ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢᠯᠡᠰ᠎ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢ᠌ᠴᠠᠭ᠋ᠠᠬᠤ ᠬᠣᠷᠢᠶ᠎ᠠ ᠬᠠᠮᠲᠤᠷᠠᠨ ᠣᠷᠳᠣ ᠴᠠᠭ᠋ᠠᠨ ᠬᠡᠷᠡᠮ ᠵᠢᠴᠢ ᠲᠡᠦᠬᠡ ᠵᠢᠨ ᠳᠤᠷᠠᠰᠬᠠᠯᠲᠤ ᠵᠦᠢᠯᠡᠰ᠎ᠤᠨ ᠬᠠᠮᠠᠭ᠋ᠠᠯᠠᠯᠲᠠ ᠵᠢᠨ ᠨᠡᠢ᠌ᠲᠡ ᠵᠢᠨ ᠠᠰᠠᠷᠠᠮᠵᠢ ᠵᠢᠨ ᠵᠠᠷᠭᠤ ᠵᠢᠨ ᠰᠠᠭᠤᠳᠠᠯ᠎ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄ 2021-12-20

     12 ᠳ᠋ᠤᠭ᠋ᠠᠷ ᠰᠠᠷ᠎ᠠ ᠵᠢᠨ 3᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢᠯᠡᠰ᠎ᠤᠨ ᠲᠣᠪᠴᠢᠶ᠎ᠠ ᠬᠢᠭᠡᠳ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢ᠌ᠴᠠᠭ᠋ᠠᠬᠤ ᠬᠣᠷᠢᠶ᠎ᠠ ᠬᠠᠮᠲᠤᠷᠠᠨ ᠣᠷᠳᠣ ᠴᠠᠭ᠋ᠠᠨ ᠬᠡᠷᠡᠮ ᠵᠢᠴᠢ ᠲᠡᠦᠬᠡ ᠵᠢᠨ ᠳᠤᠷᠠᠰᠬᠠᠯᠲᠤ ᠵᠦᠢᠯᠡᠰ᠎ᠤᠨ ᠬᠠᠮᠠᠭ᠋ᠠᠯᠠᠯᠲᠠ ᠵᠢᠨ ᠨᠡᠢ᠌ᠲᠡ ᠵᠢᠨ ᠠᠰᠠᠷᠠᠮᠵᠢ ᠵᠢᠨ ᠵᠠᠷᠭᠤ ᠵᠢᠨ ᠰᠠᠭᠤᠳᠠᠯ᠎ᠤᠨ ᠬᠤᠷᠠᠯ ᠬᠤᠷᠠᠯᠳᠤᠭᠤᠯᠵᠤ᠂ ᠬᠣᠶᠠᠷ ᠲᠠᠯ᠎ᠠ᠎ᠪᠠᠷ ᠵᠶ᠋ᠠᠨ ᠲᠠᠷᠠᠭ᠋ᠠᠴᠢ ᠵᠢᠨ ᠠᠯᠬᠤᠮ᠎ᠳᠤ ᠣᠷᠳᠣ ᠴᠠᠭ᠋ᠠᠨ ᠬᠡᠷᠡᠮ ᠵᠢᠴᠢ ᠲᠡᠦᠬᠡ ᠵᠢᠨ ᠳᠤᠷᠠᠰᠬᠠᠯᠲᠤ ᠵᠦᠢᠯᠡᠰ᠎ᠤᠨ ᠬᠠᠮᠠᠭ᠋ᠠᠯᠠᠯᠲᠠ ᠵᠢᠨ ᠨᠡᠢ᠌ᠲᠡ ᠵᠢᠨ ᠠᠰᠠᠷᠠᠮᠵᠢ ᠵᠢᠨ ᠵᠠᠷᠭᠤ ᠵᠢᠨ ᠲᠤᠰᠬᠠᠶ ᠠᠵᠢᠯᠯᠠᠭ᠎ᠠ ᠵᠢ ᠭᠦᠨᠵᠡᠭᠡᠶ ᠠᠬᠢᠭᠤᠯᠬᠤ ᠲᠤᠬᠠᠶ ᠰᠤᠳᠤᠯᠤᠨ ᠶᠠᠷᠢᠯᠴᠠᠵᠤ ᠰᠠᠨᠠᠯ ᠵᠶ᠋ᠠᠨ ᠰᠣᠯᠢᠯᠴᠠᠪᠠ᠃
      ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢ᠌ᠴᠠᠭ᠋ᠠᠬᠤ ᠬᠣᠷᠢᠶ᠎ᠠ ᠵᠢᠨ ᠨᠢᠭᠡᠳᠦᠭᠡᠷ ᠳᠡᠰ᠎ᠤᠨ ᠳᠡᠭᠡᠳᠦ ᠵᠡᠷᠭᠡ ᠵᠢᠨ ᠪᠠᠢ᠌ᠴᠠᠭ᠋ᠠᠭᠴᠢ ᠶᠠᠩ ᠱᠤ᠌ ᠯᠢᠨ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠡᠦᠬᠡ ᠵᠢᠨ ᠳᠤᠷᠠᠰᠬᠠᠯᠲᠤ ᠵᠦᠢᠯᠡᠰ᠎ᠤᠨ ᠲᠣᠪᠴᠢᠶ᠎ᠠ ᠵᠢᠨ ᠳᠠᠷᠤᠭ᠎ᠠ ᠼᠤᠤ ᠵᠢᠶᠠᠨ ᠧᠨ ᠲᠣᠰ ᠲᠣᠰ ᠣᠷᠳᠣ ᠴᠠᠭ᠋ᠠᠨ ᠬᠡᠷᠡᠮ᠎ᠢ ᠡᠪᠳᠡᠭᠰᠡᠨ ᠬᠡᠷᠡᠭ᠎ᠢ ᠰᠤᠳᠤᠯᠬᠤ ᠪᠠ ᠮᠡᠳᠡᠭᠡ ᠵᠠᠩᠭᠢ ᠵᠢ ᠬᠠᠮᠲᠤ᠎ᠪᠠᠷ ᠭᠥᠷᠳᠡᠬᠦ ᠲᠣᠭᠲᠠᠴᠠ ᠵᠢ ᠪᠠᠢ᠌ᠭᠤᠯᠬᠤ᠂ ᠬᠠᠮᠲᠤᠷᠠᠨ ᠬᠡᠷᠡᠭ ᠰᠢᠢᠳᠪᠦᠷᠢᠯᠡᠬᠦ ᠵᠢ ᠴᠢᠩᠭ᠋ᠠᠳᠬᠠᠬᠤ ᠵᠡᠷᠭᠡ ᠠᠵᠢᠯ᠎ᠳᠤ ᠪᠣᠳᠠᠲᠠᠶ ᠱᠠᠭ᠋ᠠᠷᠳᠠᠯᠭ᠎ᠠ ᠳᠤᠷᠠᠳᠪᠠ᠃ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢᠯᠡᠰ᠎ᠤᠨ ᠲᠣᠪᠴᠢᠶ᠎ᠠ ᠵᠢᠨ ᠳᠡᠳ᠋ ᠳᠠᠷᠤᠭ᠎ᠠ ᠵᠣᠣ ᠵᠢᠶᠠᠨ ᠬᠤᠸᠠ᠂ ᠲᠡᠦᠬᠡ ᠵᠢᠨ ᠳᠤᠷᠠᠰᠬᠠᠯᠲᠤ ᠵᠦᠢᠯᠡᠰ᠎ᠢ ᠰᠢᠮᠳᠠᠭᠤᠯᠤᠨ ᠪᠠᠢ᠌ᠴᠠᠭ᠋ᠠᠬᠤ ᠭᠠᠵᠠᠷ᠂ ᠥᠪᠡᠷᠲᠡᠭᠡᠨ ᠵᠠᠰᠠᠬᠤ ᠣᠷᠣᠨ᠎ᠤ ᠪᠠᠢ᠌ᠴᠠᠭ᠋ᠠᠬᠤ ᠬᠣᠷᠢᠶ᠎ᠠ ᠵᠢᠨ ᠨᠠᠢᠮᠠᠳᠤᠭ᠋ᠠᠷ ᠪᠠᠢ᠌ᠴᠠᠭ᠋ᠠᠬᠤ ᠬᠡᠯᠲᠡᠰ᠎ᠤᠨ ᠬᠠᠮᠢᠶ᠎ᠠ ᠪᠥᠬᠥᠶ ᠬᠥᠮᠦᠰ ᠰᠠᠭᠤᠳᠠᠯ᠎ᠤᠨ ᠬᠤᠷᠠᠯ᠎ᠳᠤ ᠣᠷᠣᠯᠴᠠᠪᠠ᠃

      ᠰᠠᠭᠤᠳᠠᠯ᠎ᠤᠨ ᠬᠤᠷᠠᠯ᠎ᠠᠴᠠ᠂ ᠤᠷᠳᠤ ᠴᠠᠭ᠋ᠠᠨ ᠬᠡᠷᠡᠮ᠎ᠨᠢ ᠳᠤᠮᠳᠠᠳᠤ ᠵᠢᠨ ᠦᠨᠳᠦᠰᠦᠲᠡᠨ᠎ᠤ ᠴᠥᠬᠥᠷᠡᠰᠢ ᠦᠭᠡᠢ ᠲᠡᠮᠡᠴᠡᠬᠦ ᠵᠣᠷᠢᠭ ᠰᠠᠨᠠᠭ᠎ᠠ ᠪᠣᠯᠤᠨ ᠳᠠᠶᠠᠭ᠋ᠠᠷ ᠵᠶ᠋ᠠᠨ ᠰᠡᠳᠬᠢᠯ ᠨᠢᠭᠡᠳᠴᠦ᠂ ᠨᠤᠭᠤᠷᠠᠰᠢ ᠦᠭᠡᠢ ᠲᠡᠮᠡᠴᠡᠬᠦ ᠤᠯᠤᠰ ᠵᠶ᠋ᠠᠨ ᠬᠠᠢ᠌ᠷᠠᠯᠠᠬᠤ ᠬᠠᠢ᠌ᠷ᠎ᠠ ᠰᠡᠳᠬᠢᠯᠭᠡ ᠵᠢ ᠨᠢᠭᠲᠠᠷᠠᠭᠤᠯᠵᠤ᠂ ᠨᠢᠭᠡᠨᠲᠡ ᠳᠤᠮᠳᠠᠳᠤ ᠵᠢᠨ ᠦᠨᠳᠦᠰᠦᠲᠡᠨ᠎ᠤ ᠲᠥᠯᠥᠭᠡᠯᠡᠬᠦ ᠴᠢᠨᠠᠷᠲᠠᠢ ᠲᠡᠮᠳᠡᠭ ᠪᠣᠯᠤᠨ ᠳᠤᠮᠳᠠᠳᠤ ᠵᠢᠨ ᠪᠣᠯᠪᠠᠰᠤᠨ᠎ᠤ ᠴᠢᠬᠤᠯᠠ ᠪᠡᠯᠭᠡ ᠲᠡᠮᠳᠡᠭ ᠪᠤᠯᠪᠠ᠂ ᠲᠡᠦᠬᠡ ᠵᠢᠨ ᠳᠤᠷᠠᠰᠬᠠᠯᠲᠤ ᠵᠦᠢ᠍ᠯ᠎ᠢ ᠬᠠᠮᠠᠭ᠋ᠠᠯᠠᠬᠤ᠎ᠨᠢ ᠤᠳᠤ ᠦᠶ᠎ᠡ᠎ᠳᠤ ᠭᠠᠪᠢᠶ᠎ᠠ ᠪᠠᠢ᠌ᠭᠤᠯᠵᠤ᠂ ᠥᠨᠢ ᠤᠳᠠᠭ᠋ᠠᠨ᠎ᠳᠤ᠎ᠪᠠᠨ ᠠᠰᠢᠭ ᠲᠤᠰᠠ᠎ᠲᠠᠢ ᠶᠤᠮ ᠭᠡᠵᠡᠢ᠃ ᠰᠠᠭᠤᠳᠠᠯ᠎ᠤᠨ ᠬᠤᠷᠠᠯ᠎ᠠᠴᠠ ᠪᠠᠰᠠ ᠣᠷᠳᠣ ᠴᠠᠭ᠋ᠠᠨ ᠬᠡᠷᠡᠮ᠎ᠤᠨ ᠬᠠᠮᠠᠭ᠋ᠠᠯᠠᠯᠲᠠ ᠵᠢᠨ ᠨᠡᠢ᠌ᠲᠡ ᠵᠢᠨ ᠠᠰᠠᠷᠠᠮᠵᠢ ᠵᠢᠨ ᠵᠠᠷᠭᠤ ᠵᠢᠨ ᠲᠤᠰᠬᠠᠶ ᠠᠵᠢᠯᠯᠠᠭ᠎ᠠ ᠵᠢᠨ ᠠᠬᠢᠴᠠ ᠵᠢᠨ ᠪᠠᠢ᠌ᠳᠠᠯ᠎ᠢ ᠮᠡᠳᠡᠭᠳᠡᠵᠦ᠂ ᠬᠣᠶᠠᠷ ᠲᠠᠯ᠎ᠠ ᠵᠢᠨ ᠬᠥᠮᠦᠰ ᠨᠡᠢ᠌ᠲᠡ ᠵᠢᠨ ᠠᠰᠠᠷᠠᠮᠵᠢ ᠵᠢᠨ ᠵᠠᠷᠭᠤ ᠵᠢᠨ ᠠᠵᠢᠯ᠎ᠤᠨ ᠲᠤᠬᠠᠶ ᠰᠠᠨᠠᠯ ᠵᠶ᠋ᠠᠨ ᠰᠣᠯᠢᠯᠴᠠᠬᠤ ᠦᠭᠡ ᠬᠡᠯᠡᠪᠡ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            