠨ᠎ᠤ᠎ᠬᠢ᠎ᠠᠴᠠ 65% ᠢᠯᠡᠬᠦᠦ ᠲᠤᠷᠤᠬᠰᠢᠯᠠᠭᠤᠯᠵᠤ᠂ ᠴᠢᠯᠠᠭᠤᠵᠢᠮᠠᠯ ᠪᠤᠰᠤ ᠡᠨᠧᠷᠬᠢ ᠵᠢᠨ ᠠᠩᠬᠠᠳᠠᠬ᠍ᠴᠢ ᠡᠨᠧᠷᠬᠢ ᠵᠢᠨ ᠭᠡᠷᠡᠭᠯᠡᠭᠡ᠎ᠳᠠᠬᠢ ᠡᠵᠡᠯᠡᠬᠦ ᠬᠠᠷᠢᠴᠠᠯ᠎ᠢ 25% ᠰᠢᠬᠠᠮ᠎ᠳᠤ ᠬᠦᠷᠭᠡᠵᠤ᠂ ᠤᠢ ᠰᠢᠭᠤᠢ ᠵᠢᠨ ᠬᠠᠳᠠᠭ᠋ᠠᠯᠠᠬᠳᠠᠴᠠ ᠵᠢ 2005 ᠤᠨ᠎ᠤ᠎ᠬᠢ᠎ᠠᠴᠠ 60 ᠳ᠋ᠦᠡᠭᠰᠢᠭᠤᠷ ᠪᠤᠰᠤᠭ᠎ᠠ ᠲᠦᠷᠪᠡᠯᠵᠢᠨ ᠮᠧᠳ᠋ᠷ ᠨᠡᠮᠡᠭᠳᠡᠬᠦᠯᠵᠤ᠂ ᠰᠠᠯᠬᠢᠨ ᠬᠦᠴᠤ᠎ᠪᠠᠷ ᠴᠠᠬᠢᠯᠭ᠋ᠠᠨ ᠭᠠᠷᠭ᠋ᠠᠬᠤ᠂ ᠨᠠᠷᠠᠨ᠎ᠤ ᠡᠨᠧᠷᠬᠢ᠎ᠪᠠᠷ ᠴᠠᠬᠢᠯᠭ᠋ᠠᠨ ᠭᠠᠷᠭ᠋ᠠᠬᠤ ᠮᠠᠰᠢᠨ ᠴᠤᠬ᠍ᠴᠠᠯᠠᠪᠤᠷᠢ ᠵᠢᠨ ᠶᠡᠷᠤᠩᠭᠡᠢ ᠭᠡᠮᠵᠢᠶ᠎ᠠ ᠵᠢ 12 ᠳ᠋ᠦᠡᠭᠰᠢᠭᠤᠷ ᠺᠢᠯᠤᠸᠠᠲ᠎ᠠᠴᠠ ᠲᠡᠭᠡᠭᠰᠢ᠎ᠳᠤ ᠬᠦᠷᠭᠡᠨ᠎ᠡ ᠭᠡᠵᠦ ᠤᠯᠠᠮ ᠴᠢᠨᠠᠬᠰᠢᠳᠠ ᠨᠡᠶ᠋ᠢᠳᠡᠯᠡᠰᠦᠭᠡᠢ᠃
      ᠳᠤᠮᠳᠠᠳᠤ ᠤᠯᠤᠰ ᠶᠠᠷᠤ᠎ᠠᠴᠠ ᠢᠳᠡᠬᠡᠯ᠎ᠲᠠᠢ ᠪᠠᠶ᠋ᠢᠬᠤ ᠵᠢ ᠴᠢᠬᠤᠯᠠᠴᠢᠯᠠᠵᠤ ᠠᠮᠠᠯᠠᠯᠳᠠ᠎ᠪᠠᠨ ᠰᠠᠬᠢᠵᠤ᠂ ᠰᠢᠨ᠎ᠠ ᠬᠦᠭᠵᠢᠯᠳᠠ ᠵᠢᠨ ᠤᠢ᠍ᠢ᠍ᠯᠠᠭ᠋ᠠᠭᠳᠠᠬᠤᠨ ᠵᠶ᠋ᠠᠷ ᠤᠳᠤᠷᠢᠳᠤᠮᠵᠢ ᠪᠤᠯᠭ᠋ᠠᠵᠤ᠂ ᠴᠢᠨᠠᠷ ᠰᠠᠶ᠋ᠢᠳᠠᠢ ᠬᠦᠭᠵᠢᠯᠳᠠ ᠵᠢ ᠠᠬᠢᠭᠤᠯᠬᠤ ᠶᠠᠪᠤᠴᠠ᠎ᠳᠤ ᠠᠵᠤ ᠠᠬᠤᠢ ᠨᠡᠶ᠋ᠢᠬᠡᠮ᠎ᠤᠨ ᠬᠦᠭᠵᠢᠯᠳᠠ ᠵᠢᠨ ᠪᠦᠬᠦ ᠲᠠᠯ᠎ᠠ᠎ᠪᠠᠷ ᠪᠤᠬᠢᠷᠳᠤᠯ ᠦᠬᠡᠢ ᠬᠦᠭᠵᠢᠯᠳᠠ ᠲᠡᠶ᠋ᠢᠰᠢ ᠰᠢᠯᠵᠢᠬᠦ ᠵᠢ ᠠᠬᠢᠭᠤᠯᠵᠤ᠂ ᠲᠡᠭᠡᠷ᠎ᠠ ᠲᠤᠷᠠᠳᠤᠬᠰᠠᠨ ᠬᠠᠷᠠᠯᠳᠠ ᠵᠢ ᠯᠠᠪᠳᠠᠭᠤᠨ ᠪᠠᠳᠤᠳᠠᠢ ᠨᠠᠶ᠋ᠢᠳᠠᠪᠤᠷᠢᠵᠢᠭᠤᠯᠵᠤ᠂ ᠪᠦᠬᠦ ᠪᠦᠮᠪᠦᠷᠴᠡᠭ᠎ᠤᠨ ᠠᠭᠤᠷ ᠠᠮᠢᠰᠬᠤᠯ᠎ᠤᠨ ᠬᠤᠪᠢᠷᠠᠯᠳᠠ ᠵᠢ ᠠᠷᠭ᠋ᠠᠴᠠᠭ᠋ᠠᠬᠤ᠎ᠳᠤ ᠨᠡᠩ ᠶᠡᠭᠡ ᠬᠤᠪᠢ ᠨᠡᠮᠡᠷᠢ ᠦᠵᠡᠬᠦᠯᠤᠨ᠎ᠠ ᠬᠡᠵᠤ ᠴᠢᠬᠤᠯᠠᠴᠢᠯᠠᠪᠠ᠃
      ᠰᠢ ᠵᠢᠨ ᠫᠢᠩ ᠶᠠᠷᠢᠶᠠᠨ᠎ᠤ᠎ᠪᠠᠨ ᠲᠡᠬᠦᠰᠬᠡᠯ᠎ᠳᠤ᠂ 《ᠬᠦᠬᠡ ᠲᠡᠭᠷᠢ ᠦᠭᠡ ᠬᠡᠯᠡᠵᠦ ᠴᠢᠳᠠᠬᠤ ᠦᠭᠡᠢ ᠪᠤᠯᠪᠠᠴᠤ ᠲᠦᠷᠪᠡᠨ ᠤᠯᠠᠷᠢᠯ ᠬᠡᠪ ᠵᠶ᠋ᠠᠷ ᠤᠷᠴᠢᠵᠤ᠂ ᠬᠦᠷᠤᠰᠤᠳᠤ ᠲᠡᠯᠡᠬᠡᠢ ᠦᠭᠡ ᠬᠡᠯᠡᠵᠦ ᠴᠢᠳᠠᠬᠤ ᠦᠭᠡᠢ ᠪᠤᠯᠪᠠᠴᠦ ᠲᠦᠮᠡᠨ ᠪᠤᠳᠠᠰ ᠵᠢᠮ᠎ᠡ᠎ᠪᠠᠷ ᠠᠮᠢᠯᠠᠨ᠎ᠠ》᠃ ᠲᠡᠯᠡᠬᠡᠢ ᠵᠢᠨ ᠪᠦᠮᠪᠦᠷᠴᠡᠭ ᠪᠤᠯ ᠬᠦᠮᠤᠨ ᠲᠦᠷᠤᠯᠬᠢᠳᠠᠨ᠎ᠤ ᠬᠠᠮᠳᠤ ᠵᠢᠨ ᠴᠤᠷ᠎ᠤᠨ ᠭᠠᠭᠴᠠ ᠭᠡᠷ ᠤᠷᠤᠨ ᠶᠤᠮ᠃ ᠤᠷᠢᠳᠤᠬᠢ ᠵᠢ ᠵᠠᠯᠭ᠋ᠠᠮᠵᠢᠯᠠᠨ ᠬᠤᠶ᠋ᠢᠰᠢᠬᠢ᠎ᠳᠤ ᠵᠠᠮ ᠨᠡᠬᠡᠬᠡᠨ ᠦᠭᠴᠤ᠂ ᠮᠦᠷᠤ ᠵᠡᠷᠬᠡᠴᠡᠨ ᠤᠷᠤᠬᠰᠢᠯᠠᠵᠤ᠂ 《ᠫᠠᠷᠢᠰ᠎ᠤᠨ ᠬᠡᠯᠡᠯᠴᠡᠬᠡᠷ》 ᠯᠠᠪᠳᠠᠭᠤᠨ ᠪᠠᠳᠤᠳᠠᠢ᠎ᠪᠠᠷ ᠬᠡᠷᠡᠭᠵᠢᠭᠦᠯᠦᠭᠳᠡᠬᠦ᠎ᠳᠤ ᠬᠦᠴᠤ ᠨᠠᠮᠡᠷᠢᠯᠠᠵᠤ᠂ ᠪᠦᠬᠦ ᠪᠦᠮᠪᠦᠷᠴᠡᠭ᠎ᠤᠨ ᠠᠭᠤᠷ ᠠᠮᠢᠰᠬᠤᠯ᠎ᠤᠨ ᠬᠤᠪᠢᠷᠠᠯᠳᠠ ᠵᠢ ᠠᠷᠠᠭ᠋ᠠᠴᠠᠭ᠋ᠠᠬᠤ ᠰᠢᠨ᠎ᠠ ᠠᠶᠠᠨ᠎ᠢ ᠡᠬᠢᠯᠡᠬᠦᠯᠤᠶ᠎ᠠ! ᠬᠡᠵᠤ ᠴᠢᠬᠤᠯᠠᠴᠢᠯᠠᠪᠠ᠃
      ᠠᠭᠤᠷ ᠠᠮᠢᠰᠬᠤᠯ᠎ᠤᠨ ᠬᠤᠪᠢᠷᠠᠯᠳᠠ ᠵᠢ ᠠᠷᠠᠭ᠋ᠠᠴᠠᠭ᠋ᠠᠬᠤ ᠠᠤᠭ᠎ᠠ ᠰᠠᠨᠠᠭ᠎ᠠ ᠡᠷᠡᠯᠭᠡᠭ ᠵᠤᠷᠢᠬ᠎ᠢ ᠬᠦᠪᠴᠢᠯᠡᠬᠦ ᠲᠦᠷᠤᠬᠦᠴᠤᠳ᠎ᠤᠨ ᠬᠤᠷᠠᠯ᠎ᠢ ᠤᠯᠠᠨ ᠤᠯᠤᠰ᠎ᠤᠨ ᠬᠤᠯᠪᠤᠭ᠋ᠠᠳᠤ ᠪᠠᠶ᠋ᠢᠭᠤᠯᠭ᠎ᠠ ᠵᠢᠴᠢ ᠬᠤᠯᠪᠤᠬᠳᠠᠯ ᠪᠦᠬᠦᠢ ᠤᠯᠤᠰ᠎ᠤᠳ᠎ᠤᠨ ᠰᠠᠨᠠᠭ᠋ᠠᠴᠢᠯᠠᠭ᠎ᠠ᠎ᠪᠠᠷ ᠬᠢᠵᠤ᠂ 《ᠫᠠᠷᠢᠰ᠎ᠤᠨ ᠬᠡᠯᠡᠯᠴᠡᠬᠡᠷ》᠎ᠢ ᠲᠤᠬᠢᠷᠠᠯᠴᠠᠬᠰᠠᠨ 5 ᠵᠢᠯ᠎ᠤᠨ ᠤᠢ ᠵᠢ ᠲᠤᠷᠠᠰᠬᠠᠵᠤ᠂ ᠲᠡᠯᠡᠬᠡᠢ ᠨᠡᠶ᠋ᠢᠬᠡᠮ᠎ᠢ ᠴᠢᠨᠠᠬᠰᠢᠳᠠ ᠲᠠᠶ᠋ᠢᠴᠢᠯᠠᠨ ᠠᠭᠤᠷ ᠠᠮᠢᠰᠬᠤᠯ᠎ᠤᠨ ᠠᠵᠢᠯᠯᠠᠭ᠎ᠠ᠎ᠪᠠᠨ ᠴᠢᠩᠭ᠋ᠠᠳᠬᠠᠵᠤ᠂ ᠤᠯᠠᠨ ᠲᠠᠯ᠎ᠠ ᠵᠢᠨ ᠠᠬᠢᠴᠠ ᠵᠢ ᠠᠬᠢᠭᠤᠯᠬᠤ᠎ᠪᠠᠷ ᠵᠤᠷᠢᠯᠳᠠ᠎ᠪᠠᠨ ᠪᠤᠯᠭ᠋ᠠᠵᠠᠢ᠃

ᠢᠷᠡᠯᠲᠡ᠄ ᠦᠪᠦᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠪᠦᠯᠬᠦᠮᠳᠡᠯ᠂ ᠡᠭᠦᠷᠭᠡᠯᠡᠯ᠂ ᠰᠢᠨᠵᠢᠯᠡᠬᠦ ᠣᠬᠠᠭ᠋ᠠᠨ
ᠳᠤᠮᠳᠠᠳᠦ ᠤᠯᠤᠰ᠎ᠤᠨ ᠡᠪ ᠬᠠᠮᠲᠦ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠳᠠᠪᠤᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠰᠣᠷᠤᠯᠴᠠᠨ ᠲᠤᠭᠤᠰᠢᠯᠠᠭᠤᠯᠤᠶ᠎ᠠ
2020 ᠣᠨ᠎ᠤ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠠᠴᠠ ᠰᠢ ᠵᠢᠨ ᠫᠢᠩ ᠨᠥᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶ᠎ᠠ 《ᠠᠷᠪᠠᠨ ᠳᠥᠷᠪᠡᠳᠦᠭᠡᠷ ᠲᠠᠪᠤᠨ ᠵᠢᠯ》᠎ᠤᠨ ᠡᠬᠢᠯᠡᠯᠲᠡ ᠵᠢᠨ ᠠᠯᠬᠤᠮ᠎ᠢ ᠲᠥᠯᠦᠪᠵᠢᠭᠦᠯᠦᠭᠰᠡᠨ᠎ᠢ ᠠᠵᠢᠬᠤ᠎ᠨᠢ
《ᠬᠤᠨ ᠭᠠᠯᠠᠭᠤ》 ᠰᠡᠳᠭᠦᠯ
ᠪᠦ᠋ ᠰᠢᠶᠤᠤ ᠯᠢᠨ ᠬᠢᠵᠢᠭ᠎ᠤᠨ ᠪᠠᠶ᠋ᠢᠳᠠᠯ᠎ᠢ ᠰᠡᠷᠬᠡᠶ᠋ᠢᠯᠡᠨ ᠡᠵᠡᠮᠳᠡᠬᠦ ᠠᠵᠢᠯ᠎ᠳᠤ ᠲᠤᠬᠢᠷᠠᠭᠤᠯᠤᠯᠳᠠ ᠬᠢᠪᠠ
 
            