12 ᠳ᠋ᠤᠭ᠋ᠠᠷ ᠰᠠᠷ᠎ᠠ ᠵᠢᠨ 7᠎ᠤ ᠡᠳᠦᠷ᠂《ᠲᠤᠮᠲᠠᠲᠤ ᠤᠯᠤᠰ᠎ᠤᠨ ᠠᠨᠠᠷᠬᠠᠨ ᠤᠯᠠᠭ᠋ᠠᠨ—ᠥᠪᠥᠷ ᠮᠣᠩᠭᠣᠯ᠎ᠤᠨ ᠰᠢᠯᠦᠭ ᠳᠠᠭᠤᠯᠠᠯ ᠬᠤᠤᠰ ᠤᠶᠠᠩᠭ᠎ᠠ ᠵᠢᠨ ᠪᠦᠲᠦᠭᠡᠯ᠎ᠤᠨ ᠦᠵᠡᠭᠦᠯᠭᠡ》ᠥᠪᠥᠷ ᠮᠣᠩᠭᠣᠯ᠎ᠤᠨ ᠦᠵᠡᠰᠬᠦᠯᠡᠩ᠎ᠤᠨ ᠣᠷᠳᠣᠨ᠎ᠳᠤ ᠶᠠᠪᠤᠭᠳᠠᠪᠠ ᠃
ᠳᠡᠯᠭᠡᠨ ᠦᠵᠡᠭᠦᠯᠦᠭᠰᠡᠨ ᠰᠢᠯᠦᠭ ᠳᠠᠭᠤᠯᠠᠯ᠎ᠤᠨ ᠪᠦᠲᠦᠭᠡᠯ᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠭᠣᠣᠯ ᠰᠡᠳᠦᠪ᠎ᠤᠨ ᠲᠣᠭᠣᠷᠢᠨ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠣᠣᠷ᠎ᠠ᠂ ᠥᠪᠥᠷ ᠮᠣᠩᠭᠣᠯ᠎ᠤᠨ ᠡᠯ᠎ᠡ ᠲᠦᠷᠦᠯ᠎ᠤᠨ ᠠᠵᠢᠯ ᠦᠢ᠍ᠯᠡᠰ ᠪᠦᠬᠦ ᠲᠠᠯ᠎ᠠ᠎ᠪᠠᠷ ᠬᠥᠭᠵᠢᠨ ᠳᠠᠪᠰᠢᠭᠰᠠᠨ ᠭᠡᠷᠡᠯ ᠰᠠᠴᠤᠷᠠᠩᠭᠤᠢ ᠠᠮᠵᠢᠯᠲᠠ ᠪᠦᠲᠦᠮᠵᠢ ᠪᠣᠯᠤᠨ ᠰᠠᠢ᠍ᠢ᠍ᠨ ᠰᠠᠢ᠌ᠬᠠᠨ ᠬᠦᠰᠡᠯ ᠡᠷᠡᠮᠡᠯᠵᠡᠯ᠎ᠢ ᠮᠠᠭᠲᠠᠨ ᠳᠠᠭᠤᠯᠠᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ᠂ ᠠᠮᠢ ᠠᠬᠤᠢ ᠣᠷᠴᠢᠨ ᠲᠣᠭᠣᠷᠢᠨ᠎ᠢ ᠬᠠᠮᠠᠭ᠋ᠠᠯᠠᠬᠤ᠂ ᠠᠷᠠᠳ᠎ᠤᠨ ᠠᠮᠢᠳᠤᠷᠠᠯ᠎ᠢ ᠰᠠᠢ᠌ᠵᠢᠷᠠᠭᠤᠯᠬᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠠᠷᠭ᠋ᠠᠴᠠᠭ᠋ᠠᠬᠤ᠎ᠳᠤ ᠴᠣᠯᠭᠣᠷᠠᠨ ᠭᠠᠷᠤᠭᠰᠠᠨ ᠰᠢᠨ᠎ᠡ ᠬᠥᠮᠦᠨ ᠰᠢᠨ᠎ᠡ ᠶᠠᠪᠤᠳᠠᠯ ᠰᠢᠨ᠎ᠡ ᠳᠦᠷᠰᠦ ᠪᠠᠢ᠌ᠳᠠᠯ᠎ᠨᠢ ᠦᠨᠳᠦᠰᠦᠲᠡᠨ᠎ᠨᠦᠭᠦᠳ᠎ᠤᠨ 《ᠬᠠᠮᠲᠤ᠎ᠪᠠᠷ ᠪᠦᠯᠬᠦᠮᠳᠡᠨ ᠲᠡᠮᠡᠴᠡᠵᠦ᠂ ᠬᠠᠮᠲᠤ᠎ᠪᠠᠷ ᠴᠡᠴᠡᠭᠯᠡᠨ ᠬᠦᠭᠵᠢᠬᠦ》 ᠰᠠᠢ᠍ᠢ᠍ᠨ ᠰᠠᠢ᠌ᠬᠠᠨ ᠠᠮᠢᠳᠤᠷᠠᠯ᠎ᠢ ᠵᠢᠷᠤᠭᠯᠠᠭᠰᠠᠨ ᠪᠠᠢ᠌ᠨ᠎ᠠ ᠃
ᠲᠤᠰ ᠤᠲᠠᠭ᠋ᠠᠨ᠎ᠤ ᠦᠵᠡᠭᠦᠯᠭᠡ ᠵᠢᠨ ᠵᠣᠷᠢᠯᠭ᠎ᠠ᠎ᠨᠢ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠤᠯᠠᠮ ᠴᠢᠨᠠᠭᠰᠢᠳᠠ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ᠎ᠢ ᠪᠠᠢ᠌ᠩᠭᠤᠵᠢᠭᠤᠯᠤᠨ ᠥᠷᠨᠢᠭᠦᠯᠬᠦ ᠵᠢᠨ ᠲᠥᠯᠥᠭᠡ ᠶᠤᠮ ᠃
ᠲᠣᠰ ᠤᠳᠠᠭ᠋ᠠᠨ᠎ᠤ ᠦᠵᠡᠭᠦᠯᠭᠡ ᠵᠢ ᠥᠪᠥᠷ ᠮᠣᠩᠭᠣᠯ᠎ᠤᠨ ᠦᠵᠡᠰᠬᠦᠯᠡᠩ᠎ᠤᠨ ᠣᠷᠳᠣᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠯᠦᠭ ᠳᠠᠭᠤᠯᠠᠯ᠎ᠤᠨ ᠨᠡᠢ᠌ᠭᠡᠮᠯᠢᠭ᠎ᠠᠴᠠ ᠬᠠᠮᠲᠤᠷᠠᠨ ᠡᠷᠭᠢᠯᠡᠭᠰᠡᠨ ᠪᠥᠭᠡᠳ ᠦᠵᠡᠰᠬᠦᠯᠡᠩ᠎ᠤᠨ ᠣᠷᠳᠣᠨ᠎ᠤ 《ᠤᠮᠠᠷᠠᠲᠤ ᠬᠢᠯᠢ ᠵᠢᠨ ᠰᠢᠨ᠎ᠡ ᠴᠠᠭ ᠦᠶ᠎ᠡ ᠵᠢ ᠶᠠᠷᠢᠬᠤ》 ᠨᠡᠢ᠌ᠭᠡᠮ᠎ᠤᠨ ᠰᠤᠷᠭ᠋ᠠᠨ ᠬᠥᠮᠦᠵᠢᠯ᠎ᠤᠨ ᠨᠠᠷᠠᠲᠤ ᠲᠥᠷᠥᠯ ᠲᠡᠮᠳᠡᠭᠲᠦ ᠵᠢᠨ ᠠᠵᠢᠯᠯᠠᠭ᠎ᠠ ᠵᠢᠨ 33 ᠳ᠋ᠤᠭ᠋ᠠᠷ ᠬᠤᠭᠤᠴᠠᠭ᠎ᠠ ᠪᠣᠯᠤᠨ᠎ᠠ ᠃