ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠪᠦᠯᠬᠦᠮᠳᠡᠯ᠂ ᠡᠭᠦᠷᠭᠡᠯᠡᠯ᠂ ᠰᠢᠨᠵᠢᠯᠡᠬᠦ ᠣᠬᠠᠭ᠋ᠠᠨ
ᠨᠡᠶᠢᠲᠡᠯᠡᠭᠰᠡᠨ ᠴᠠᠭ᠄ 2020-12-22

     — ᠲᠡᠷᠢᠬᠦᠯᠡᠭᠴᠢ ᠰᠢ ᠵᠢᠨ ᠫᠢᠩ᠎ᠤᠨ ᠲᠡᠯᠡᠬᠡᠢ ᠵᠢᠨ ᠡᠷᠡᠬᠦᠯ ᠬᠠᠮᠠᠭ᠋ᠠᠯᠠᠯ᠎ᠤᠨ ᠶᠡᠭᠡ ᠬᠤᠷᠡᠯ᠎ᠤᠨ ᠸᠢᠳᠢᠣ᠋ ᠬᠤᠷᠡᠯ᠎ᠤᠨ ᠡᠬᠢᠯᠡᠯᠳᠡ ᠵᠢᠨ ᠶᠤᠰᠤᠯᠠᠯ ᠲᠡᠬᠡᠷᠡᠬᠢ ᠪᠠᠶᠠᠷ᠎ᠤᠨ ᠦᠬᠡ᠎ᠠᠴᠠ ᠲᠠᠮᠵᠢᠭᠤᠯᠤᠬᠰᠠᠠ ᠵᠠᠩᠬᠢᠯᠠᠭ᠎ᠠ ᠵᠢᠨ ᠮᠡᠳᠡᠭᠡ ᠵᠠᠩᠬᠢ
   
      ᠬᠦᠮᠥᠨ ᠲᠦᠷᠦᠯᠬᠢᠳᠡᠨ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠲᠠᠢ ᠲᠡᠮᠡᠴᠡᠵᠥ ᠪᠠᠶ᠋ᠢᠭ᠎ᠠ ᠵᠠᠩᠬᠢᠯᠠᠭ᠎ᠠ ᠵᠢᠨ ᠦᠶ᠎ᠡ᠎ᠳᠤ᠂ 73 ᠳ᠋ᠤᠭ᠋ᠠᠷ ᠬᠤᠭᠤᠴᠠᠭ᠋ᠠᠨ᠎ᠤ ᠳᠡᠯᠡᠬᠡᠢ ᠵᠢᠨ ᠡᠷᠡᠭᠦᠯ ᠬᠠᠮᠠᠭ᠋ᠠᠯᠠᠯ᠎ᠤᠨ ᠶᠡᠭᠡ ᠬᠤᠷᠠᠯ᠎ᠤᠨ ᠸᠢᠳᠢᠣ᠋ ᠬᠤᠷᠠᠯ ᠪᠡᠭᠡᠵᠢᠩ᠎ᠤᠨ ᠴᠠᠭ ᠵᠶ᠋ᠠᠷ 18᠎ᠤ ᠤᠷᠤᠢ ᠡᠬᠢᠯᠡᠨ ᠬᠤᠷᠠᠯᠳᠤᠪᠠ᠃ ᠲᠤᠮᠳᠠᠳᠤ ᠤᠯᠤᠰ᠎ᠤᠨ ᠤᠯᠤᠰ᠎ᠤᠨ ᠲᠡᠷᠢᠬᠦᠯᠡᠭᠴᠢ ᠰᠢ ᠵᠢᠨ ᠫᠢᠩ ᠡᠬᠢᠯᠡᠯᠳᠡ ᠵᠢᠨ ᠶᠤᠰᠤᠯᠠᠯ ᠲᠡᠭᠡᠷ᠎ᠡ 《ᠪᠦᠯᠬᠦᠮᠳᠡᠨ ᠬᠠᠮᠳᠤᠷᠠᠯᠴᠠᠵᠤ ᠬᠢᠵᠢᠭ᠎ᠤᠨ ᠪᠠᠶ᠋ᠢᠳᠠᠯ᠎ᠢ ᠳᠠᠶ᠋ᠢᠯᠠᠨ ᠢᠯᠠᠵᠤ ᠬᠦᠮᠦᠨ ᠲᠦᠷᠦᠯᠬᠢᠳᠡᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠬᠠᠮᠳᠦ ᠵᠢᠨ ᠴᠤᠭᠴᠠ ᠵᠢ ᠬᠠᠮᠳᠦ᠎ᠪᠠᠷ ᠪᠠᠶ᠋ᠢᠭᠤᠯᠤᠶ᠎ᠠ》 ᠬᠡᠬᠦ ᠰᠡᠳᠦᠪ᠎ᠲᠠᠢ ᠪᠠᠶᠠᠷ᠎ᠤᠨ ᠦᠬᠡ ᠬᠡᠯᠡᠪᠡ᠃
      ᠲᠡᠷᠢᠬᠦᠯᠡᠭᠴᠢ ᠰᠢ ᠵᠢᠨ ᠫᠢᠩ ᠪᠦᠬᠦ ᠪᠦᠮᠪᠦᠷᠴᠡᠭ ᠵᠶ᠋ᠠᠷ ᠵᠶ᠋ᠠᠨ ᠬᠢᠵᠢᠭ᠎ᠲᠠᠢ ᠲᠡᠮᠡᠴᠡᠵᠥ ᠪᠠᠶ᠋ᠢᠭ᠎ᠠ ᠠᠯᠢ ᠤᠯᠠᠨ ᠲᠤᠯᠭ᠋ᠠᠮ ᠪᠠ ᠠᠯᠤᠰ ᠬᠡᠳᠤ ᠵᠢᠨ ᠠᠰᠠᠭᠤᠳᠠᠯ᠎ᠳᠤ ᠰᠢᠭᠤᠳ ᠬᠠᠨᠳᠤᠵᠥ᠂ ᠬᠦᠮᠦᠨ ᠲᠦᠷᠦᠯᠬᠢᠳᠡᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠬᠠᠮᠳᠦ ᠵᠢᠨ ᠴᠤᠭᠴᠠ ᠵᠢ ᠬᠠᠮᠳᠦ᠎ᠪᠠᠷ ᠪᠠᠶ᠋ᠢᠭᠤᠯᠬᠤ ᠦᠨᠳᠤᠷᠴᠡ᠎ᠠᠴᠠ᠂ ᠵᠢᠷᠭᠤᠭ᠋ᠠᠨ ᠵᠦᠢ᠍ᠯ᠎ᠤᠨ ᠰᠠᠨᠠᠭᠤᠯᠭ᠎ᠠ ᠲᠤᠷᠠᠳᠴᠦ᠂ ᠲᠠᠪᠤᠨ ᠶᠡᠭᠡ ᠠᠷᠭ᠎ᠠ ᠬᠡᠮᠵᠢᠶ᠎ᠡ ᠨᠡᠶ᠋ᠢᠳᠡᠯᠡᠵᠥ᠂ ᠲᠡᠯᠡᠬᠡᠢ ᠨᠡᠶ᠋ᠢᠬᠡᠮ ᠵᠶ᠋ᠠᠷ ᠵᠶ᠋ᠠᠨ ᠪᠦᠯᠬᠦᠮᠳᠡᠨ ᠬᠠᠮᠳᠤᠷᠠᠯᠴᠠᠵᠥ ᠬᠢᠵᠢᠭ᠎ᠤᠨ ᠪᠠᠶ᠋ᠢᠳᠠᠯ᠎ᠢ ᠢᠯᠠᠨ ᠲᠠᠪᠠᠭ᠍ᠤ᠎ᠳᠤ ᠴᠢᠭᠯᠡᠯ᠎ᠢ ᠵᠢᠭ᠋ᠠᠭᠰᠠᠠ ᠪᠠᠶ᠋ᠢᠨ᠎ᠠ᠃
      ᠵᠠᠩᠬᠢᠯᠠᠭ᠎ᠠ ᠵᠢᠨ ᠦᠬᠡ ᠨᠢᠬᠡ᠄ ᠪᠦᠯᠬᠦᠮᠳᠡᠯ
     《ᠬᠦᠮᠥᠨ ᠲᠦᠷᠦᠯᠬᠢᠳᠡᠨ ᠪᠤᠯ ᠬᠤᠪᠢ ᠵᠠᠶᠠᠭ᠋ᠠᠨ᠎ᠤ ᠬᠠᠮᠳᠤ ᠵᠢᠨ ᠴᠤᠭᠴᠠ ᠮᠥᠨ᠂ ᠪᠦᠯᠬᠦᠮᠳᠡᠨ ᠬᠠᠮᠳᠤᠷᠠᠯᠴᠠᠬᠤ ᠪᠤᠯ ᠬᠢᠵᠢᠭ᠎ᠤᠨ ᠪᠠᠶ᠋ᠢᠳᠠᠯ᠎ᠢ ᠲᠠᠶ᠋ᠢᠯᠠᠨ ᠢᠯᠠᠬᠤ ᠬᠠᠮᠤᠭ᠎ᠤᠨ ᠬᠦᠴᠦᠳᠤ ᠵᠡᠪᠰᠡᠭ ᠮᠥᠨ》 ᠬᠡᠵᠥ ᠲᠡᠷᠢᠬᠦᠯᠡᠭᠴᠢ ᠰᠢ ᠵᠢᠨ ᠫᠢᠩ ᠪᠠᠶᠠᠷ᠎ᠤᠨ ᠦᠬᠡ᠎ᠳᠡᠭᠡᠨ ᠴᠢᠬᠤᠯᠠᠴᠢᠯᠠᠪᠠ᠃
      ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠪᠦᠬᠦ ᠬᠦᠴᠦ᠎ᠪᠠᠷ ᠵᠶ᠋ᠠᠨ ᠰᠠᠶ᠋ᠢᠳᠤᠷ ᠬᠢᠶ᠎ᠠ; ᠳᠡᠯᠡᠬᠡᠢ ᠵᠢᠨ ᠡᠷᠡᠭᠦᠯ ᠬᠠᠮᠠᠭ᠋ᠠᠯᠠᠯ᠎ᠤᠨ ᠵᠤᠬᠢᠶᠠᠨ ᠪᠠᠶ᠋ᠢᠭᠤᠯᠤᠯᠳᠠ ᠵᠢᠨ ᠤᠳᠤᠷᠢᠳᠬᠤ ᠦᠢ᠍ᠯᠡᠳᠦᠯ᠎ᠢ ᠪᠠᠳᠠᠷᠠᠭᠤᠯᠤᠶ᠎ᠠ; ᠠᠹᠷᠢᠺᠠ ᠲᠢᠪ᠎ᠤᠨ ᠤᠯᠤᠰ᠎ᠤᠳ᠎ᠢ ᠲᠡᠮᠵᠢᠬᠦ ᠡᠷᠴᠢᠮ ᠵᠶ᠋ᠠᠨ ᠴᠢᠩᠭ᠋ᠠᠷᠠᠭᠤᠯᠤᠶ᠎ᠠ; ᠪᠦᠬᠦ ᠲᠡᠯᠡᠬᠡᠢ ᠵᠢᠨ ᠤᠯᠠᠠ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠵᠠᠰᠠᠯᠲᠠ ᠵᠢ ᠴᠢᠩᠭ᠋ᠠᠳᠬᠠᠶ᠎ᠠ; ᠠᠬᠤᠢ ᠨᠡᠶ᠋ᠢᠭᠡᠮ᠎ᠤᠨ ᠬᠦᠭᠵᠢᠯᠲᠠ ᠵᠢ ᠰᠡᠷᠭᠦᠭᠡᠶ᠎ᠡ; ᠤᠯᠠᠠ ᠤᠯᠤᠰ᠎ᠤᠨ ᠬᠠᠮᠲᠤᠷᠠᠯᠴᠠᠭ᠎ᠠ ᠵᠢ ᠴᠢᠩᠭ᠋ᠠᠳᠬᠠᠶ᠎ᠠ ᠁ ᠭᠡᠵᠤ᠂ ᠲᠡᠷᠢᠬᠦᠯᠡᠭᠴᠢ ᠰᠢ ᠵᠢᠨ ᠫᠢᠩ ᠬᠢᠵᠢᠭ᠎ᠤᠨ ᠪᠠᠶ᠋ᠢᠳᠠᠯ᠎ᠢ ᠰᠡᠷᠬᠡᠶ᠋ᠢᠯᠡᠨ ᠡᠵᠡᠮᠳᠡᠬᠦ ᠵᠢ ᠴᠢᠩᠭ᠋ᠠᠳᠬᠠᠬᠤ ᠵᠢᠨ ᠲᠤᠭᠤᠷᠢᠨ᠎ᠳᠤ ᠵᠢᠷᠭᠤᠭ᠋ᠠᠨ ᠵᠦᠢ᠍ᠯ᠎ᠤᠨ ᠰᠠᠨᠠᠭᠤᠯᠭ᠎ᠠ ᠲᠤᠷᠠᠳᠪᠠ᠃ ᠲᠤᠰᠬᠠᠢ ᠮᠡᠷᠬᠡᠵᠢᠯᠳᠡᠨ᠂ ᠡᠨᠡ ᠵᠢᠷᠭᠤᠭ᠋ᠠᠨ ᠵᠦᠢ᠍ᠯ᠎ᠤᠨ ᠰᠠᠨᠠᠭᠤᠯᠭ᠎ᠠ᠎ᠨᠢ ᠲᠤᠯᠭ᠋ᠠᠮ ᠠᠰᠠᠭᠤᠳᠠᠯ᠎ᠢ ᠵᠢᠭ᠋ᠠᠨ ᠭᠠᠷᠭ᠋ᠠᠭᠰᠠᠠ ᠪᠦᠬᠡᠳ ᠠᠯᠤᠰ ᠬᠡᠳᠤ ᠵᠢᠨ ᠪᠤᠳᠦᠯᠬᠢᠯᠡᠯ᠎ᠢ ᠬᠠᠮᠳᠤ᠎ᠳᠤᠨᠢ ᠬᠠᠷᠠᠭ᠋ᠠᠯᠵᠠᠬᠰᠠᠠ ᠪᠠᠶ᠋ᠢᠨ᠎ᠠ᠂ ᠤᠷᠭ᠋ᠠᠨᠢᠭ ᠵᠶ᠋ᠠᠷ ᠨᠢᠬᠡᠳᠦᠭᠰᠡᠡ ᠪᠦᠷᠢᠨ ᠪᠦᠳᠦᠨ ᠰᠢᠰᠲ᠋ᠧᠮ ᠪᠤᠯᠤᠨ᠎ᠠ᠂ 《ᠪᠦᠯᠬᠦᠮᠳᠡᠨ ᠬᠠᠮᠳᠤᠷᠠᠯᠴᠠᠬᠤ》 ᠪᠤᠯ ᠢᠮᠠᠬᠳᠠ ᠲᠤᠭᠤᠰᠢᠯᠠᠭᠤᠯᠬᠤ ᠰᠦᠭ ᠰᠦᠨᠡᠰᠦ ᠪᠤᠯᠤᠨ᠎ᠠ ᠬᠡᠵᠥ ᠦᠵᠡᠪᠡ᠃
     《ᠪᠦᠯᠬᠦᠮᠳᠡᠨ ᠬᠠᠮᠳᠤᠷᠠᠯᠴᠠᠬᠤ ᠪᠤᠯ ᠲᠠᠷᠤᠢ ᠲᠡᠤᠭᠡ ᠵᠢᠨ ᠰᠠᠩᠭᠡᠷᠡᠬᠦᠯᠤᠯ ᠪᠦᠭᠡᠳ ᠪᠠᠰᠠ ᠪᠤᠳᠠᠳᠤ ᠠᠬᠤᠢ ᠵᠢᠨ ᠤᠷᠢᠶᠠᠯᠠᠯ ᠮᠦᠨ》᠃ ᠲᠤᠮᠳᠠᠳᠤ ᠤᠯᠤᠰ᠎ᠤᠨ ᠲᠡᠯᠡᠭᠡᠢ ᠵᠢᠨ ᠠᠰᠠᠭᠤᠳᠠᠯ᠎ᠤᠨ ᠰᠤᠳᠤᠯᠭ᠋ᠠᠨ᠎ᠤ ᠬᠦᠷᠢᠶᠠᠯᠠᠩ᠎ᠤᠨ ᠪᠠᠶ᠋ᠢᠯᠳᠤᠬᠤ ᠪᠤᠳᠤᠯᠭ᠎ᠠ ᠵᠢᠨ ᠰᠤᠳᠤᠯᠭ᠋ᠠᠨ᠎ᠤ ᠭᠠᠵᠠᠷ᠎ᠤᠨ ᠲᠠᠷᠤᠭ᠎ᠠ ᠴᠧᠨ ᠰᠢᠦᠢ ᠯᠦᠩ᠂ ᠲᠡᠷᠢᠬᠦᠯᠡᠭᠴᠢ ᠰᠢ ᠵᠢᠨ ᠫᠢᠩ ᠪᠠᠶᠠᠷ᠎ᠤᠨ ᠦᠭᠡ᠎ᠳᠡᠭᠡᠨ ᠲᠡᠤᠭᠡ ᠵᠢ ᠶᠠᠷᠢᠵᠤ᠂ ᠪᠤᠳᠠᠳᠤ ᠠᠬᠤᠢ ᠵᠢ ᠶᠠᠷᠢᠵᠤ᠂ ᠢᠷᠠᠭᠡᠳᠦᠢ ᠵᠢ ᠶᠠᠷᠢᠵᠤ᠂ 《ᠸᠢᠷᠦ᠋ᠰ᠎ᠲᠤ ᠤᠯᠤᠰ᠎ᠤᠨ ᠬᠢᠯᠢ ᠵᠠᠭ᠋ᠠᠭ ᠭᠡᠵᠤ ᠪᠠᠶ᠋ᠢᠬᠤ ᠦᠭᠡᠢ᠂ ᠦᠨᠳᠤᠰᠤᠳᠡᠨ ᠶᠠᠰᠤᠳᠠᠨ᠎ᠢ ᠢᠯᠭ᠋ᠠᠬᠤ ᠦᠭᠡᠢ》 ᠭᠡᠵᠤ ᠬᠦᠨᠵᠡᠭᠡᠢ ᠵᠢᠭ᠋ᠠᠨ ᠭᠠᠷᠭ᠋ᠠᠵᠤ᠂ 《ᠡᠯ᠎ᠡ ᠤᠯᠤᠰ᠎ᠤᠨ ᠠᠷᠠᠳ ᠲᠦᠮᠡᠨ᠎ᠤ ᠬᠠᠮᠳᠤᠷᠠᠯᠴᠠᠨ ᠬᠢᠵᠢᠭ᠎ᠲᠠᠢ ᠲᠡᠮᠡᠴᠡᠬᠦ ᠬᠦᠮᠦᠨ᠎ᠤ ᠶᠢᠷᠳᠢᠨᠴᠤ ᠵᠢᠨ ᠲᠦᠪ ᠶᠤᠰᠤ》 ᠵᠢ ᠲᠤᠳᠤᠷᠬᠠᠢ ᠵᠢᠭ᠋ᠠᠵᠠᠢ ᠭᠡᠵᠤ ᠬᠡᠯᠡᠪᠡ᠃
     《ᠪᠠᠶᠠᠷ᠎ᠤᠨ ᠦᠭᠡ ᠵᠢᠨ ᠲᠠᠮᠵᠢᠭᠤᠯᠤᠬᠰᠡᠨ ᠢᠯᠡ ᠲᠤᠳᠤ ᠮᠡᠳᠡᠭᠡ ᠵᠠᠩᠭᠢ ᠪᠤᠯ᠄ ᠪᠢᠳᠠ ᠲᠤᠰ ᠤᠯᠤᠰ᠎ᠤᠨ ᠵᠶ᠋ᠠᠨ ᠠᠰᠢᠭ ᠲᠤᠰᠠ ᠵᠢ ᠴᠢᠬᠤᠯᠠᠴᠢᠯᠠᠭ᠋ᠠᠳ ᠯᠡ ᠪᠠᠶ᠋ᠢᠵᠤ ᠪᠤᠯᠬᠤ ᠦᠭᠡᠢ᠂ ᠪᠠᠰᠠ ᠪᠦᠬᠦ ᠬᠦᠮᠦᠨ ᠲᠦᠷᠦᠯᠬᠢᠳᠠᠨ᠎ᠤ ᠬᠠᠮᠳᠤ ᠵᠢᠨ ᠠᠰᠢᠭ ᠲᠤᠰᠠ ᠵᠢ ᠴᠢᠬᠤᠯᠠᠴᠢᠯᠠᠪᠡᠯ ᠵᠤᠬᠢᠨ᠎ᠡ》 ᠭᠡᠵᠤ ᠴᠧᠨ ᠰᠢᠦᠢ ᠯᠦᠩ ᠬᠡᠯᠡᠪᠡ᠃
      ᠵᠠᠩᠭᠢᠯᠠᠭ᠎ᠠ ᠵᠢᠨ ᠦᠭᠡ ᠬᠤᠶᠠᠷ᠄ ᠡᠬᠦᠷᠭᠡᠯᠡᠯ
     《ᠲᠤᠮᠳᠠᠳᠤ ᠤᠯᠤᠰ ᠬᠦᠮᠦᠨ ᠲᠦᠷᠦᠯᠬᠢᠳᠠᠨ᠎ᠤ ᠬᠤᠪᠢ ᠵᠠᠶᠠᠭ᠋ᠠᠨ᠎ᠤ ᠬᠠᠮᠳᠤ ᠵᠢᠨ ᠴᠤᠬ᠍ᠴᠠ ᠵᠢᠨ ᠤᠢ᠍ᠢ᠍ᠯᠠᠭ᠋ᠠᠬᠳᠠᠬᠤᠨ᠎ᠢ ᠢᠮᠠᠬᠳᠠ ᠪᠠᠷᠢᠮᠳᠠᠯᠠᠵᠤ ᠪᠠᠶ᠋ᠢᠬᠤ᠎ᠨᠢ ᠲᠤᠰ ᠤᠯᠤᠰ᠎ᠤᠨ ᠵᠶ᠋ᠠᠨ ᠠᠷᠠᠳ ᠲᠦᠮᠡᠨ᠎ᠤ ᠠᠮᠢ ᠨᠠᠰᠤᠨ᠎ᠤ ᠠᠮᠤᠷ ᠲᠦᠪᠰᠢᠨ ᠪᠠ ᠪᠡᠶ᠎ᠡ ᠮᠠᠬᠠᠪᠤᠳ᠎ᠤᠨ ᠡᠷᠡᠬᠦᠯ ᠮᠠᠨᠳᠤ ᠵᠢᠨ ᠲᠦᠯᠦᠭᠡ ᠬᠠᠷᠢᠭᠤᠴᠠᠵᠤ ᠪᠠᠶ᠋ᠢᠬᠤ ᠪᠦᠭᠡᠳ ᠪᠠᠰᠠ ᠪᠦᠬᠦ ᠪᠦᠮᠪᠦᠷᠴᠡᠭ᠎ᠤᠨ ᠤᠯᠠᠨ ᠨᠠᠶ᠋ᠢᠳᠠ ᠵᠢᠨ ᠡᠷᠡᠬᠦᠯ ᠬᠠᠮᠠᠭ᠋ᠠᠯᠠᠯ᠎ᠤᠨ ᠦᠢ᠍ᠯᠡᠰ᠎ᠲᠤ ᠬᠠᠷᠢᠭᠤᠴᠠᠵᠤ ᠪᠠᠶ᠋ᠢᠭ᠎ᠠ ᠶᠠᠪᠤᠳᠠᠯ ᠪᠤᠯᠤᠨ᠎ᠡ》 ᠭᠡᠵᠤ ᠲᠡᠷᠢᠬᠦᠯᠡᠭᠴᠢ ᠰᠢ ᠵᠢᠨ ᠫᠢᠩ ᠵᠢᠭ᠋ᠠᠵᠤ ᠭᠠᠷᠭ᠋ᠠᠪᠠ᠃
      ᠲᠡᠷᠢᠬᠦᠯᠡᠭᠴᠢ ᠰᠢ ᠵᠢᠨ ᠫᠢᠩ ᠪᠠᠶᠠᠷ᠎ᠤᠨ ᠦᠭᠡ᠎ᠳᠡᠭᠡᠨ ᠬᠢᠵᠢᠭ᠎ᠤᠨ ᠪᠠᠶ᠋ᠢᠳᠠᠯ ᠦᠷᠪᠢᠰᠦᠨ ᠲᠠᠯᠭᠡᠷᠡᠭᠰᠡᠨ᠎ᠠᠴᠠ ᠨᠠᠭ᠋ᠠᠰᠢ ᠲᠤᠮᠳᠠᠳᠤ ᠤᠯᠤᠰ ᠲᠡᠯᠡᠭᠡᠢ ᠨᠡᠶ᠋ᠢᠭᠡᠮ᠎ᠤᠨ᠎ᠬᠢᠨ᠎ᠲᠠᠢ ᠭᠠᠷ ᠬᠤᠯᠪᠤᠨ ᠬᠠᠮᠳᠤᠷᠠᠯᠴᠠᠵᠤ ᠬᠢᠵᠢᠭ᠎ᠲᠠᠢ ᠲᠠᠮᠡᠴᠡᠭᠰᠡᠨ ᠪᠤᠳᠠᠳᠤ ᠠᠵᠢᠯᠯᠠᠭ᠎ᠠ — ᠳᠤᠮᠳᠠᠳᠤ ᠤᠯᠤᠰ ᠢᠮᠠᠭᠳᠠ ᠢᠯᠡ ᠳᠤᠳᠤᠷᠬᠠᠢ ᠪᠠᠶ᠋ᠢᠯᠭ᠋ᠠᠬᠤ᠂ ᠬᠠᠷᠢᠭᠤᠴᠠᠯᠭ᠎ᠠ ᠡᠭᠦᠷᠭᠡᠯᠡᠬᠦ ᠤᠪᠤᠷ ᠵᠶ᠋ᠠᠷ ᠴᠠᠭ ᠲᠤᠬᠠᠢ᠎ᠳᠤᠨᠢ ᠳᠡᠯᠡᠬᠡᠢ ᠵᠢᠨ ᠡᠷᠡᠭᠦᠯ ᠬᠠᠮᠠᠭ᠋ᠠᠯᠠᠯ᠎ᠤᠨ ᠵᠤᠬᠢᠶᠠᠨ ᠪᠠᠶ᠋ᠢᠭᠤᠯᠤᠯᠳᠠ ᠵᠢᠴᠢ ᠬᠤᠯᠪᠤᠭᠳᠠᠯ ᠪᠦᠬᠦᠢ ᠤᠯᠤᠰ᠎ᠲᠤ ᠬᠢᠵᠢᠭ᠎ᠤᠨ ᠪᠠᠶ᠋ᠢᠳᠠᠯ᠎ᠤᠨ ᠮᠡᠳᠡᠭᠡ ᠵᠠᠩᠭᠢ ᠵᠢ ᠮᠡᠳᠡᠭᠳᠡᠵᠤ᠂ ᠸᠢᠷᠦ᠋ᠰ᠎ᠤᠨ ᠭᠧᠨ᠎ᠤ ᠵᠢᠭᠰᠠᠯ ᠵᠡᠷᠭᠡ ᠮᠡᠳᠡᠭᠡ ᠵᠠᠩᠭᠢ ᠵᠢ ᠳᠠᠷᠤᠢ ᠲᠦᠷᠭᠡᠨ ᠨᠡᠶ᠋ᠢᠳᠡᠯᠡᠵᠤ᠂ ᠡᠯ᠎ᠠ ᠲᠠᠯ᠎ᠠ ᠵᠢᠨ᠎ᠬᠢᠨ᠎ᠲᠠᠢ ᠰᠡᠷᠭᠡᠶ᠋ᠢᠯᠡᠨ ᠡᠵᠡᠮᠳᠡᠬᠦ ᠪᠠ ᠠᠪᠤᠷᠠᠨ ᠵᠠᠰᠠᠬᠤ ᠲᠤᠷᠰᠢᠯᠭ᠎ᠠ᠎ᠪᠠᠨ ᠬᠤᠪᠢᠶᠠᠯᠴᠠᠵᠤ᠂ ᠴᠢᠳᠠᠯ᠎ᠤᠨ ᠬᠢᠷᠢ᠎ᠪᠠᠷ ᠵᠶ᠋ᠠᠨ ᠬᠡᠷᠡᠭᠴᠡᠭᠡ ᠱᠠᠭ᠋ᠠᠷᠳᠠᠯᠭ᠎ᠠ᠎ᠲᠠᠢ ᠤᠯᠤᠰ᠎ᠲᠤ ᠶᠡᠭᠡ ᠬᠡᠮᠵᠢᠶᠠᠨ᠎ᠤ ᠳᠡᠮᠵᠢᠯᠭᠡ ᠪᠠ ᠬᠠᠪᠰᠤᠷᠤᠯᠭ᠎ᠠ ᠬᠠᠩᠭ᠋ᠠᠬᠰᠡᠨ᠎ᠢ ᠲᠠᠬᠢᠨ ᠲᠠᠨᠢᠯᠴᠠᠭᠤᠯᠪᠠ᠃
     《ᠡᠨᠡ ᠪᠤᠯ ᠲᠤᠮᠳᠠᠳᠤ ᠤᠯᠤᠰ᠎ᠤᠨ ᠤᠯᠤᠰ᠎ᠤᠨ ᠲᠡᠷᠢᠬᠦᠨ ᠠᠩᠬ᠎ᠠ ᠤᠳᠠᠭ᠎ᠠ ᠲᠡᠯᠡᠭᠡᠢ ᠵᠢᠨ ᠡᠷᠡᠬᠦᠯ ᠬᠠᠮᠠᠭ᠋ᠠᠯᠠᠯ᠎ᠤᠨ ᠶᠡᠭᠡ ᠬᠤᠷᠠᠯ ᠮᠠᠳᠤ ᠵᠢᠨ ᠡᠶ᠋ᠢᠮᠤᠷᠬᠦᠤ ᠴᠢᠬᠤᠯᠠ ᠤᠯᠠᠨ ᠤᠯᠤᠰ᠎ᠤᠨ ᠲᠠᠯᠠᠪᠤᠷ᠎ᠲᠤ ᠲᠠᠮᠵᠢᠭᠤᠯᠤᠬᠰᠡᠨ ᠤᠭ ᠤᠴᠢᠷ ᠶᠠᠪᠤᠲᠠᠯ᠎ᠤᠨ ᠦᠨᠡᠨ ᠴᠠᠭ᠋ᠠᠨ᠎ᠢ ᠲᠤᠲᠤᠷᠠᠭᠤᠯᠤᠭᠰᠠᠠ ᠮᠡᠳᠡᠭᠡ ᠵᠠᠩᠭᠢ ᠪᠤᠯᠤᠨ᠎ᠡ》 ᠭᠡᠵᠤ ᠴᠧᠨ ᠰᠢᠦᠢ ᠯᠦᠩ ᠬᠡᠯᠡᠪᠡ᠃
      ᠪᠦᠬᠦ ᠪᠦᠮᠪᠦᠷᠴᠡᠭ᠎ᠤᠨ ᠬᠢᠵᠢᠭ᠎ᠲᠠᠢ ᠲᠡᠮᠡᠴᠡᠬᠦ ᠬᠠᠮᠳᠤᠷᠠᠯᠴᠠᠭ᠎ᠠ ᠵᠢ ᠠᠬᠢᠭᠤᠯᠬᠤ ᠵᠢᠨ ᠲᠦᠯᠦᠭᠡ ᠲᠡᠷᠢᠬᠦᠯᠡᠭᠴᠢ ᠰᠢ ᠵᠢᠨ ᠫᠢᠩ ᠲᠠᠪᠤᠨ ᠵᠦᠢ᠍ᠯ᠎ᠤᠨ ᠠᠷᠭ᠎ᠠ ᠬᠡᠮᠵᠢᠶ᠎ᠡ ᠵᠢ ᠲᠦᠪ ᠴᠢᠩᠭ᠎ᠠ᠎ᠪᠠᠷ ᠵᠠᠷᠯᠡᠪᠡ᠃
《ᠡᠳᠡᠭᠡᠷ ᠠᠷᠭ᠎ᠠ ᠬᠡᠮᠵᠢᠶ᠎ᠡ᠎ᠨᠢ ᠴᠦᠮ ᠤᠳᠤᠬᠠᠨ᠎ᠤ ᠪᠠ ᠬᠤᠶ᠋ᠢᠰᠢᠳᠠ ᠵᠢᠨ ᠭᠡᠰᠡᠭ ᠬᠤᠭᠤᠴᠠᠭ᠋ᠠᠨ᠎ᠤ ᠪᠦᠬᠦ ᠪᠦᠮᠪᠦᠷᠴᠡᠭ᠎ᠤᠨ ᠬᠢᠵᠢᠭ᠎ᠲᠠᠢ ᠲᠡᠮᠡᠴᠡᠬᠦ ᠭᠤᠤᠯᠳᠠᠯᠭ᠎ᠠ ᠪᠠ ᠬᠦᠴᠢᠷᠳᠠᠯ᠎ᠳᠤ ᠴᠢᠭᠯᠡᠬᠦᠯᠵᠤ᠂ ᠲᠤᠮᠳᠠᠳᠤ ᠤᠯᠤᠰ᠎ᠤᠨ ᠬᠠᠷᠢᠭᠤᠴᠠᠯᠭ᠎ᠠ᠎ᠲᠠᠢ ᠶᠡᠭᠡ ᠤᠯᠤᠰ ᠪᠤᠯᠤᠬᠰᠡᠨ ᠬᠠᠷᠢᠭᠤᠴᠠᠯᠭ᠎ᠠ ᠡᠬᠦᠷᠭᠡᠯᠡᠯ᠎ᠢ ᠢᠯᠡᠷᠡᠬᠦᠯᠵᠤ᠂ ᠪᠦᠬᠦ ᠪᠦᠮᠪᠦᠷᠴᠡᠭ᠎ᠤᠨ ᠤᠯᠠᠨ ᠨᠠᠶ᠋ᠢᠳᠠ ᠵᠢᠨ ᠡᠷᠡᠬᠦᠯ ᠬᠠᠮᠠᠭ᠋ᠠᠯᠠᠯ᠎ᠤᠨ ᠦᠢ᠍ᠯᠡᠰ᠎ᠤᠨ ᠬᠦᠭᠵᠢᠯᠳᠠ᠎ᠳᠤ ᠠᠯᠤᠰ ᠭᠡᠳᠤ ᠵᠢᠨ ᠨᠦᠯᠦᠭᠡ᠎ᠲᠠᠢ ᠶᠤᠮ》 ᠭᠡᠵᠤ ᠭᠠᠳᠠᠭ᠋ᠠᠳᠤ ᠬᠠᠷᠢᠯᠴᠠᠭ᠋ᠠᠨ᠎ᠤ ᠲᠡᠭᠡᠳᠤ ᠰᠤᠷᠭ᠋ᠠᠭᠤᠯᠢ ᠵᠢᠨ ᠲᠡᠳ᠋ ᠵᠠᠬᠢᠷᠤᠯ ᠭᠤᠤ ᠹᠸᠢ ᠬᠡᠯᠡᠪᠡ᠃
      ᠵᠠᠩᠬᠢᠯᠠᠭ᠎ᠠ ᠵᠢᠨ ᠦᠬᠡ ᠭᠤᠷᠪᠠ᠄ ᠰᠢᠨᠵᠢᠯᠡᠬᠦ ᠤᠬᠠᠭ᠋ᠠᠨ
     《ᠰᠢᠨᠵᠢᠯᠡᠬᠦ ᠤᠬᠠᠭ᠋ᠠᠨ》᠂ ᠲᠡᠷᠢᠬᠦᠯᠡᠭᠴᠢ ᠰᠢ ᠵᠢᠨ ᠫᠢᠩ᠎ᠤᠨ ᠶᠠᠷᠢᠶᠠᠨ᠎ᠳᠤ ᠤᠯᠠᠨ ᠶᠠᠷᠢᠬᠳᠠᠬᠰᠠᠨ ᠪᠠᠰᠠ ᠨᠢᠬᠡ ᠦᠬᠡ ᠪᠤᠯᠤᠨ᠎ᠠ᠃ ᠬᠢᠵᠢᠭ᠎ᠤᠨ ᠪᠠᠶ᠋ᠢᠳᠠᠯ᠎ᠢ ᠪᠦᠬᠦ ᠬᠦᠴᠤ᠎ᠪᠠᠷ ᠵᠶ᠋ᠠᠨ ᠰᠠᠶ᠋ᠢᠳᠤᠷ ᠰᠡᠷᠬᠡᠶ᠋ᠢᠯᠡᠨ ᠡᠵᠡᠮᠳᠡᠬᠦ ᠵᠢ ᠶᠠᠷᠢᠬᠤ᠎ᠳᠠᠭᠠᠨ ᠲᠡᠷᠢᠬᠦᠯᠡᠭᠴᠢ ᠰᠢ ᠵᠢᠨ ᠫᠢᠩ᠂ ᠪᠢᠳᠡ ᠠᠷᠠᠳ ᠲᠦᠮᠡᠨ ᠵᠶ᠋ᠠᠷ ᠭᠤᠤᠯ ᠪᠤᠯᠭ᠋ᠠᠬᠤ᠂ ᠠᠮᠢ ᠨᠠᠰᠤ ᠵᠢ ᠳᠡᠭᠡᠳᠦᠯᠡᠬᠦ ᠵᠢ ᠪᠠᠷᠢᠮᠳᠠᠯᠠᠵᠤ᠂ ᠡᠮᠴᠢᠯᠡᠭᠡᠨ᠎ᠤ ᠬᠦᠴᠦᠨ ᠪᠠ ᠴᠢᠬᠤᠯᠠ ᠡᠳ᠋ ᠪᠤᠳᠠᠰ᠎ᠢ ᠰᠢᠨᠵᠢᠯᠡᠬᠦ ᠤᠬᠠᠭ᠋ᠠᠨᠴᠢ᠎ᠪᠠᠷ ᠲᠤᠬᠢᠷᠠᠭᠤᠯᠵᠤ᠂ ᠰᠡᠷᠭᠡᠶ᠋ᠢᠯᠡᠨ ᠬᠠᠮᠠᠭ᠋ᠠᠯᠠᠬᠤ᠂ ᠲᠤᠰᠠᠭ᠋ᠠᠷᠯᠠᠬᠤ᠂ ᠰᠢᠯᠭ᠋ᠠᠨ ᠪᠠᠶ᠋ᠢᠴᠠᠭ᠋ᠠᠬᠤ᠂ ᠠᠪᠤᠷᠠᠨ ᠵᠠᠰᠠᠬᠤ᠂ ᠮᠦᠷᠳᠡᠬᠦ ᠵᠡᠷᠭᠡ ᠴᠢᠬᠤᠯᠠ ᠬᠦᠷᠢᠶᠡᠨ᠎ᠳᠤ ᠬᠦᠴᠦᠳᠠᠢ ᠠᠷᠭ᠎ᠠ ᠬᠡᠮᠵᠢᠶ᠎ᠠ ᠬᠡᠷᠡᠭᠵᠢᠭᠦᠯᠵᠤ᠂ ᠬᠢᠵᠢᠭ᠎ᠤᠨ ᠪᠠᠶ᠋ᠢᠳᠠᠯ ᠪᠦ᠍ᠬᠦ ᠲᠡᠯᠡᠬᠡᠢ᠎ᠳᠤ ᠦᠷᠪᠢᠰᠦᠨ ᠳᠡᠯᠭᠡᠷᠡᠬᠦ ᠬᠠᠨᠳᠤᠰᠢ ᠵᠢ ᠳᠠᠷᠦ᠋ᠢ᠍ᠬᠠᠨ ᠬᠤᠷᠢᠬᠯᠠᠵᠤ᠂ ᠬᠢᠵᠢᠭ᠎ᠤᠨ ᠪᠠᠶ᠋ᠢᠳᠠᠯ ᠬᠢᠯᠢ ᠳᠠᠮᠵᠢᠨ ᠲᠠᠷᠬᠠᠬᠤ ᠵᠢ ᠪᠦᠬᠦ ᠬᠦᠴᠦ᠎ᠪᠠᠷ ᠵᠶ᠋ᠠᠨ ᠬᠤᠷᠢᠬᠯᠠᠶ᠎ᠠ ᠬᠡᠵᠤ ᠵᠢᠭ᠋ᠠᠵᠤ ᠭᠠᠷᠭ᠋ᠠᠪᠠ᠃
      ᠲᠤᠰᠬᠠᠢ ᠮᠡᠷᠬᠡᠵᠢᠯᠳᠠᠨ᠂ ᠡᠨᠡ᠎ᠨᠢ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨᠴᠢ᠎ᠪᠠᠷ ᠰᠡᠷᠬᠡᠶ᠋ᠢᠯᠡᠨ ᠡᠵᠡᠮᠳᠡᠭᠰᠡᠨ ᠠᠮᠵᠢᠯᠳᠠᠳᠠᠢ ᠪᠦᠳᠤᠮᠵᠢᠳᠠᠢ ᠲᠤᠷᠰᠢᠯᠭ᠎ᠠ ᠵᠢ ᠲᠤᠰᠬᠠᠵᠤ᠂ ᠡᠯ᠎ᠠ ᠤᠯᠤᠰ᠎ᠤᠨ᠎ᠬᠢᠨ ᠬᠢᠵᠢᠭ᠎ᠤᠨ ᠪᠠᠶ᠋ᠢᠳᠠᠯ᠎ᠢ ᠰᠡᠷᠬᠡᠶ᠋ᠢᠯᠡᠨ ᠡᠵᠡᠮᠳᠡᠬᠦ ᠵᠢ ᠰᠠᠶ᠋ᠢᠳᠤᠷ ᠬᠢᠬᠦ᠂ ᠤᠯᠠᠨ ᠤᠯᠤᠰ᠎ᠤᠨ ᠬᠤᠯᠪᠤᠭ᠋ᠠᠯᠠᠨ ᠰᠡᠷᠬᠡᠶ᠋ᠢᠯᠡᠵᠤ ᠬᠤᠯᠪᠤᠭ᠋ᠠᠯᠠᠨ ᠡᠵᠡᠮᠳᠡᠬᠦ ᠠᠵᠢᠯᠯᠠᠭ᠎ᠠ ᠦᠷᠨᠢᠬᠦᠯᠬᠦ᠎ᠳᠤ ᠴᠢᠬᠤᠯᠠ ᠰᠡᠩᠬᠡᠷᠡᠬᠦᠯᠬᠦ ᠪᠠ ᠲᠤᠯᠢᠯᠠᠯ ᠪᠤᠯᠭ᠋ᠠᠬᠤ ᠠᠴᠢ ᠬᠤᠯᠪᠤᠬᠳᠠᠯ᠎ᠲᠠᠢ ᠶᠤᠮ ᠬᠡᠵᠤ ᠢᠯᠡᠳᠬᠡᠵᠡᠢ᠃
      ᠲᠡᠯᠡᠬᠡᠢ ᠨᠡᠶ᠋ᠢᠬᠡᠮ ᠵᠶ᠋ᠠᠷ ᠵᠶ᠋ᠠᠨ ᠠᠩᠬᠠᠷᠴᠦ ᠪᠠᠶ᠋ᠢᠭ᠎ᠠ ᠵᠠᠷᠢᠮ ᠬᠠᠯᠠᠮᠰᠢᠯ ᠠᠰᠠᠭᠤᠳᠠᠯ ᠪᠤᠯᠤᠨ ᠵᠠᠩᠬᠢᠯᠠᠭ᠎ᠠ ᠵᠢᠨ ᠠᠰᠠᠭᠤᠳᠠᠯ᠎ᠤᠨ ᠲᠤᠬᠠᠢ᠂ ᠲᠡᠷᠢᠬᠦᠯᠡᠭᠴᠢ ᠰᠢ ᠵᠢᠨ ᠫᠢᠩ ᠶᠠᠷᠢᠶᠠᠨ᠎ᠳᠠᠭᠠᠨ᠂ 《ᠡᠯ᠎ᠠ ᠤᠯᠤᠰ᠎ᠤᠨ ᠰᠢᠨᠵᠢᠯᠡᠬᠦ ᠤᠬᠠᠭ᠋ᠠᠨᠳᠠᠳ ᠸᠢᠷᠦ᠋ᠰ᠎ᠤᠨ ᠡᠬᠢ ᠡᠬᠦᠰᠤᠯ ᠪᠤᠯᠤᠨ ᠬᠠᠯᠳᠠᠪᠤᠷᠢᠯᠠᠬᠤ ᠵᠠᠮ᠎ᠤᠨ ᠲᠤᠬᠠᠢ ᠪᠦᠬᠦ ᠪᠦᠮᠪᠦᠷᠴᠡᠭ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠬᠢᠬᠦ ᠵᠢ ᠦᠷᠬᠦᠯᠵᠢᠯᠠᠨ ᠲᠡᠮᠵᠢᠨ᠎ᠠ》᠂ 《ᠪᠦᠬᠦ ᠪᠦᠮᠪᠦᠷᠴᠡᠭ᠎ᠤᠨ ᠬᠢᠵᠢᠭ᠎ᠤᠨ ᠪᠠᠶ᠋ᠢᠳᠠᠯ᠎ᠢ ᠡᠵᠡᠮᠳᠡᠨ ᠬᠤᠷᠢᠬᠯᠠᠬᠰᠠᠨ᠎ᠤ ᠲᠠᠷᠠᠭ᠎ᠠ᠂ ᠪᠦᠬᠦ ᠪᠦᠮᠪᠦᠷᠴᠡᠭ᠎ᠤᠨ ᠬᠢᠵᠢᠭ᠎ᠤᠨ ᠪᠠᠶ᠋ᠢᠳᠠᠯ᠎ᠢ ᠠᠷᠭ᠋ᠠᠴᠠᠭ᠋ᠠᠬᠤ ᠠᠵᠢᠯ᠎ᠢ ᠪᠦᠬᠦ ᠲᠠᠯ᠎ᠠ᠎ᠪᠠᠷ ᠦᠨᠡᠯᠡᠬᠦ᠂ ᠲᠤᠷᠰᠢᠯᠭ᠎ᠠ᠎ᠪᠠᠨ ᠳ᠋ᠦᠩᠨᠡᠬᠦ᠂ ᠬᠦᠷᠤᠯᠴᠡᠬᠦ ᠦᠬᠡᠢ ᠲᠠᠯ᠎ᠠ᠎ᠪᠠᠨ ᠨᠦᠬᠦᠪᠤᠷᠢᠯᠡᠬᠦ ᠵᠢ ᠳᠤᠮᠳᠠᠳᠤ ᠤᠯᠤᠰ ᠲᠡᠮᠵᠢᠨ᠎ᠠ》 《ᠡᠨᠡ ᠬᠦ᠌ ᠠᠵᠢᠯ᠎ᠳᠤ ᠰᠢᠨᠵᠢᠯᠡᠬᠦ ᠤᠬᠠᠭ᠋ᠠᠨᠴᠢ ᠲᠤᠰᠬᠠᠢ ᠮᠡᠷᠬᠡᠵᠢᠯ᠎ᠤᠨ ᠤᠪᠤᠷ ᠠᠪᠴᠤ᠂ ᠲᠡᠯᠡᠬᠡᠢ ᠵᠢᠨ ᠡᠷᠡᠬᠦᠯ ᠬᠠᠮᠠᠭ᠋ᠠᠯᠠᠯ᠎ᠤᠨ ᠵᠤᠬᠢᠶᠠᠨ ᠪᠠᠶ᠋ᠢᠭᠤᠯᠤᠯᠳᠠ᠎ᠠᠴᠠ ᠵᠤᠬᠢᠶᠠᠨ ᠪᠠᠶ᠋ᠢᠭᠤᠯᠵᠤ ᠭᠤᠤᠯᠯᠠᠨ ᠤᠳᠤᠷᠢᠳᠴᠤ᠂ ᠪᠤᠰᠤᠳᠴᠢ ᠲᠦᠪ ᠭᠤᠤᠯᠴᠢ ᠵᠠᠷᠴᠢᠮ᠎ᠢ ᠪᠠᠷᠢᠮᠳᠠᠯᠠᠬᠤ ᠭᠡᠷᠡᠭᠳᠠᠢ》 ᠬᠡᠳᠡᠭ᠎ᠢ ᠴᠢᠬᠤᠯᠠᠴᠢᠯᠠᠵᠥ ᠪᠠᠶ᠋ᠢᠨ᠎ᠠ ᠬᠡᠵᠥ ᠳᠤᠳᠤᠷᠬᠠᠢ ᠢᠯᠡᠳᠬᠡᠵᠡᠢ᠃
      ᠪᠡᠬᠡᠵᠢᠩ᠎ᠤᠨ ᠰᠢᠶᠧ ᠡᡁᠧ ᠠᠨᠠᠭ᠋ᠠᠬᠤ ᠤᠬᠠᠭ᠋ᠠᠨ᠎ᠤ ᠲᠡᠭᠡᠳᠤ ᠰᠤᠷᠭ᠋ᠠᠭᠤᠯᠢ ᠵᠢᠨ ᠤᠯᠠᠨ ᠨᠡᠶ᠋ᠢᠳᠠ ᠵᠢᠨ ᠡᠷᠡᠬᠦᠯ ᠬᠠᠮᠠᠭ᠋ᠠᠯᠠᠯ᠎ᠤᠨ ᠲᠡᠭᠡᠳᠤ ᠰᠤᠷᠭ᠋ᠠᠭᠤᠯᠢ ᠵᠢᠨ ᠵᠠᠬᠢᠷᠤᠯ ᠯᠢᠦ ᠶᠤᠸᠠᠨ ᠯᠢ᠂ ᠦᠩᠬᠡᠷᠡᠭᠰᠡᠨ 30 ᠵᠢᠯ᠎ᠳᠤ ᠲᠡᠯᠡᠬᠡᠢ ᠵᠢᠨ ᠪᠦᠮᠪᠦᠷᠴᠡᠭ᠎ᠲᠤ ᠵᠢᠯ ᠪᠦᠷᠢ ᠨᠢᠬᠡ ᠵᠦᠢ᠍ᠯ᠎ᠤᠨ ᠰᠢᠨ᠎ᠠ ᠬᠠᠯᠳᠠᠪᠤᠷᠢᠳᠤ ᠡᠪᠡᠳᠴᠢᠨ ᠭᠠᠷᠴᠤ᠂ ᠬᠦᠮᠤᠨ ᠲᠦᠷᠤᠯᠬᠢᠳᠠᠨ᠎ᠤ ᠰᠢᠨ᠎ᠠ ᠬᠠᠯᠳᠠᠪᠤᠷᠢᠳᠤ ᠡᠪᠡᠳᠴᠢᠨ᠎ᠤ ᠦᠷᠢᠰᠤᠯᠳᠤᠬᠡᠨ᠎ᠳᠤ ᠲᠤᠯᠭ᠋ᠠᠷᠠᠬᠤ ᠦᠶᠡᠯᠡᠯ᠎ᠤᠨ ᠬᠤᠭᠤᠴᠠᠭ᠎ᠠ ᠶᠠᠪᠤᠬᠤ ᠳᠤᠳᠤᠮ ᠤᠬᠤᠷ ᠪᠤᠯᠵᠤ ᠪᠠᠶ᠋ᠢᠨ᠎ᠠ᠃ ᠰᠢᠨ᠎ᠠ ᠬᠠᠯᠳᠠᠪᠤᠷᠢᠳᠤ ᠡᠪᠡᠳᠴᠢᠨ ᠪᠦᠬᠦᠨ᠎ᠨᠢ ᠲᠦᠷᠬᠡᠨ ᠬᠠᠯᠳᠠᠪᠤᠷᠢᠯᠠᠬᠤ ᠴᠢᠨᠠᠷᠳᠠᠢ ᠬᠠᠯᠳᠠᠪᠤᠷᠢᠳᠤ ᠡᠪᠡᠳᠴᠢᠨ ᠪᠢᠰᠢ ᠪᠤᠯᠪᠠᠴᠤ᠂ ᠤᠯᠠᠨ ᠨᠡᠶ᠋ᠢᠳᠠ ᠵᠢᠨ ᠡᠷᠡᠬᠦᠯ ᠬᠠᠮᠠᠭ᠋ᠠᠯᠠᠯ᠎ᠤᠨ ᠰᠢᠰᠲ᠋ᠧᠮ᠎ᠤᠨ ᠪᠠᠶ᠋ᠢᠭᠤᠯᠤᠯᠳᠠ᠎ᠨᠢ ᠪᠠᠶ᠋ᠢᠩᠭᠤ ᠵᠢᠨ ᠴᠦᠬᠦᠷᠡᠰᠢ ᠦᠬᠡᠢ ᠪᠡᠯᠡᠳᠬᠡᠯ᠎ᠲᠠᠢ ᠪᠠᠶ᠋ᠢᠬᠤ ᠵᠢ ᠪᠡᠶᠡᠯᠡᠬᠦᠯᠬᠦ ᠭᠡᠷᠡᠭᠳᠠᠢ᠃ ᠲᠡᠷᠢᠬᠦᠯᠡᠭᠴᠢ ᠰᠢ ᠵᠢᠨ ᠫᠢᠩ᠎ᠤᠨ ᠰᠠᠨᠠᠭᠤᠯᠭ᠎ᠠ᠎ᠨᠢ ᠪᠦᠳᠤᠬᠡᠯᠴᠢ ᠴᠢᠨᠠᠷᠳᠠᠢ ᠬᠦᠳᠤᠯᠤᠨ ᠲᠠᠭ᠋ᠠᠭᠤᠯᠬᠤ ᠤᠢ᠍ᠢ᠍ᠯᠡᠳᠤᠯ᠎ᠢ ᠢᠳᠡᠪᠬᠢ ᠪᠠᠳᠠᠷᠠᠭᠤᠯᠬᠤ ᠶᠡᠭᠡ ᠤᠯᠤᠰ᠎ᠤᠨ ᠡᠬᠦᠷᠬᠡᠯᠠᠯ ᠪᠤᠯᠤᠨ ᠰᠢᠨᠵᠢᠯᠡᠬᠦ ᠤᠬᠠᠭ᠋ᠠᠨᠴᠢ ᠵᠤᠷᠢᠬ ᠰᠠᠨᠠᠭ᠎ᠠ ᠵᠢ ᠢᠯᠡᠷᠡᠬᠦᠯᠵᠠᠢ ᠬᠡᠵᠤ ᠬᠡᠯᠡᠪᠡ᠃
       (ᠰᠢᠨᠬᠤᠸᠠ ᠬᠤᠷᠢᠶᠠᠨ᠎ᠤ ᠪᠡᠬᠡᠵᠢᠩ᠎ᠤᠨ 5 ᠰᠠᠷ᠎ᠠ ᠵᠢᠨ 18᠎ᠤ ᠴᠠᠬᠢᠯᠭ᠋ᠠᠨ ᠮᠡᠳᠡᠭᠡ᠎ᠠᠴᠠ)

ᠢᠷᠡᠯᠲᠡ᠄ ᠦᠪᠦᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠳᠤᠮᠳᠠᠳᠦ ᠤᠯᠤᠰ᠎ᠤᠨ ᠡᠪ ᠬᠠᠮᠲᠦ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠳᠠᠪᠤᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠰᠣᠷᠤᠯᠴᠠᠨ ᠲᠤᠭᠤᠰᠢᠯᠠᠭᠤᠯᠤᠶ᠎ᠠ
2020 ᠣᠨ᠎ᠤ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠠᠴᠠ ᠰᠢ ᠵᠢᠨ ᠫᠢᠩ ᠨᠥᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶ᠎ᠠ 《ᠠᠷᠪᠠᠨ ᠳᠥᠷᠪᠡᠳᠦᠭᠡᠷ ᠲᠠᠪᠤᠨ ᠵᠢᠯ》᠎ᠤᠨ ᠡᠬᠢᠯᠡᠯᠲᠡ ᠵᠢᠨ ᠠᠯᠬᠤᠮ᠎ᠢ ᠲᠥᠯᠦᠪᠵᠢᠭᠦᠯᠦᠭᠰᠡᠨ᠎ᠢ ᠠᠵᠢᠬᠤ᠎ᠨᠢ
《ᠬᠤᠨ ᠭᠠᠯᠠᠭᠤ》 ᠰᠡᠳᠭᠦᠯ
ᠪᠦ᠋ ᠰᠢᠶᠤᠤ ᠯᠢᠨ ᠬᠢᠵᠢᠭ᠎ᠤᠨ ᠪᠠᠶ᠋ᠢᠳᠠᠯ᠎ᠢ ᠰᠡᠷᠬᠡᠶ᠋ᠢᠯᠡᠨ ᠡᠵᠡᠮᠳᠡᠬᠦ ᠠᠵᠢᠯ᠎ᠳᠤ ᠲᠤᠬᠢᠷᠠᠭᠤᠯᠤᠯᠳᠠ ᠬᠢᠪᠠ
ᠳᠤᠮᠳᠠᠳᠤ ᠤᠯᠤᠰ᠎ᠤᠨ ᠣᠭᠲᠠᠷᠭᠤᠢ ᠵᠢᠨ ᠦᠷᠳᠡᠭᠡ ᠵᠢᠨ ᠲᠢᠶᠠᠠ ᠡᡁᠧ ᠭᠤᠣᠯ ᠦᠷᠦᠬᠡ ᠵᠢ ᠬᠠᠷᠪᠤᠬᠤ ᠡᠭᠦᠷᠭᠡ ᠠᠮᠵᠢᠯᠲᠠ᠎ᠲᠠᠢ ᠶᠠᠪᠤᠭᠳᠠᠪᠠ
 
            