11 ᠰᠠᠷ᠎ᠠ ᠵᠢᠨ 22᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠵᠢᠯᠣᠭᠤᠳᠬᠤ ᠭᠠᠵᠠᠷ ᠲᠧᠯᠸᠢᠰ ᠤᠳᠠᠰᠤ ᠬᠤᠷᠠᠯ ᠬᠤᠷᠠᠯᠳᠤᠭᠤᠯᠵᠤ᠂ ᠪᠥᠬᠦ ᠣᠷᠣᠨ᠎ᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠭᠰᠡᠨ ᠪᠠᠶ᠋ᠢᠳᠠᠯ ᠪᠠ ᠮᠠᠨᠵᠤᠤᠷ ᠬᠤᠲᠠ ᠵᠢᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠭᠰᠡᠨ ᠠᠵᠢᠯ᠎ᠤᠨ ᠪᠠᠶ᠋ᠢᠳᠠᠯ᠎ᠢ ᠢᠯᠡ ᠵᠠᠷᠯᠠᠵᠥ᠂ ᠭᠤᠤᠯᠳᠠᠯᠭ᠎ᠠ᠎ᠲᠠᠢ ᠠᠵᠢᠯ᠎ᠤᠨ ᠡᠭᠦᠷᠭᠡ ᠵᠢ ᠲᠣᠬᠢᠷᠠᠭᠤᠯᠤᠨ ᠪᠠᠶ᠋ᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠪᠠᠶ᠋ᠢᠩᠭᠤ ᠵᠢᠨ ᠭᠡᠰᠢᠭᠦᠨ᠂ ᠨᠠᠷᠢᠨ ᠪᠢᠴᠢᠭ᠎ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠩᠭᠤ ᠵᠢᠨ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠵᠢᠯᠣᠭᠤᠳᠬᠤ ᠭᠠᠵᠠᠷ᠎ᠤᠨ ᠳᠡᠳ᠋ ᠶᠡᠷᠦᠩᠬᠡᠶ ᠵᠢᠯᠣᠭᠤᠳᠣᠭᠴᠢ ᠵᠠᠩ ᠱᠣᠤ ᠴᠦᠨ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ᠎ᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠵᠢᠯᠣᠭᠤᠳᠬᠤ ᠭᠠᠵᠠᠷ᠎ᠤᠨ ᠳᠡᠳ᠋ ᠶᠡᠷᠦᠩᠬᠡᠶ ᠵᠢᠯᠣᠭᠤᠳᠣᠭᠴᠢ ᠡᠸᠤ ᠶᠠᠩ ᠰᠢᠶᠤᠤ ᠬᠤᠶ ᠬᠤᠷᠠᠯ᠎ᠳᠤ ᠣᠷᠣᠯᠴᠠᠵᠠᠶ᠃ ᠬᠤᠷᠠᠯ᠎ᠠᠴᠠ᠂ ᠶᠡᠷᠦᠩᠬᠡᠶ ᠱᠦᠵᠢ ᠰᠢ ᠵᠢᠨ ᠫᠢᠩ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠠᠵᠢᠯ᠎ᠤᠨ ᠲᠣᠬᠢᠷᠠᠭᠤᠯᠤᠯᠲᠠ ᠶᠣᠰᠣᠭ᠋ᠠᠷ᠂ ᠲᠠᠨᠢᠯᠲᠠ᠎ᠪᠠᠨ ᠭᠦᠨᠵᠡᠭᠡᠶ᠋ᠢᠷᠡᠭᠦᠯᠵᠦ᠂ ᠳᠠᠶ᠋ᠢᠪᠤᠰᠢᠷᠠᠬᠤ ᠪᠤᠳᠤᠯ ᠬᠠᠯᠠᠰᠢᠷᠠᠬᠤ ᠰᠡᠳᠬᠢᠯᠬᠡ ᠵᠢ ᠡᠷᠡᠰ ᠲᠡᠪᠴᠢᠵᠦ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠵᠢ ᠪᠠᠶ᠋ᠢᠩᠭᠤᠵᠢᠭᠤᠯᠬᠤ ᠠᠷᠭ᠎ᠠ ᠬᠡᠮᠵᠢᠶ᠎ᠡ ᠵᠢ ᠨᠠᠷᠢᠯᠢᠬ᠍ᠵᠢᠭᠤᠯᠤᠨ ᠨᠠᠶ᠋ᠢᠳᠠᠪᠤᠷᠢᠵᠢᠭᠤᠯᠬᠤ ᠬᠡᠷᠡᠭᠳᠡᠢ᠃ ᠮᠠᠨᠵᠤᠤᠷ ᠬᠤᠲᠠ ᠵᠢᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠠᠳᠬᠤᠵᠤ᠂ ᠰᠢᠯᠵᠢᠭᠦᠯᠤᠨ ᠪᠠᠶ᠋ᠢᠴᠠᠭ᠋ᠠᠬᠤ᠂ ᠲᠤᠰᠠᠭ᠋ᠠᠷᠯᠠᠬᠤ᠂ ᠠᠪᠤᠷᠠᠨ ᠵᠠᠰᠠᠬᠤ᠂ ᠬᠠᠮᠢᠶᠠᠷᠤᠨ ᠡᠵᠡᠮᠳᠡᠬᠦ ᠵᠡᠷᠭᠡ ᠠᠵᠢᠯ᠎ᠢ ᠰᠠᠶ᠋ᠢᠲᠤᠷ ᠬᠢᠵᠦ᠂ ᠡᠮᠴᠢᠯᠡᠭᠡᠨ ᠡᠪᠡᠳᠴᠢᠨ ᠡᠮᠭᠡᠭ᠎ᠢ ᠰᠡᠷᠬᠡᠶ᠋ᠢᠯᠡᠬᠦ ᠬᠦᠴᠦᠨ ᠪᠣᠯᠤᠨ ᠴᠢᠬᠤᠯᠠ ᠪᠦᠬᠦᠢ ᠡᠳ᠋ ᠪᠣᠳᠠᠰ᠎ᠤᠨ ᠲᠤᠰᠠᠯᠠᠮᠵᠢ ᠵᠢ ᠴᠠᠭ ᠲᠤᠬᠠᠶ᠎ᠳᠤᠨᠢ ᠵᠣᠬᠢᠶᠠᠨ ᠪᠠᠶ᠋ᠢᠭᠤᠯᠵᠤ᠂ ᠬᠢᠵᠢᠭ᠎ᠤᠨ ᠪᠠᠶ᠋ᠢᠳᠠᠯ᠎ᠤᠨ ᠲᠠᠷᠬᠠᠨ ᠳᠡᠯᠭᠡᠷᠡᠬᠦ ᠵᠢ ᠡᠷᠡᠰ ᠰᠡᠷᠭᠡᠶ᠋ᠢᠯᠡᠬᠦ ᠬᠡᠷᠡᠭᠳᠡᠢ᠃ 《ᠬᠥᠮᠦᠨ᠂ ᠪᠣᠳᠠᠰ》 ᠵᠡᠷᠭᠡ᠎ᠪᠠᠷ ᠰᠡᠷᠭᠡᠶ᠋ᠢᠯᠡᠬᠦ ᠠᠵᠢᠯ᠎ᠢ ᠦᠷᠭᠦᠯᠵᠢᠯᠡᠨ ᠰᠠᠶ᠋ᠢᠲᠤᠷ ᠬᠢᠵᠦ᠂ ᠭᠤᠤᠯᠳᠠᠯᠭ᠎ᠠ᠎ᠲᠠᠢ ᠲᠠᠯᠠᠪᠤᠷ ᠭᠠᠵᠠᠷ᠂ ᠬᠥᠮᠦᠰ᠎ᠢ ᠬᠢᠨᠠᠨ ᠬᠡᠮᠵᠢᠵᠦ ᠪᠠᠶ᠋ᠢᠴᠠᠭ᠋ᠠᠨ ᠬᠡᠮᠵᠢᠬᠦ ᠵᠢ ᠤᠯᠠᠮ ᠨᠢᠬᠡ ᠠᠯᠬᠤᠮ ᠴᠢᠩᠭ᠋ᠠᠳᠬᠠᠵᠤ᠂ ᠭᠠᠳᠠᠨ᠎ᠡ᠎ᠠᠴᠠ ᠬᠠᠯᠳᠠᠪᠤᠷᠢᠯᠠᠨ ᠤᠷᠤᠵᠥ ᠢᠷᠡᠬᠦ ᠵᠢ ᠰᠡᠷᠬᠡᠶ᠋ᠢᠯᠡᠬᠦ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠵᠤ᠂ ᠡᠮᠨᠡᠯᠭᠡ ᠵᠢᠨ ᠬᠤᠷᠢᠶᠠᠨ᠎ᠤ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠵᠢ ᠴᠢᠩᠭ᠋ᠠᠷᠠᠭᠤᠯᠵᠤ᠂ ᠭᠠᠳᠠᠭ᠋ᠠᠳᠤ᠎ᠠᠴᠠ ᠣᠷᠣᠭᠤᠯᠬᠤ ᠬᠦᠯᠳᠡᠬᠦᠦ᠎ᠪᠠᠷ ᠵᠦᠬᠡᠬᠡᠪᠦᠷᠢᠯᠡᠬᠦ ᠢᠳᠡᠭᠡᠨ ᠪᠠ ᠠᠷᠪᠠᠨ ᠳᠥᠷᠪᠡᠳᠦᠭᠡᠷ ᠬᠤᠭᠤᠴᠠᠭ᠋ᠠᠨ ᠤ ᠪᠥᠬᠦ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠤᠷᠤᠯᠳᠤᠭ᠋ᠠᠨ᠎ᠤ ᠲᠣᠭᠤᠷᠢᠭ᠎ᠤᠨ ᠬᠢᠵᠢᠭ ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠯᠠᠪᠳᠠᠭᠤᠨ ᠪᠠᠲᠤᠲᠠᠶ ᠰᠠᠶ᠋ᠢᠲᠤᠷ ᠬᠢᠵᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠠᠵᠢᠯ᠎ᠢ ᠬᠢᠨᠠᠮᠠᠭ᠋ᠠᠶ ᠰᠠᠶ᠋ᠢᠲᠤᠷ ᠬᠢᠬᠦ ᠬᠡᠷᠡᠭᠲᠡᠶ ᠬᠡᠵᠥ ᠴᠢᠬᠤᠯᠠᠴᠢᠯᠠᠪᠠ᠃ ᠬᠤᠷᠠᠯ᠎ᠠᠴᠠ᠂ 《ᠳᠥᠷᠪᠡᠨ ᠲᠠᠯ᠎ᠠ ᠵᠢᠨ ᠬᠠᠷᠢᠭᠤᠴᠠᠯᠭ᠎ᠠ》 ᠵᠢ ᠴᠢᠩᠭ᠎ᠠ ᠨᠠᠶ᠋ᠢᠳᠠᠪᠤᠷᠢᠵᠢᠭᠤᠯᠵᠤ᠂ ᠵᠢᠯᠣᠭᠤᠳᠤᠨ ᠲᠣᠬᠢᠷᠠᠭᠤᠯᠬᠤ ᠠᠵᠢᠯ ᠵᠶ᠋ᠠᠨ ᠴᠢᠩᠭ᠋ᠠᠳᠬᠠᠵᠤ᠂ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ᠎ᠪᠠᠨ ᠨᠠᠷᠢᠯᠢᠭᠵᠢᠭᠤᠯᠵᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠤᠯᠪᠠᠰᠤᠷᠠᠭᠤᠯᠤᠯ ᠵᠶ᠋ᠠᠨ ᠴᠢᠩᠭ᠋ᠠᠳᠬᠠᠵᠤ᠂ ᠮᠡᠳᠡᠭᠡ ᠵᠠᠩᠭᠢ ᠨᠡᠶ᠋ᠢᠲᠡᠯᠡᠵᠦ ᠵᠠᠷᠯᠠᠬᠤ ᠵᠢ ᠰᠠᠶ᠋ᠢᠲᠤᠷ ᠬᠢᠵᠦ᠂ ᠱᠠᠯᠠᠪᠳᠠᠭᠤᠯᠤᠨ ᠪᠠᠶ᠋ᠢᠴᠠᠭ᠋ᠠᠵᠤ ᠢᠯᠡᠷᠡᠭᠦᠯᠦᠭᠰᠡᠨ ᠠᠰᠠᠭᠤᠳᠠᠯ᠎ᠢ ᠴᠠᠭ ᠲᠤᠬᠠᠶ᠎ᠳᠤᠨᠢ ᠴᠡᠭᠴᠡᠯᠡᠨ ᠰᠠᠶ᠋ᠢᠵᠢᠷᠠᠭᠤᠯᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠰᠡᠷᠭᠡᠶ᠋ᠢᠯᠡᠯᠲᠡ ᠵᠢᠨ ᠱᠤᠭᠤᠮ᠎ᠢ ᠦᠨᠡᠨ ᠬᠦ᠌ ᠪᠠᠬᠢᠵᠢᠭᠦᠯᠬᠦ ᠬᠡᠷᠡᠭᠳᠡᠢ ᠬᠡᠵᠥ ᠱᠠᠭ᠋ᠠᠷᠳᠠᠪᠠ᠃