ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠦᠬᠠᠶ ᠬᠣᠲᠠ ᠵᠢᠨ 2 ᠬᠥᠮᠦᠨ ᠥᠪᠡᠷᠲᠡᠭᠡᠨ ᠵᠠᠰᠠᠬᠤ ᠣᠷᠣᠨ᠎ᠤ ᠬᠣᠶᠠᠳᠤᠭ᠋ᠠᠷ ᠬᠤᠭᠤᠴᠠᠭ᠋ᠠᠨ᠎ᠤ ᠪᠥᠬᠥ ᠣᠷᠣᠨ᠎ᠤ ᠰᠣᠶᠣᠯ᠎ᠤᠨ ᠣᠷᠳᠣᠨ᠎ᠤ ᠲᠤᠬᠠᠢ᠌ᠯᠠᠭᠰᠠᠨ ᠠᠵᠢᠯᠲᠠᠨ᠎ᠤ ᠤᠷ᠎ᠠ ᠴᠢᠳᠠᠪᠤᠷᠢ ᠵᠢᠨ ᠦᠵᠡᠭᠦᠯᠭᠡ᠎ᠳᠤ ᠤᠷᠠᠨ ᠵᠢᠷᠤᠭ᠂ ᠤᠷᠠᠨ ᠪᠢᠴᠢᠯᠭᠡ᠂ ᠬᠡᠷᠡᠯ ᠵᠢᠷᠤᠭ᠎ᠤᠨ 3 ᠲᠦᠷᠦᠯ᠎ᠤᠨ ᠱᠠᠩᠨᠠᠯ ᠭᠥᠷᠳᠡᠪᠡ
ᠨᠡᠶᠢᠲᠡᠯᠡᠭᠰᠡᠨ ᠴᠠᠭ᠄ 2021-12-16

      ᠣᠢ᠌ᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠠᠴᠠ ᠭᠣᠤᠯᠯᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠣᠷᠳᠣᠨ᠎ᠠᠴᠠ ᠲᠠᠭ᠋ᠠᠭ᠋ᠠᠴᠢᠯᠠᠨ ᠡᠷᠭᠢᠯᠡᠭᠰᠡᠨ 《ᠰᠣᠶᠣᠯ᠎ᠤᠨ ᠠᠮᠢᠵᠢᠷᠠᠯ᠎ᠤᠨ ᠬᠦᠴᠦᠨ᠎ᠢ ᠪᠠᠲᠠᠷᠠᠭᠤᠯᠵᠤ ᠣᠯᠠᠨ ᠲᠦᠮᠡᠨ᠎ᠤ ᠰᠣᠶᠣᠯ᠎ᠤᠨ ᠴᠣᠭ ᠵᠢᠪᠬᠤᠭ᠎ᠠ ᠵᠢ ᠭᠠᠢ᠌ᠬᠠᠭᠤᠯᠤᠨᠠᠮ》 ᠬᠣᠶᠠᠳᠤᠭ᠋ᠠᠷ ᠬᠤᠭᠤᠴᠠᠭ᠋ᠠᠨ᠎ᠤ ᠪᠥᠬᠥ ᠣᠷᠣᠨ᠎ᠤ ᠰᠣᠶᠣᠯ᠎ᠤᠨ ᠣᠷᠳᠣᠨ᠎ᠤ ᠲᠤᠬᠠᠢ᠌ᠯᠠᠭᠰᠠᠨ ᠠᠵᠢᠯ᠎ᠤᠨ ᠠᠵᠢᠯᠲᠠᠨ᠎ᠤ ᠤᠷ᠎ᠠ ᠴᠢᠳᠠᠪᠤᠷᠢ ᠵᠢᠨ ᠤᠷᠤᠯᠲᠤᠭ᠋ᠠᠨ —   ᠤᠷᠠᠨ ᠵᠢᠷᠤᠭ᠂ ᠤᠷᠠᠨ ᠪᠢᠴᠢᠯᠭᠡ᠂ ᠬᠡᠷᠡᠯ ᠵᠢᠷᠤᠭ᠎ᠤᠨ ᠦᠵᠡᠭᠦᠯᠭᠡ ᠵᠢᠨ ᠱᠠᠩᠨᠠᠯ ᠭᠥᠷᠳᠡᠭᠰᠡᠨ ᠪᠦᠲᠦᠭᠡᠯ᠎ᠢ ᠨᠡᠢ᠌ᠲᠡᠯᠡᠪᠡ  ᠃ ᠦᠬᠠᠶ ᠬᠣᠲᠠ ᠵᠢᠨ ᠤᠳᠠ ᠲᠣᠭᠣᠷᠢᠭ᠎ᠤᠨ ᠰᠣᠶᠣᠯ᠎ᠤᠨ ᠣᠷᠳᠣᠨ᠎ᠤ ᠼᠤᠤ ᠯᠢ ᠵᠢᠨ ᠬᠡᠷᠡᠯ ᠵᠢᠷᠤᠭ᠎ᠤᠨ ᠪᠦᠲᠦᠭᠡᠯ 《ᠡᠯᠡᠰᠦᠨ ᠴᠦᠯ᠎ᠤᠨ ᠬᠣᠲᠠ》᠂ 《ᠢᠯᠠᠨ ᠲᠠᠪᠠᠬᠤ》 ᠲᠣᠰ ᠲᠣᠰ ᠬᠡᠷᠡᠯ ᠵᠢᠷᠤᠭ᠎ᠤᠨ ᠲᠥᠷᠥᠯ᠎ᠤᠨ ᠬᠣᠶᠠᠳᠤᠭ᠋ᠠᠷ᠂ ᠭᠤᠷᠪᠠᠳᠤᠭ᠋ᠠᠷ ᠳᠡᠰ᠎ᠤᠨ ᠱᠠᠩᠨᠠᠯ ᠭᠥᠷᠳᠡᠪᠡ᠃ ᠤᠳᠠ ᠲᠣᠭᠣᠷᠢᠭ᠎ᠤᠨ ᠰᠣᠶᠣᠯ᠎ᠤᠨ ᠣᠷᠳᠣᠨ᠎ᠤ ᠰᠢᠶᠣᠤ ᠬᠠᠢ ᠰᠢᠩ ᠎ᠤᠨ ᠤᠷᠠᠨ ᠪᠢᠴᠢᠯᠭᠡ ᠵᠢᠨ ᠪᠦᠲᠦᠭᠡᠯ 《ᠤᠭᠲᠤᠯᠭ᠎ᠠ ᠵᠢᠨ ᠤᠶᠠᠩᠭ᠎ᠠ》 ᠤᠷᠠᠨ ᠪᠢᠴᠢᠯᠭᠡ ᠵᠢᠨ ᠲᠥᠷᠥᠯ᠎ᠤᠨ ᠬᠣᠶᠠᠳᠤᠭ᠋ᠠᠷ ᠳᠡᠰ᠎ᠤᠨ ᠱᠠᠩᠨᠠᠯ ᠬᠦᠷᠲᠡᠪᠡ  ᠃
      ᠲᠣᠰ ᠤᠳᠠᠭ᠋ᠠᠨ᠎ᠤ ᠠᠵᠢᠯᠯᠠᠭ᠎ᠠ᠎ᠨᠢ ᠪᠥᠬᠥ ᠣᠷᠣᠨ᠎ᠤ ᠰᠣᠶᠣᠯ᠎ᠤᠨ ᠣᠷᠳᠣᠨ᠎ᠤ ᠲᠤᠬᠠᠢ᠌ᠯᠠᠭᠰᠠᠨ ᠠᠵᠢᠯ᠎ᠤᠨ ᠠᠵᠢᠯᠲᠠᠨ᠎ᠤ ᠦᠢᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠵᠦ᠂ ᠣᠯᠠᠨ ᠲᠦᠮᠡᠨ᠎ᠤ ᠰᠣᠶᠣᠯ᠎ᠤᠨ ᠡᠩᠨᠡᠭᠡ ᠵᠢᠨ ᠲᠤᠰᠬᠠᠶ ᠮᠡᠷᠭᠡᠵᠢᠯ᠎ᠤᠨ ᠬᠢᠷᠢ ᠲᠦᠪᠰᠢᠨ᠎ᠢ ᠢᠯᠡᠷᠡᠭᠦᠯᠬᠦ ᠵᠢᠨ ᠲᠥᠯᠥᠭᠡ ᠶᠤᠮ  ᠃ ᠦᠬᠠᠶ ᠬᠣᠲᠠ ᠵᠢᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠪᠥᠬᠥ ᠬᠣᠲᠠ ᠵᠢᠨ ᠰᠣᠶᠣᠯ᠎ᠤᠨ ᠣᠷᠳᠣᠨ᠎ᠢ ᠤᠯᠠᠮ ᠨᠢᠭᠡ ᠠᠯᠬᠤᠮ ᠵᠣᠷᠢᠭᠵᠢᠭᠤᠯᠤᠨ ᠬᠥᠲᠥᠯᠥᠨ ᠵᠢᠯᠣᠭᠣᠳᠴᠤ ᠪᠠᠢ᠌ᠭ᠋ᠠᠳ ᠡᠩᠨᠡᠭᠡ ᠵᠢᠨ ᠬᠡᠪ ᠴᠢᠨᠠᠷ᠎ᠢ ᠳᠡᠭᠡᠭᠰᠢᠯᠡᠭᠦᠯᠬᠦ᠂ ᠦᠢᠯᠡᠴᠢᠯᠡᠭᠡᠨ᠎ᠤ ᠦᠷ᠎ᠡ ᠪᠦᠲᠦᠮᠵᠢ ᠵᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ ᠡᠯᠪᠡᠭ ᠪᠠᠶᠠᠯᠢᠭ ᠣᠯᠠᠨ ᠲᠦᠮᠡᠨ᠎ᠤ ᠰᠣᠶᠣᠯ᠎ᠤᠨ ᠠᠵᠢᠯᠯᠠᠭ᠎ᠠ ᠵᠢ ᠭᠦᠨᠵᠡᠭᠡᠶ ᠥᠷᠨᠢᠭᠦᠯᠵᠦ᠂ ᠣᠯᠠᠨ ᠲᠦᠮᠡᠨ᠎ᠤ ᠰᠣᠶᠣᠯ᠎ᠤᠨ ᠠᠵᠢᠯᠲᠠᠨ᠎ᠤ ᠰᠢᠨ᠎ᠡ ᠴᠠᠭ ᠦᠶ᠎ᠡ ᠵᠢᠨ ᠴᠣᠭ ᠵᠢᠪᠬᠤᠭ᠎ᠠ ᠵᠢ ᠢᠯᠡᠷᠡᠭᠦᠯᠪᠡ᠃

ᠢᠷᠡᠯᠲᠡ᠄ ᠦᠬᠠᠶ ᠬᠣᠲᠠ ᠵᠢᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢᠯᠡᠰ᠎ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢ᠌ᠴᠠᠭ᠋ᠠᠬᠤ ᠬᠣᠷᠢᠶ᠎ᠠ ᠬᠠᠮᠲᠤᠷᠠᠨ ᠣᠷᠳᠣ ᠴᠠᠭ᠋ᠠᠨ ᠬᠡᠷᠡᠮ ᠵᠢᠴᠢ ᠲᠡᠦᠬᠡ ᠵᠢᠨ ᠳᠤᠷᠠᠰᠬᠠᠯᠲᠤ ᠵᠦᠢᠯᠡᠰ᠎ᠤᠨ ᠬᠠᠮᠠᠭ᠋ᠠᠯᠠᠯᠲᠠ ᠵᠢᠨ ᠨᠡᠢ᠌ᠲᠡ ᠵᠢᠨ ᠠᠰᠠᠷᠠᠮᠵᠢ ᠵᠢᠨ ᠵᠠᠷᠭᠤ ᠵᠢᠨ ᠰᠠᠭᠤᠳᠠᠯ᠎ᠤᠨ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢᠯᠡᠰ᠎ᠤᠨ ᠲᠣᠪᠴᠢᠶᠠᠨ᠎ᠤ ᠨᠠᠮ᠎ᠤᠨ ᠡᠭᠦᠷ᠎ᠤᠨ ᠱᠦᠵᠢ᠂ ᠲᠣᠪᠴᠢᠶᠠᠨ᠎ᠤ ᠳᠠᠷᠤᠭ᠎ᠠ ᠼᠤᠤ ᠵᠢᠶᠠᠨ ᠧᠨ 《ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠵᠢᠷᠭᠤᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ》 ᠭᠣᠤᠯ ᠰᠡᠳᠦᠪᠲᠦ ᠨᠠᠮ᠎ᠤᠨ ᠬᠢᠴᠢᠶᠡᠯ ᠵᠢᠭ᠋ᠠᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠵᠥᠪᠰᠢᠶᠡᠷᠡᠯ ᠥᠬᠡᠶ᠎ᠪᠠᠷ ᠵᠢᠭᠤᠯᠴᠢᠯᠠᠯ᠎ᠤᠨ ᠬᠣᠷᠢᠶ᠎ᠠ ᠵᠢᠨ ᠲᠤᠬᠠᠢ᠌ᠯᠠᠭᠰᠠᠨ ᠠᠵᠢᠯ ᠡᠵᠡᠩᠨᠡᠬᠦ᠂ 《ᠵᠦᠶ ᠵᠣᠬᠢᠰ ᠥᠬᠡᠶ ᠬᠢᠮᠳᠠ ᠦᠨ᠎ᠡ ᠵᠢᠨ ᠵᠢᠭᠤᠯᠴᠢᠯᠠᠯ》᠎ᠤᠨ ᠰᠣᠷᠭ᠋ᠠᠮᠵᠢ ᠵᠢᠨ ᠬᠡᠷᠡᠭ᠎ᠤᠨ ᠵᠢᠱ᠌ᠢᠶ᠎ᠡ ᠵᠢ ᠨᠡᠢ᠌ᠲᠡᠯᠡᠪᠡ
ᠨᠠᠮ᠎ᠤᠨ ᠠᠴᠢ᠎ᠳᠤ ᠲᠠᠯᠠᠷᠬᠠᠵᠤ ᠨᠠᠮ᠎ᠤᠨ ᠦᠭᠡ ᠵᠢ ᠰᠣᠨᠣᠰᠴᠤ ᠨᠠᠮ ᠵᠶ᠋ᠠᠨ ᠳᠠᠭ᠋ᠠᠵᠤ ᠰᠢᠨ᠎ᠡ ᠴᠠᠭ ᠦᠶ᠎ᠡ᠎ᠳᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ ᠦᠷᠭᠦᠯᠵᠢᠯᠡᠨ ᠪᠠᠲᠤᠯᠠᠨ᠎ᠠ
ᠦᠪᠦᠷ ᠮᠤᠩᠭᠤᠯ᠎ᠤᠨ ᠲᠦᠯᠦᠭᠡᠯᠡᠭᠴᠢᠳ᠎ᠤᠨ ᠪᠦᠯᠬᠦᠮ᠎ᠤᠨ᠎ᠬᠢᠨ 《ᠡᠷᠡᠮᠡᠬᠡᠢ᠌ᠯᠡᠨ ᠤᠷᠤᠭᠰᠢᠯᠠᠬᠤᠢ ᠰᠢᠨ᠎ᠡ ᠴᠠᠭ ᠦᠶ᠎ᠡ》 ᠭᠤᠤᠯ ᠰᠡᠳᠦᠪᠲᠦ ᠠᠮᠵᠢᠯᠲᠠ ᠪᠦᠲᠦᠮᠵᠢ ᠵᠢᠨ ᠦᠵᠡᠰᠭᠦᠯᠡᠩ᠎ᠢ ᠬᠠᠮᠲᠤ᠎ᠪᠠᠷ ᠲᠤᠭᠤᠷᠢᠨ ᠦᠵᠡᠪᠡ
 
            