ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢᠯᠡᠰ᠎ᠤᠨ ᠲᠣᠪᠴᠢᠶᠠᠨ᠎ᠤ ᠨᠠᠮ᠎ᠤᠨ ᠡᠭᠦᠷ᠎ᠤᠨ ᠱᠦᠵᠢ᠂ ᠲᠣᠪᠴᠢᠶᠠᠨ᠎ᠤ ᠳᠠᠷᠤᠭ᠎ᠠ ᠼᠤᠤ ᠵᠢᠶᠠᠨ ᠧᠨ 《ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠵᠢᠷᠭᠤᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ》 ᠭᠣᠤᠯ ᠰᠡᠳᠦᠪᠲᠦ ᠨᠠᠮ᠎ᠤᠨ ᠬᠢᠴᠢᠶᠡᠯ ᠵᠢᠭ᠋ᠠᠪᠠ
ᠨᠡᠶᠢᠲᠡᠯᠡᠭᠰᠡᠨ ᠴᠠᠭ᠄ 2021-12-20

     12 ᠳ᠋ᠤᠭ᠋ᠠᠷ ᠰᠠᠷ᠎ᠠ ᠵᠢᠨ 2᠎ᠤᠨ ᠡᠳᠦᠷ᠎ᠤᠨ ᠦᠳᠡ ᠵᠢᠨ ᠬᠣᠢ᠌ᠨ᠎ᠠ᠂ 《ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠰᠣᠶᠣᠯ ᠵᠢᠭᠤᠯᠴᠢᠯᠠᠯ᠎ᠤᠨ ᠰᠢᠰᠲ᠋ᠧᠮ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠵᠢᠷᠭᠤᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠶ ᠰᠤᠷᠤᠯᠴᠠᠨ ᠲᠤᠭᠤᠰᠢᠯᠠᠭᠤᠯᠬᠤ ᠲᠤᠬᠠᠶ ᠬᠡᠷᠡᠭᠵᠢᠭᠦᠯᠬᠦ ᠲᠥᠰᠦᠯ》᠎ᠤᠨ ᠪᠠᠢ᠌ᠷᠢᠯᠠᠭᠤᠯᠤᠯᠲᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢᠯᠡᠰ᠎ᠤᠨ ᠲᠣᠪᠴᠢᠶᠠᠨ᠎ᠤ ᠨᠠᠮ᠎ᠤᠨ ᠡᠭᠦᠷ᠎ᠤᠨ ᠱᠦᠵᠢ᠂ ᠲᠣᠪᠴᠢᠶᠠᠨ᠎ᠤ ᠳᠠᠷᠤᠭ᠎ᠠ ᠼᠤᠤ ᠵᠢᠶᠠᠨ ᠧᠨ 《ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠵᠢᠷᠭᠤᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ》 ᠭᠣᠤᠯ ᠰᠡᠳᠦᠪᠲᠦ ᠨᠠᠮ᠎ᠤᠨ ᠬᠢᠴᠢᠶᠡᠯ ᠵᠢᠭ᠋ᠠᠪᠠ᠃ ᠨᠠᠮ᠎ᠤᠨ ᠬᠢᠴᠢᠶᠡᠯ᠎ᠨᠢ 《ᠲᠡᠦᠬᠡ ᠵᠢᠨ ᠲᠤᠷᠰᠢᠯᠭ᠎ᠠ᠎ᠠᠴᠠ ᠤᠷᠤᠭᠰᠢᠯᠠᠬᠤ ᠬᠦᠴᠦᠨ ᠣᠯᠵᠤ᠂ ᠲᠡᠮᠡᠴᠡᠯ᠎ᠤᠨ ᠴᠢᠭᠯᠡᠯ ᠵᠶ᠋ᠡᠨ ᠲᠣᠳᠣᠷᠬᠠᠢ᠌ᠯᠠᠬᠤ》᠎ᠪᠠᠷ ᠭᠣᠤᠯ ᠰᠡᠳᠦᠪ   ᠪᠣᠯᠭ᠋ᠠᠨ᠂ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠵᠢᠷᠭᠤᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠣᠢ᠌ᠯᠠᠭ᠋ᠠᠬᠤ᠂ 《ᠳᠤᠮᠳᠠᠳᠤ ᠤᠯᠤᠰ᠎ᠤᠨ ᠡᠪ ᠬᠠᠮᠲᠤ ᠨᠠᠮ ᠭᠡᠵᠦ ᠶᠠᠭᠤ ᠪᠣᠶ᠂ ᠶᠠᠭᠤ ᠬᠢᠬᠦ ᠪᠣᠶ》 ᠭᠡᠰᠡᠨ ᠦᠨᠳᠦᠰᠦᠨ ᠠᠰᠠᠭᠤᠳᠠᠯ᠎ᠢ ᠭᠦᠨᠵᠡᠭᠡᠶ ᠲᠠᠨᠢᠨ ᠡᠵᠡᠮᠰᠢᠬᠦ᠂ ᠲᠡᠦᠬᠡ ᠵᠢᠨ ᠳᠤᠷᠠᠰᠬᠠᠯᠲᠤ ᠵᠦᠢᠯᠡᠰ᠎ᠤᠨ ᠦᠢᠯᠡᠰ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠭᠤᠷᠪᠠᠨ ᠲᠠᠯ᠎ᠠ᠎ᠪᠠᠷ ᠰᠢᠰᠲ᠋ᠧᠮ᠎ᠲᠠᠢ ᠦᠭᠦᠯᠡᠪᠡ᠃ ᠲᠡᠦᠬᠡ ᠵᠢᠨ ᠳᠤᠷᠠᠰᠬᠠᠯᠲᠤ ᠵᠦᠢᠯᠡᠰ᠎ᠤᠨ ᠲᠣᠪᠴᠢᠶᠠᠨ᠎ᠤ ᠨᠠᠮ᠎ᠤᠨ ᠭᠡᠰᠢᠭᠦᠨ᠂ ᠨᠠᠮ᠎ᠳᠤ ᠣᠷᠣᠬᠤ ᠢᠳᠡᠪᠬᠢᠲᠡᠨ ᠵᠢᠴᠢ ᠪᠥᠬᠥ ᠤᠳᠤᠷᠢᠳᠬᠤ ᠺᠠᠳ᠋ᠷ ᠨᠠᠮ᠎ᠤᠨ ᠬᠢᠴᠢᠶᠡᠯ ᠰᠤᠷᠬᠤ᠎ᠳᠤ ᠣᠷᠤᠯᠴᠠᠵᠠᠢ᠃

      ᠼᠤᠤ ᠵᠢᠶᠠᠨ ᠧᠨ ᠵᠢᠭ᠋ᠠᠵᠤ ᠭᠠᠷᠭ᠋ᠠᠭᠰᠠᠨ᠎ᠨᠢ᠂ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠵᠢᠷᠭᠤᠳᠤᠭ᠋ᠠᠷ ᠪᠦᠬᠦᠳᠠ ᠬᠤᠷᠠᠯ ᠪᠣᠯ ᠴᠢᠬᠤᠯᠠ ᠲᠡᠦᠬᠡ ᠵᠢᠨ ᠵᠠᠩᠭᠢᠯᠠᠭ᠎ᠠ ᠵᠢᠨ ᠦᠶ᠎ᠡ᠎ᠳᠤ ᠬᠤᠷᠠᠯᠳᠤᠭᠰᠠᠨ ᠨᠢᠭᠡ ᠤᠳᠠᠭ᠎ᠠ ᠵᠢᠨ ᠴᠢᠬᠤᠯᠠ ᠶᠡᠬᠡ ᠲᠡᠦᠬᠡᠲᠦ ᠠᠴᠢ ᠬᠣᠯᠪᠣᠭᠳᠠᠯ᠎ᠲᠠᠢ ᠬᠤᠷᠠᠯ ᠪᠣᠯᠬᠤ ᠶᠤᠮ᠃ ᠶᠡᠷᠦᠩᠬᠡᠢ ᠱᠦᠵᠢ ᠰᠢ ᠵᠢᠨ ᠫᠢᠩ᠎ᠤᠨ ᠪᠦᠬᠦᠳᠠ ᠬᠤᠷᠠᠯ ᠳᠡᠭᠡᠷᠡᠬᠢ ᠴᠢᠬᠤᠯᠠ ᠶᠠᠷᠢᠶ᠎ᠠ᠎ᠨᠢ ᠠᠯᠤᠰ ᠬᠡᠳᠤ ᠵᠢᠨ ᠵᠣᠭᠰᠣᠴᠠ᠎ᠲᠠᠢ᠂ ᠥᠷᠭᠡᠨ ᠠᠭᠤᠳᠠᠮ ᠬᠠᠷᠠᠭ᠋ᠠᠰᠤ᠎ᠲᠠᠢ᠂ ᠭᠦᠨᠵᠡᠭᠡᠢ ᠦᠵᠡᠯ ᠰᠠᠨᠠᠭ᠎ᠠ᠎ᠲᠠᠢ᠂ ᠬᠥᠮᠦᠰ᠎ᠢ ᠤᠷᠮᠠᠰᠢᠭᠤᠯᠤᠨ ᠵᠣᠷᠢᠭᠵᠢᠭᠤᠯᠤᠭᠰᠠᠨ᠂ ᠲᠤᠢ᠌ᠯ᠎ᠤᠨ ᠴᠢᠩᠭ᠎ᠠ ᠤᠯᠤᠰ ᠲᠦᠷᠦ ᠵᠢᠨ ᠴᠢᠨᠠᠷ᠂ ᠤᠨᠤᠯ᠎ᠤᠨ ᠴᠢᠨᠠᠷ᠂ ᠪᠠᠢ᠌ᠯᠳᠤᠬᠤ ᠪᠤᠳᠤᠯᠭ᠎ᠠ ᠵᠢᠨ ᠴᠢᠨᠠᠷ᠂ ᠵᠢᠯᠣᠭᠣᠳᠬᠤ ᠴᠢᠨᠠᠷ᠎ᠲᠠᠢ᠂ ᠬᠣᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ ᠪᠣᠯᠤᠨ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠳᠤᠮᠳᠠᠳᠤ ᠵᠢᠨ ᠵᠡᠭᠦᠳᠦ ᠵᠢ ᠲᠡᠷᠭᠡᠯᠰᠢᠭᠦᠯᠬᠦ᠎ᠳᠤ ᠤᠷᠤᠭᠰᠢᠯᠠᠯᠲᠠ ᠵᠢᠨ ᠴᠢᠭᠯᠡᠯ᠎ᠢ ᠲᠣᠳᠣᠷᠬᠠᠢ ᠵᠢᠭ᠋ᠠᠵᠤ᠂ ᠦᠨᠳᠦᠰᠦᠨ ᠵᠢᠷᠤᠮᠯᠠᠯ᠎ᠢ ᠬᠠᠩᠭ᠋ᠠᠵᠤ ᠦᠭᠴᠡᠢ᠃ ᠬᠤᠷᠠᠯ᠎ᠤᠨ ᠬᠢᠨᠠᠨ ᠵᠥᠪᠯᠡᠵᠦ ᠪᠠᠲᠤᠯᠠᠭᠰᠠᠨ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠴᠢᠬᠤᠯᠠ ᠶᠡᠬᠡ ᠠᠮᠵᠢᠯᠲᠠ ᠪᠦᠲᠦᠮᠵᠢ ᠪᠠ ᠲᠡᠦᠬᠡ ᠵᠢᠨ ᠲᠤᠷᠰᠢᠯᠭ᠎ᠠ ᠵᠢᠨ ᠲᠤᠬᠠᠶ ᠰᠢᠢᠳᠪᠦᠷᠢ》 ᠪᠣᠯ ᠮᠠᠷᠺᠰ᠎ᠤᠨ ᠦᠵᠡᠯ᠎ᠤᠨ ᠦᠨᠡᠨ ᠶᠣᠰᠣᠨ᠎ᠤ ᠬᠡᠷᠡᠯ ᠰᠠᠴᠤᠷᠠᠭᠰᠠᠨ ᠬᠥᠲᠥᠯᠪᠦᠷᠢ ᠵᠢᠨ ᠴᠢᠨᠠᠷᠲᠠᠶ ᠲᠤᠯᠭᠤᠷ ᠪᠢᠴᠢᠭ ᠮᠥᠨ᠂ ᠪᠥᠬᠥ ᠨᠠᠮ ᠪᠥᠬᠥ ᠤᠯᠤᠰ ᠡᠯ᠎ᠡ ᠦᠨᠳᠦᠰᠦᠲᠡᠨ᠎ᠤ ᠠᠷᠠᠳ ᠲᠦᠮᠡᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠰᠢᠨ᠎ᠡ ᠠᠭᠤᠤ ᠶᠡᠬᠡ ᠢᠯᠠᠯᠲᠠ ᠵᠢ ᠲᠡᠮᠡᠴᠡᠨ ᠤᠯᠬᠤ ᠵᠢ   ᠬᠦᠴᠦᠲᠡᠶ ᠬᠥᠲᠥᠯᠥᠨ ᠳᠠᠭ᠋ᠠᠭᠤᠯᠬᠤ᠎ᠨᠢ ᠯᠠᠪᠲᠠᠶ ᠶᠤᠮ ᠭᠡᠪᠡ᠃

      ᠼᠤᠤ ᠵᠢᠶᠠᠨ ᠧᠨ ᠴᠢᠬᠤᠯᠠᠴᠢᠯᠠᠭᠰᠠᠨ᠎ᠨᠢ᠂ 《ᠬᠣᠣᠰ ᠵᠠᠭᠤᠨ ᠵᠢᠯ》᠎ᠤᠨ ᠲᠡᠮᠡᠴᠡᠬᠦ ᠬᠠᠷᠠᠯᠲᠠ ᠵᠢᠨ ᠲᠡᠦᠬᠡ ᠵᠢᠨ ᠠᠭᠤᠯᠵᠠᠷ᠎ᠲᠤ   ᠵᠣᠭᠰᠤᠨ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠦᠢ᠍ᠯᠡᠰ᠎ᠤᠨ ᠬᠥᠭᠵᠢᠯᠲᠡ ᠤᠷᠢᠳᠤᠬᠢ ᠵᠢ ᠵᠠᠯᠭ᠋ᠠᠮᠵᠢᠯᠠᠨ ᠬᠣᠢ᠌ᠰᠢᠬᠢ᠎ᠳᠤ ᠵᠠᠮ ᠨᠡᠭᠡᠭᠡᠵᠦ ᠥᠭᠪᠡ᠃ ᠪᠢᠳᠡ ᠲᠡᠦᠬᠡ ᠵᠢᠨ ᠲᠤᠷᠰᠢᠯᠭ᠎ᠠ᠎ᠪᠠᠨ ᠨᠠᠷᠢᠨ ᠬᠢᠨᠠᠮᠠᠭ᠋ᠠᠢ ᠳ᠋ᠦᠩᠨᠡᠨ᠂ ᠲᠡᠦᠬᠡ ᠵᠢᠨ ᠵᠢᠮ᠎ᠡ ᠶᠣᠰᠣ ᠵᠢ ᠡᠵᠡᠮᠳᠡᠵᠦ᠂ ᠲᠡᠦᠬᠡ ᠵᠢᠨ ᠲᠣᠭᠲᠠᠯ ᠬᠦᠴᠦᠨ ᠵᠶ᠋ᠡᠨ ᠴᠢᠩᠭ᠋ᠠᠳᠬᠠᠨ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠠᠵᠢᠯ᠎ᠤᠨ ᠰᠢᠨ᠎ᠡ ᠪᠠᠢ᠌ᠳᠠᠯ᠎ᠢ ᠪᠣᠢ ᠪᠤᠯᠭ᠋ᠠᠬᠤ ᠬᠡᠷᠡᠭᠲᠡᠢ᠃
      ᠨᠢᠭᠡ᠎ᠳᠤ᠂ 《ᠬᠣᠶᠠᠷ᠎ᠢ ᠨᠢᠭᠡᠳᠦᠯᠲᠡᠶ ᠲᠥᠯᠥᠪᠵᠢᠭᠦᠯᠬᠦ》 ᠵᠢ ᠰᠠᠢ᠌ᠲᠤᠷ ᠬᠢᠵᠦ᠂ ᠵᠢᠷᠭᠤᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠵᠢ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠲᠠᠢ ᠨᠢᠭᠡᠳᠦᠯᠲᠡᠶ ᠲᠥᠯᠥᠪᠵᠢᠭᠦᠯᠵᠦ᠂ ᠨᠠᠮ᠎ᠤᠨ ᠰᠢᠨ᠎ᠡ ᠵᠢ ᠡᠭᠦᠳᠬᠦ ᠣᠨᠣᠯ᠎ᠢ ᠭᠦᠨᠵᠡᠭᠡᠶ ᠰᠤᠷᠤᠯᠴᠠᠨ ᠨᠡᠪᠲᠡᠷᠬᠡᠶ ᠣᠢ᠌ᠯᠠᠭ᠋ᠠᠬᠤ ᠳᠡᠭᠡᠷ᠎ᠡ ᠦᠨᠡᠨ ᠬᠦ᠌ ᠬᠦᠴᠦ᠎ᠪᠠᠨ ᠣᠷᠣᠭᠤᠯᠵᠤ᠂ ᠪᠣᠳᠠᠲᠤ ᠦᠷ᠎ᠡ ᠪᠦᠲᠦᠮᠵᠢ ᠵᠢ ᠡᠷᠬᠢᠮᠯᠡᠨ; ᠠᠷᠠᠳ᠎ᠤᠨ ᠲᠥᠯᠥᠭᠡ ᠪᠣᠳᠠᠲᠤ ᠶᠠᠪᠤᠳᠠᠯ᠎ᠢ ᠰᠠᠢ᠌ᠲᠤᠷ ᠬᠢᠬᠦ ᠳᠡᠭᠡᠷ᠎ᠡ ᠦᠨᠡᠨ ᠬᠦ᠌ ᠬᠦᠴᠦ᠎ᠪᠠᠨ ᠣᠷᠣᠭᠤᠯᠵᠤ᠂ ᠪᠣᠳᠠᠲᠤ ᠦᠷ᠎ᠡ ᠪᠦᠲᠦᠮᠵᠢ ᠵᠢ ᠡᠷᠬᠢᠮᠯᠡᠨ; ᠬᠥᠭᠵᠢᠯᠲᠡ ᠵᠢᠨ ᠰᠢᠨ᠎ᠡ ᠪᠠᠢ᠌ᠳᠠᠯ᠎ᠢ ᠨᠡᠭᠡᠭᠡᠬᠦ ᠳᠡᠭᠡᠷ᠎ᠡ ᠦᠨᠡᠨ ᠬᠦ᠌ ᠬᠦᠴᠦ᠎ᠪᠠᠨ ᠣᠷᠣᠭᠤᠯᠵᠤ᠂ ᠪᠣᠳᠠᠲᠤ ᠦᠷ᠎ᠡ ᠪᠦᠲᠦᠮᠵᠢ ᠵᠢ ᠡᠷᠬᠢᠮᠯᠡᠨ᠂ ᠲᠡᠦᠬᠡ ᠵᠢᠨ ᠳᠤᠷᠠᠰᠬᠠᠯᠲᠤ ᠵᠦᠢᠯᠡᠰ᠎ᠤᠨ ᠰᠢᠰᠲ᠋ᠧᠮ᠎ᠤᠨ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠬᠤ ᠵᠢ ᠦᠷᠭᠦᠯᠵᠢᠯᠡᠨ ᠠᠬᠢᠭᠤᠯᠬᠤ ᠬᠡᠷᠡᠭᠲᠡᠶ᠃
      ᠬᠣᠶᠠᠷ᠎ᠲᠤ᠂ ᠲᠥᠪ ᠬᠣᠷᠢᠶᠠᠨ᠎ᠤ ᠵᠢᠷᠭᠤᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠶᠠᠪᠤᠳᠠᠯ᠎ᠢ ᠡᠨᠡ ᠵᠢᠯ᠎ᠤᠨ ᠭᠣᠤᠯᠳᠠᠯᠭ᠎ᠠ᠎ᠲᠠᠢ ᠠᠵᠢᠯ᠎ᠤᠨ ᠡᠭᠦᠷᠭᠡ᠎ᠪᠠᠨ ᠪᠡᠶᠡᠯᠡᠭᠦᠯᠬᠦ᠂ ᠢᠷᠡᠬᠦ ᠵᠢᠯ᠎ᠤᠨ ᠠᠵᠢᠯ᠎ᠤᠨ ᠰᠡᠳᠬᠢᠮᠵᠢ ᠵᠢ ᠲᠥᠯᠥᠪᠯᠡᠬᠦ᠎ᠲᠠᠢ ᠨᠢᠭᠡᠳᠦᠯᠲᠡᠶ ᠲᠥᠯᠥᠪᠯᠡᠵᠦ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠰᠢᠰᠲ᠋ᠧᠮ᠎ᠤᠨ ᠨᠠᠮ᠎ᠤᠨ ᠪᠠᠢ᠌ᠭᠤᠯᠤᠯᠲᠠ᠂ ᠲᠤᠬᠠᠢ᠌ᠯᠠᠭᠰᠠᠨ ᠠᠵᠢᠯ᠎ᠤᠨ ᠥᠷᠨᠢᠯᠲᠡ᠂ ᠺᠠᠳ᠋ᠷ᠎ᠤᠨ ᠡᠩᠨᠡᠭᠡᠨ᠎ᠤ ᠪᠠᠢ᠌ᠭᠤᠯᠤᠯᠲᠠ ᠪᠠ ᠨᠠᠮ᠎ᠢ ᠪᠥᠬᠥ ᠲᠠᠯ᠎ᠠ᠎ᠪᠠᠷ ᠴᠢᠩᠭ᠎ᠠ ᠵᠠᠰᠠᠬᠤ ᠵᠡᠷᠭᠡ ᠲᠠᠯ᠎ᠠ᠎ᠪᠠᠷ ᠦᠷᠭᠦᠯᠵᠢᠯᠡᠨ ᠬᠦᠴᠦᠯᠡᠨ ᠴᠢᠷᠮᠠᠢ᠌ᠵᠤ᠂ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠬᠡᠷᠡᠭᠲᠡᠶ᠃
      ᠭᠤᠷᠪᠠ᠎ᠳᠤ᠂ ᠤᠭ ᠰᠠᠨᠠᠭ᠎ᠠ᠎ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ ᠵᠢ ᠢᠮᠠᠭᠲᠠ ᠪᠠᠷᠢᠮᠲᠠᠯᠠᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠣᠣᠯ ᠰᠢᠵᠢᠮ᠎ᠢ ᠪᠠᠲᠤ ᠡᠵᠡᠮᠳᠡᠵᠦ᠂ ᠨᠢᠭᠡ ᠰᠡᠳᠬᠢᠯ ᠨᠢᠭᠡ ᠵᠣᠷᠢᠭ ᠵᠶ᠋ᠠᠷ ᠰᠢᠷᠭ᠋ᠠᠭᠤ ᠠᠵᠢᠯᠯᠠᠵᠤ᠂ ᠴᠥᠬᠥᠷᠡᠰᠢ ᠦᠭᠡᠢ ᠤᠷᠤᠭᠰᠢᠯᠠᠬᠤ ᠡᠷᠴᠢ ᠵᠣᠷᠢᠭ᠂ ᠰᠢᠨᠳᠠᠷᠠᠰᠢ ᠦᠭᠡᠢ ᠵᠣᠷᠢᠭ ᠪᠣᠯᠤᠨ ᠲᠡᠮᠡᠴᠡᠯ᠎ᠤᠨ ᠵᠣᠷᠢᠭ ᠵᠶ᠋ᠠᠷ ᠰᠢᠨ᠎ᠡ ᠬᠥᠭᠵᠢᠯᠲᠡ ᠵᠢᠨ ᠱᠠᠲᠤᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠭᠦᠨᠵᠡᠭᠡᠢ ᠠᠬᠢᠭᠤᠯᠤᠨ᠂ ᠰᠢᠯᠢᠳᠡᠭ ᠠᠮᠵᠢᠯᠲᠠ᠎ᠪᠠᠷ ᠵᠶ᠋ᠠᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠠᠮᠵᠢᠯᠲᠠ᠎ᠲᠠᠢ ᠬᠤᠷᠠᠯᠳᠤᠬᠤ ᠵᠢ ᠤᠭᠲᠤᠬᠤ ᠬᠡᠷᠡᠭᠲᠡᠢ ᠭᠡᠪᠡ᠃
      《ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠵᠢᠷᠭᠤᠳᠤᠭ᠋ᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ》 ᠭᠣᠣᠯ ᠰᠡᠳᠦᠪᠲᠦ ᠨᠠᠮ᠎ᠤᠨ ᠬᠢᠴᠢᠶᠡᠯ᠎ᠨᠢ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶᠠᠨ᠎ᠤ ᠪᠦᠬᠦ ᠨᠠᠮ᠎ᠤᠨ ᠭᠡᠰᠢᠭᠦᠨ ᠺᠠᠳ᠋ᠷ᠎ᠲᠤ ᠮᠠᠰᠢ ᠶᠡᠬᠡ ᠠᠰᠢᠭ ᠬᠦᠷᠲᠡᠭᠡᠭᠰᠡᠨ ᠪᠥᠭᠡᠳ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠠᠵᠢᠯᠲᠠᠳ᠎ᠤᠨ ᠡᠭᠦᠷᠭᠡᠯᠡᠵᠦ ᠪᠠᠢ᠌ᠭ᠎ᠠ ᠬᠠᠷᠢᠭᠤᠴᠠᠯᠭ᠎ᠠ ᠪᠠ ᠡᠭᠦᠷᠭᠡ ᠵᠢ ᠭᠦᠨᠵᠡᠭᠡᠢ ᠲᠠᠨᠢᠭᠤᠯᠪᠠ᠃ ᠣᠯᠠᠨ ᠵᠶ᠋ᠠᠷ ᠵᠶ᠋ᠠᠨ᠂ ᠬᠣᠢ᠌ᠰᠢᠳᠠ ᠵᠢᠨ ᠠᠵᠢᠯ᠎ᠤᠨ ᠳᠤᠮᠳᠠ᠎ᠪᠠᠨ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠵᠢᠷᠭᠤᠳᠤᠭ᠋ᠠᠷ ᠪᠥᠬᠥᠳᠡ ᠬᠤᠷᠠᠯ᠎ᠤᠨ ᠳᠤᠷᠠᠳᠤᠭᠰᠠᠨ ᠲᠡᠦᠬᠡᠨ ᠲᠤᠷᠰᠢᠯᠭ᠎ᠠ ᠵᠢᠨ ᠲᠤᠬᠠᠶ ᠲᠠᠨᠢᠯᠲᠠ ᠪᠠ ᠡᠵᠡᠮᠳᠡᠯ ᠵᠶ᠋ᠡᠨ ᠤᠯᠠᠮ ᠴᠢᠨᠠᠭᠰᠢᠳᠠ ᠭᠦᠨᠵᠡᠭᠡᠢ᠌ᠷᠡᠭᠦᠯᠦᠨ᠂ ᠲᠡᠦᠬᠡ ᠵᠢᠨ ᠳᠤᠷᠠᠰᠬᠠᠯᠲᠤ ᠵᠦᠢᠯᠡᠰ᠎ᠤᠨ ᠠᠵᠢᠯ᠎ᠤᠨ ᠡᠯ᠎ᠡ ᠲᠠᠯ᠎ᠠ ᠵᠢᠨ ᠪᠥᠬᠥ ᠶᠠᠪᠤᠴᠠ᠎ᠳᠤ ᠦᠨᠡᠨ ᠬᠦ᠌ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠠᠵᠢᠯ᠎ᠤᠨ ᠰᠢᠰᠲ᠋ᠧᠮᠲᠦ ᠴᠢᠨᠠᠷ᠂ ᠤᠷᠢᠳᠴᠢᠯᠠᠨ ᠮᠡᠳᠡᠬᠦ ᠴᠢᠨᠠᠷ ᠪᠠ ᠪᠦᠲᠦᠭᠡᠯᠴᠢ ᠴᠢᠨᠠᠷ ᠵᠶ᠋ᠠᠨ ᠲᠠᠰᠤᠷᠠᠯᠲᠠ ᠥᠬᠡᠶ ᠴᠢᠩᠭ᠋ᠠᠳᠬᠠᠨ᠂ ᠤᠷᠤᠭᠰᠢᠯᠠᠯᠲᠠ ᠵᠢᠨ ᠵᠠᠮ ᠳᠡᠭᠡᠷᠡᠬᠢ ᠡᠯ᠎ᠡ ᠵᠦᠢᠯ᠎ᠤᠨ ᠠᠶᠤᠯ ᠲᠦᠭᠰᠢᠭᠦᠷᠢ   ᠪᠠᠷᠲᠠᠭ᠎ᠠ ᠰᠠᠭ᠋ᠠᠳ᠎ᠢ ᠨᠠᠩ ᠰᠠᠢ᠌ᠲᠤᠷ ᠢᠯᠠᠨ ᠳᠠᠪᠠᠵᠤ᠂ ᠮᠠᠷᠺᠰ᠎ᠤᠨ ᠦᠵᠡᠯ᠎ᠤᠨ ᠳᠤᠮᠳᠠᠳᠤ ᠤᠯᠤᠰᠴᠢᠯᠠᠭᠰᠠᠨ ᠰᠢᠨ᠎ᠡ ᠵᠢ ᠡᠭᠦᠳᠬᠦ ᠣᠨᠣᠯ᠎ᠤᠨ ᠲᠡᠦᠬᠡ ᠵᠢᠨ ᠳᠤᠷᠠᠰᠬᠠᠯᠲᠤ ᠵᠦᠢᠯᠡᠰ᠎ᠤᠨ ᠬᠦᠷᠢᠶᠡᠨ᠎ᠳᠤ ᠴᠡᠴᠡᠭᠯᠡᠨ ᠵᠢᠮᠢᠰᠯᠡᠬᠦ ᠵᠢ ᠤᠯᠠᠮ ᠴᠢᠨᠠᠭᠰᠢᠳᠠ ᠠᠬᠢᠭᠤᠯᠤᠨ᠂ ᠠᠵᠢᠯ᠎ᠤᠨ ᠦᠷ᠎ᠡ ᠪᠦᠲᠦᠭᠡᠯ ᠵᠶ᠋ᠡᠷ ᠵᠶ᠋ᠡᠨ ᠰᠤᠷᠤᠯᠴᠠᠯᠭ᠎ᠠ ᠵᠢᠨ ᠦᠷ᠎ᠡ ᠪᠦᠲᠦᠮᠵᠢ ᠵᠢ ᠰᠢᠯᠭ᠋ᠠᠵᠤ᠂ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠪᠣᠳᠠᠲᠠᠶ᠎ᠳᠤ ᠨᠠᠢ᠌ᠳᠠᠪᠤᠷᠢᠵᠢᠭᠤᠯᠬᠤ ᠵᠢ ᠦᠨᠡᠨ ᠬᠦ᠌ ᠪᠠᠲᠤᠯᠠᠨ᠎ᠠ ᠭᠡᠵᠦ ᠰᠠᠨᠠᠯ ᠨᠢᠭᠡᠲᠡᠶ ᠢᠯᠡᠳᠭᠡᠵᠡᠭᠡᠵᠡᠢ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            