ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠳᠤᠮᠳᠠᠳᠤ ᠤᠯᠤᠰ᠎ᠤᠨ ᠣᠭᠲᠠᠷᠭᠤᠢ ᠵᠢᠨ ᠦᠷᠳᠡᠭᠡ ᠵᠢᠨ ᠲᠢᠶᠠᠠ ᠡᡁᠧ ᠭᠤᠣᠯ ᠦᠷᠦᠬᠡ ᠵᠢ ᠬᠠᠷᠪᠤᠬᠤ ᠡᠭᠦᠷᠭᠡ ᠠᠮᠵᠢᠯᠲᠠ᠎ᠲᠠᠢ ᠶᠠᠪᠤᠭᠳᠠᠪᠠ
ᠨᠡᠶᠢᠲᠡᠯᠡᠭᠰᠡᠨ ᠴᠠᠭ᠄ 2021-05-06

      ᠰᠢ ᠵᠢᠨ ᠫᠢᠩ ᠨᠠᠮ᠎ᠤᠨ ᠲᠥᠪ ᠬᠤᠷᠢᠶ᠎ᠠ ᠳᠦᠷᠦ ᠵᠢᠨ ᠶᠠᠪᠤᠳᠠᠯ᠎ᠤᠨ ᠬᠤᠷᠢᠶ᠎ᠠ ᠪᠣᠯᠤᠨ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠡᠮᠦᠨ᠎ᠡ᠎ᠠᠴᠠ ᠴᠠᠬᠢᠯᠭ᠋ᠠᠨ ᠴᠢᠮᠡᠭᠡ ᠶᠠᠪᠤᠭᠤᠯᠵᠦ ᠪᠠᠶᠠᠷ ᠬᠦᠷᠭᠡᠵᠠᠢ

      ᠯᠢ ᠺᠧ ᠴᠢᠶᠠᠩ ᠸᠠᠩ ᠬᠤ᠌ ᠨᠢᠩ ᠪᠡᠭᠡᠵᠢᠩ᠎ᠳᠤ ᠬᠠᠷᠪᠤᠯᠳᠠ ᠵᠢᠨ ᠪᠤᠳᠠᠳᠤ ᠪᠠᠶ᠋ᠢᠳᠠᠯ᠎ᠢ ᠦᠵᠡᠵᠠᠢ

      ᠰᠢᠨᠬᠤᠸᠠ ᠬᠤᠷᠢᠶᠠᠨ᠎ᠤ ᠪᠡᠭᠡᠵᠢᠩ᠎ᠤᠨ 4 ᠰᠠᠷ᠎ᠠ ᠵᠢᠨ 29᠎ᠤ ᠴᠠᠬᠢᠯᠭ᠋ᠠᠨ ᠮᠡᠳᠡᠭᠡ 4 ᠰᠠᠷ᠎ᠠ ᠵᠢᠨ 29᠎ᠤ ᠡᠳᠦᠷ᠎ᠤᠨ 11 ᠴᠠᠭ 23 ᠮᠢᠨᠦ᠋ᠲ᠎ᠲᠤ᠂ ᠳᠤᠮᠳᠠᠳᠤ ᠤᠯᠤᠰ᠎ᠤᠨ ᠣᠭᠲᠠᠷᠭᠤᠢ ᠵᠢᠨ ᠦᠷᠳᠡᠭᠡ ᠵᠢᠨ ᠲᠢᠶᠠᠠ ᠡᡁᠧ ᠭᠤᠣᠯ ᠦᠷᠦᠬᠡ ᠵᠢ ᠣᠭᠲᠠᠷᠭᠤᠢ᠎ᠳᠤ ᠬᠠᠷᠪᠤᠵᠤ ᠭᠠᠷᠭ᠋ᠠᠨ᠂ ᠵᠢᠱ᠌ᠢᠭᠰᠡᠨ ᠲᠣᠭᠤᠷᠢᠯᠲᠠ ᠵᠢᠨ ᠵᠠᠮ᠎ᠳᠤ ᠣᠨᠣᠪᠴᠢᠲᠠᠢ ᠣᠷᠣᠵᠤ᠂ ᠬᠠᠷᠪᠤᠯᠳᠠ ᠵᠢᠨ ᠡᠭᠦᠷᠭᠡ ᠵᠢ ᠠᠮᠵᠢᠯᠲᠠ᠎ᠲᠠᠢ ᠪᠡᠶᠡᠯᠡᠭᠦᠯᠵᠠᠢ᠃ ᠨᠠᠮ᠎ᠤᠨ ᠲᠥᠪ ᠬᠤᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠭᠦᠯᠡᠭᠴᠢ ᠰᠢ ᠵᠢᠨ ᠫᠢᠩ ᠪᠠᠶᠠᠷ᠎ᠤᠨ ᠴᠠᠬᠢᠯᠭ᠋ᠠᠨ ᠴᠢᠮᠡᠭᠡ ᠶᠠᠪᠤᠭᠤᠯᠵᠤ᠂ ᠨᠠᠮ᠎ᠤᠨ ᠲᠥᠪ ᠬᠤᠷᠢᠶ᠎ᠠ᠂ ᠲᠦᠷᠦ ᠵᠢᠨ ᠶᠠᠪᠤᠳᠠᠯ᠎ᠤᠨ ᠬᠤᠷᠢᠶ᠎ᠠ ᠪᠣᠯᠤᠨ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠡᠮᠦᠨ᠎ᠡ᠎ᠠᠴᠠ ᠬᠥᠮᠦᠨ ᠰᠠᠭᠤᠯᠭ᠋ᠠᠭᠰᠠᠨ ᠰᠠᠨᠰᠠᠷ᠎ᠤᠨ ᠠᠶᠠᠯᠠᠯ᠎ᠤᠨ ᠢᠨᠵᠧᠨᠧᠷᠢᠩ᠎ᠤᠨ ᠣᠭᠲᠠᠷᠭᠤᠢ ᠵᠢᠨ ᠦᠷᠳᠡᠭᠡ ᠵᠢᠨ ᠱᠠᠳᠤᠴᠢ ᠴᠢᠨᠠᠷᠲᠠᠢ ᠨᠢᠰᠦᠯᠲᠡ ᠵᠢᠨ ᠡᠭᠦᠷᠭᠡ ᠵᠢᠨ ᠶᠡᠷᠦᠩᠬᠡᠢ ᠵᠢᠯᠣᠭᠤᠳᠬᠤ ᠭᠠᠵᠠᠷ ᠬᠢᠭᠡᠳ ᠲᠢᠶᠠᠨ ᠾᠧ ᠭᠤᠣᠯ ᠦᠷᠦᠬᠡ ᠵᠢᠨ ᠬᠠᠷᠪᠤᠯᠲᠠ ᠵᠢᠨ ᠡᠭᠦᠷᠭᠡ ᠵᠢᠨ ᠰᠤᠳᠤᠯᠭ᠋ᠠᠨ ᠪᠠ ᠲᠤᠷᠰᠢᠯᠲᠠ᠎ᠳᠤ ᠣᠷᠣᠯᠴᠠᠭᠰᠠᠨ ᠡᠯ᠎ᠡ ᠪᠠᠶ᠋ᠢᠭᠤᠯᠭ᠎ᠠ ᠨᠢᠭᠡᠴᠢ ᠪᠣᠯᠤᠨ ᠪᠦᠬᠦ ᠨᠥᠬᠦᠳ᠎ᠲᠤ ᠬᠠᠯᠠᠭᠤᠨ ᠪᠠᠶᠠᠷ ᠬᠦᠷᠭᠡᠵᠦ ᠴᠢᠩ ᠰᠡᠳᠬᠢᠯ᠎ᠤᠨ ᠮᠡᠨᠳᠦᠴᠢᠯᠡᠯ ᠳᠡᠪᠰᠢᠭᠦᠯᠵᠠᠢ᠃

      ᠰᠢ ᠵᠢᠨ ᠫᠢᠩ ᠪᠠᠶᠠᠷ᠎ᠤᠨ ᠴᠠᠬᠢᠯᠭ᠋ᠠᠨ ᠴᠢᠮᠡᠭᠡ᠎ᠳᠡᠭᠡᠨ᠂ ᠣᠭᠲᠠᠷᠭᠤᠢ ᠵᠢᠨ ᠦᠷᠲᠡᠭᠡ ᠪᠠᠶ᠋ᠢᠭᠤᠯᠬᠤ᠂ ᠤᠯᠤᠰ᠎ᠤᠨ ᠰᠠᠨᠰᠠᠷ᠎ᠤᠨ ᠲᠤᠷᠰᠢᠯᠲᠠ ᠵᠢᠨ ᠲᠠᠰᠤᠭ᠎ᠢ ᠪᠠᠶ᠋ᠢᠭᠤᠯᠤᠭᠰᠠᠨ᠎ᠨᠢ ᠮᠠᠨ᠎ᠤ ᠤᠯᠤᠰ᠎ᠤᠨ ᠬᠥᠮᠦᠨ ᠰᠠᠭᠤᠯᠭ᠋ᠠᠭᠰᠠᠨ ᠰᠠᠨᠰᠠᠷ᠎ᠤᠨ ᠠᠶᠠᠯᠠᠯ᠎ᠤᠨ ᠢᠨᠵᠧᠨᠧᠷᠢᠩ᠎ᠤᠨ 《ᠭᠤᠷᠪᠠᠨ ᠠᠯᠬᠤᠮ ᠵᠶ᠋ᠠᠷ ᠶᠠᠪᠤᠬᠤ》 ᠪᠠᠶ᠋ᠢᠯᠳᠤᠬᠤ ᠪᠤᠳᠤᠯᠭ᠎ᠠ ᠵᠢ ᠪᠡᠶᠡᠯᠡᠭᠦᠯᠬᠦ ᠵᠢᠨ ᠴᠢᠬᠤᠯᠠ ᠬᠠᠷᠠᠯᠲᠠ ᠮᠥᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠴᠦᠷᠬᠡᠭ ᠤᠯᠤᠰ᠂ ᠰᠠᠨᠰᠠᠷ᠎ᠤᠨ ᠠᠶᠠᠯᠠᠯ᠎ᠤᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ ᠵᠢᠨ ᠴᠢᠬᠤᠯᠠ ᠳᠠᠭ᠋ᠠᠭᠤᠯᠬᠤ ᠴᠢᠨᠠᠷᠲᠠᠢ ᠢᠨᠵᠧᠨᠧᠷᠢᠩ ᠮᠥᠨ᠃ ᠲᠢᠶᠠᠨ ᠾᠧ ᠭᠤᠣᠯ ᠦᠷᠦᠬᠡ ᠵᠢ ᠠᠮᠵᠢᠯᠲᠠ᠎ᠲᠠᠢ ᠬᠠᠷᠪᠤᠭᠰᠠᠨ᠎ᠨᠢ ᠮᠠᠨ᠎ᠤ ᠤᠯᠤᠰ᠎ᠤᠨ ᠣᠭᠲᠠᠷᠭᠤᠢ ᠵᠢᠨ ᠦᠷᠳᠡᠭᠡ ᠵᠢᠨ ᠪᠦᠳᠦᠬᠡᠨ ᠪᠠᠶ᠋ᠢᠭᠤᠯᠤᠯᠲᠠ ᠪᠦᠬᠦ ᠲᠠᠯ᠎ᠠ᠎ᠪᠠᠷ ᠬᠡᠷᠡᠭᠵᠢᠭᠦᠯᠬᠦ ᠱᠠᠲᠤᠨ᠎ᠳᠤ ᠤᠷᠤᠬᠰᠠᠨ᠎ᠢ ᠬᠠᠷᠠᠭᠤᠯᠵᠤ᠂ ᠲᠠᠷᠠᠭ᠋ᠠᠴᠢ ᠵᠢᠨ ᠡᠭᠦᠷᠭᠡ ᠵᠢ ᠥᠷᠨᠢᠭᠦᠯᠬᠦ᠎ᠳᠤ ᠪᠠᠲᠤ ᠪᠠᠬᠢ ᠰᠠᠭᠤᠷᠢ ᠲᠠᠯᠪᠢᠵᠦ ᠦᠭᠭᠦᠭᠰᠡᠨ ᠪᠠᠶ᠋ᠢᠨ᠎ᠠ᠃ ᠲᠠ ᠨᠠᠷ᠎ᠤᠨ 《ᠬᠤᠶᠠᠷ ᠪᠥᠮᠪᠦᠭᠡ ᠨᠢᠭᠡ ᠤᠳᠤᠨ》᠎ᠤ ᠵᠣᠷᠢᠭ ᠰᠠᠨᠠᠭ᠎ᠠ ᠪᠣᠯᠤᠨ ᠬᠥᠮᠦᠨ ᠰᠠᠭᠤᠯᠭ᠋ᠠᠭᠰᠠᠨ ᠰᠠᠨᠰᠠᠷ᠎ᠤᠨ ᠠᠶᠠᠯᠠᠯ᠎ᠤᠨ ᠵᠣᠷᠢᠭ ᠰᠠᠨᠠᠭ᠎ᠠ ᠵᠢ ᠶᠡᠭᠡ᠎ᠪᠠᠷ ᠪᠠᠳᠠᠷᠠᠭᠤᠯᠤᠨ᠂ ᠪᠡᠶ᠎ᠡ᠎ᠪᠠᠨ ᠳᠠᠭ᠋ᠠᠭ᠋ᠠᠨ ᠬᠦᠴᠦᠷᠬᠡᠭᠵᠢᠵᠦ᠂ ᠰᠢᠨ᠎ᠡ ᠵᠢ ᠡᠭᠦᠳᠴᠤ ᠳᠠᠪᠠᠨ ᠲᠤᠭᠤᠯᠵᠤ᠂ ᠣᠭᠲᠠᠷᠭᠤᠢ ᠵᠢᠨ ᠦᠷᠲᠡᠭᠡ ᠪᠠᠶ᠋ᠢᠭᠤᠯᠬᠤ ᠡᠭᠦᠷᠭᠡ ᠵᠢᠨ ᠪᠦᠬᠦ ᠲᠠᠯ᠎ᠠ ᠵᠢᠨ ᠢᠯᠠᠯᠲᠠ ᠵᠢ ᠣᠯᠵᠤ᠂ ᠨᠡᠶ᠋ᠢᠭᠡᠮ ᠵᠢᠷᠤᠮᠲᠦ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠡ ᠪᠠᠶ᠋ᠢᠭᠤᠯᠬᠤ᠎ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠵᠢ ᠬᠦᠰᠡᠵᠦ ᠪᠠᠶ᠋ᠢᠨ᠎ᠠ ᠭᠡᠵᠦ ᠵᠢᠭ᠋ᠠᠵᠤ ᠭᠠᠷᠭ᠋ᠠᠪᠠ!

      ᠨᠠᠮ᠎ᠤᠨ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠪᠠᠶ᠋ᠢᠩᠭᠤ ᠵᠢᠨ ᠭᠡᠰᠢᠭᠦᠨ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠶᠡᠷᠦᠩᠬᠡᠢ ᠰᠠᠶ᠋ᠢᠳ ᠯᠢ ᠺᠧ ᠴᠢᠶᠠᠩ᠂ ᠨᠠᠮ᠎ᠤᠨ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠪᠠᠶ᠋ᠢᠩᠭᠤ ᠵᠢᠨ ᠭᠡᠰᠢᠭᠦᠨ᠂ ᠲᠥᠪ᠎ᠤᠨ ᠱᠦᠵᠢ ᠨᠡᠷ᠎ᠤᠨ ᠭᠠᠵᠠᠷ᠎ᠤᠨ ᠱᠦᠵᠢ ᠸᠠᠩ ᠬᠤ᠌ ᠨᠢᠩ ᠪᠡᠭᠡᠵᠢᠩ᠎ᠤᠨ ᠰᠠᠨᠰᠠᠷ᠎ᠤᠨ ᠠᠶᠠᠯᠠᠯ᠎ᠤᠨ ᠨᠢᠰᠦᠯᠲᠡ ᠵᠢ ᠡᠵᠡᠮᠳᠡᠬᠦ ᠲᠥᠪ᠎ᠲᠤ ᠬᠠᠷᠪᠤᠯᠲᠠ ᠵᠢᠨ ᠪᠣᠳᠠᠲᠤ ᠪᠠᠶ᠋ᠢᠳᠠᠯ᠎ᠢ ᠦᠵᠡᠵᠠᠢ᠃
      ᠨᠠᠮ᠎ᠤᠨ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠭᠡᠰᠢᠭᠦᠨ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠳᠡᠳ᠋ ᠲᠡᠷᠢᠭᠦᠯᠡᠭᠴᠢ ᠵᠠᠩ ᠶᠢᠦ ᠰᠢᠶᠠ ᠬᠠᠶ᠋ᠢᠨᠠᠨ᠎ᠤ ᠸᠧᠨᠴᠠᠩ ᠰᠠᠨᠰᠠᠷ᠎ᠤᠨ ᠠᠶᠠᠯᠠᠯ᠎ᠤᠨ ᠬᠠᠷᠪᠤᠯᠲᠠ ᠵᠢᠨ ᠲᠠᠯᠠᠪᠠᠢ᠎ᠳᠤ ᠰᠢ ᠵᠢᠨ ᠫᠢᠩ᠎ᠤᠨ ᠪᠠᠶᠠᠷ᠎ᠤᠨ ᠴᠠᠬᠢᠯᠭ᠋ᠠᠨ ᠴᠢᠮᠡᠭᠡ ᠵᠢ ᠤᠩᠰᠢᠨ ᠨᠡᠶ᠋ᠢᠲᠡᠯᠡᠪᠡ᠃
      ᠯᠢᠦ ᠾᠧ᠂ ᠰᠢᠤᠢ ᠴᠢ ᠯᠢᠶᠠᠩ᠂ ᠰᠢᠶᠤᠤ ᠵᠢᠶᠧ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠭᠡᠰᠢᠭᠦᠨ ᠯᠢ ᠽᠦᠸᠧ ᠴᠧᠩ᠂ ᠮᠢᠶᠣᠣ ᠬᠤᠸᠠ᠂ ᠵᠠᠩ ᠱᠧᠩ ᠮᠢᠨ ᠪᠡᠭᠡᠵᠢᠩ᠎ᠤᠨ ᠰᠠᠨᠰᠠᠷ᠎ᠤᠨ ᠠᠶᠠᠯᠠᠯ᠎ᠤᠨ ᠨᠢᠰᠦᠯᠲᠡ ᠵᠢ ᠡᠵᠡᠮᠳᠡᠬᠦ ᠲᠥᠪ᠎ᠲᠤ ᠬᠠᠷᠪᠤᠯᠲᠠ ᠵᠢ ᠦᠵᠡᠵᠠᠢ᠃
      ᠳᠤᠮᠳᠠᠳᠤ ᠤᠯᠤᠰ᠎ᠤᠨ ᠣᠭᠲᠠᠷᠭᠤᠢ ᠵᠢᠨ ᠦᠷᠲᠡᠭᠡ ᠪᠣᠯ ᠳᠤᠮᠳᠠᠳᠤ ᠤᠯᠤᠰ᠎ᠤᠨ ᠪᠡᠶ᠎ᠡ᠎ᠪᠠᠨ ᠳᠠᠭ᠋ᠠᠭ᠋ᠠᠵᠤ ᠪᠠᠶ᠋ᠢᠭᠤᠯᠵᠤ ᠡᠵᠡᠩᠨᠡᠬᠦ ᠬᠥᠮᠦᠨ ᠰᠠᠭᠤᠯᠭ᠋ᠠᠭᠰᠠᠨ ᠣᠭᠲᠠᠷᠭᠤᠢ ᠵᠢᠨ ᠦᠷᠲᠡᠭᠡ ᠪᠣᠯᠤᠨ᠎ᠠ᠂ ᠲᠢᠶᠠᠨ ᠾᠧ ᠭᠤᠣᠯ ᠦᠷᠦᠭᠡ᠂ ᠸᠧᠨ ᠲᠢᠶᠠᠨ ᠲᠤᠷᠰᠢᠯᠲᠠ ᠵᠢᠨ ᠦᠷᠦᠭᠡ᠂ ᠮᠧᠩ ᠲᠢᠶᠠᠨ ᠲᠤᠷᠰᠢᠯᠲᠠ ᠵᠢᠨ ᠦᠷᠦᠭᠡ ᠵᠡᠷᠭᠡ ᠭᠤᠷᠪᠠᠨ ᠦᠷᠦᠭᠡ᠎ᠪᠠᠷ ᠪᠦᠷᠢᠯᠳᠦᠵᠡᠢ᠃ ᠲᠢᠶᠠᠨ ᠾᠧ ᠭᠤᠤᠯ ᠥᠷᠥᠭᠡ ᠪᠣᠯ ᠣᠭᠲᠠᠷᠭᠤᠶ ᠵᠢᠨ ᠥᠷᠲᠡᠭᠡ ᠵᠢᠨ ᠬᠠᠮᠢᠶᠠᠷᠤᠯᠲᠠ ᠪᠠ ᠡᠵᠡᠮᠳᠡᠬᠦ ᠲᠥᠪ ᠪᠠᠶ᠋ᠢᠵᠤ᠂ ᠲᠣᠭᠤᠷᠢᠯᠲᠠ ᠵᠢᠨ ᠵᠠᠮ᠎ᠳᠤ ᠣᠷᠣᠭᠤᠯᠤᠭᠰᠠᠨ ᠣᠭᠲᠠᠷᠭᠤᠶ ᠵᠢᠨ ᠥᠷᠲᠡᠭᠡ ᠵᠢᠨ ᠠᠩᠬᠠᠨ᠎ᠤ ᠦᠷᠦᠭᠡ ᠪᠣᠯᠤᠨ᠎ᠠ᠃ ᠡᠭᠦᠷᠭᠡ ᠵᠢᠨ ᠲᠣᠬᠢᠷᠠᠭᠤᠯᠤᠯᠲᠠ ᠵᠢ ᠦᠨᠳᠦᠰᠦᠯᠡᠪᠡᠯ᠂ ᠤᠭᠲᠠᠷᠭᠤᠢ ᠵᠢᠨ ᠥᠷᠲᠡᠭᠡ ᠵᠢ 2022 ᠣᠨ᠎ᠳᠤ ᠲᠣᠭᠤᠷᠢᠯᠲᠠ ᠵᠢᠨ ᠵᠠᠮ ᠳᠡᠭᠡᠷ᠎ᠡ ᠪᠠᠶ᠋ᠢᠭᠤᠯᠵᠤ ᠳᠠᠭᠤᠰᠬᠠᠨ᠂ ᠭᠠᠵᠠᠷ᠎ᠤᠨ ᠪᠥᠮᠪᠥᠷᠴᠡᠭ᠎ᠠᠴᠠ ᠣᠶ᠋ᠢᠷ᠎ᠠ ᠣᠭᠲᠠᠷᠭᠤᠶ᠎ᠳᠤ ᠬᠦᠮᠦᠨ᠎ᠤ ᠤᠷᠤᠯᠴᠠᠯᠭ᠎ᠠ᠎ᠲᠠᠢ ᠰᠢᠨᠵᠢᠯᠡᠬᠦ ᠤᠬᠠᠭ᠋ᠠᠨ᠎ᠤ ᠲᠤᠷᠰᠢᠯᠲᠠ᠂ ᠮᠡᠷᠭᠡᠵᠢᠯ᠎ᠤᠨ ᠲᠤᠷᠰᠢᠯᠲᠠ ᠵᠢ ᠣᠷᠳᠣ ᠬᠤᠭᠤᠴᠠᠭ᠎ᠠ᠎ᠪᠠᠷ ᠥᠷᠨᠢᠭᠦᠯᠬᠦ ᠪᠠ ᠰᠠᠨᠰᠠᠷ᠎ᠤᠨ ᠡᠬᠢ ᠪᠠᠶᠠᠯᠢᠭ᠎ᠢ ᠶᠡᠷᠦᠩᠬᠡᠶ᠋ᠢᠯᠡᠨ ᠨᠡᠭᠡᠭᠡᠨ ᠠᠰᠢᠠᠠᠯᠠᠬᠤ ᠴᠢᠳᠠᠪᠤᠷᠢ ᠵᠢ ᠪᠦᠷᠢᠳᠦᠭᠦᠯᠵᠤ᠂ ᠬᠡᠷᠡᠭᠯᠡᠭᠡ ᠪᠠ ᠬᠥᠭᠵᠢᠯᠲᠡ ᠵᠢᠨ ᠱᠠᠲᠤᠨ᠎ᠳᠤ ᠰᠢᠯᠵᠢᠬᠦ ᠪᠤᠯᠤᠨ᠎ᠠ᠃
   
 
 

ᠢᠷᠡᠯᠲᠡ᠄ ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ ᠵᠢᠨ ᠰᠦᠯᠵᠢᠶ᠎ᠠ
          
ᠬᠠᠮᠢᠶ᠎ᠡ ᠪᠦᠬᠦᠢ ᠰᠣᠨᠢᠨ
《ᠲᠤᠮᠲᠠᠲᠤ ᠤᠯᠤᠰ᠎ᠤᠨ ᠠᠨᠠᠷᠬᠠᠨ ᠤᠯᠠᠭ᠋ᠠᠨ—ᠥᠪᠥᠷ ᠮᠣᠩᠭᠣᠯ᠎ᠤᠨ ᠰᠢᠯᠦᠭ ᠳᠠᠭᠤᠯᠠᠯ ᠬᠤᠤᠰ ᠤᠶᠠᠩᠭ᠎ᠠ ᠵᠢᠨ ᠪᠦᠲᠦᠭᠡᠯ᠎ᠤᠨ ᠦᠵᠡᠭᠦᠯᠭᠡ》 ᠥᠪᠥᠷ ᠮᠣᠩᠭᠣᠯ᠎ᠤᠨ ᠦᠵᠡᠰᠬᠦᠯᠡᠩ᠎ᠤᠨ ᠣᠷᠳᠣᠨ᠎ᠳᠤ ᠶᠠᠪᠤᠭᠳᠠᠪᠠ
《ᠦᠨᠢ ᠡᠭᠦᠷᠢᠳᠡ ᠨᠠᠮ ᠵᠶ᠋ᠠᠨ ᠳᠠᠭ᠋ᠠᠨ᠎ᠠ》 ᠬᠤᠪᠢᠰᠬᠠᠯᠲᠤ ᠺᠢᠨᠣ᠋ ᠵᠢᠨ ᠵᠠᠷᠯᠠᠯ᠎ᠤᠨ ᠦᠵᠡᠭᠦᠯᠭᠡ ᠥᠪᠥᠷ ᠮᠣᠩᠭᠣᠯ᠎ᠤᠨ ᠦᠵᠡᠰᠬᠦᠯᠡᠩ᠎ᠤᠨ ᠣᠷᠳᠣᠨ᠎ᠳᠤ ᠶᠠᠪᠤᠭᠳᠠᠪᠠ
ᠥᠪᠥᠷ ᠮᠣᠩᠭᠣᠯ᠎ᠤᠨ 6 ᠬᠠᠮᠲᠤ ᠨᠡᠢ᠌ᠲᠡ᠂ 15 ᠬᠤᠪᠢ ᠬᠥᠮᠦᠨ ᠪᠥᠬᠥ ᠤᠯᠤᠰ᠎ᠤᠨ ᠰᠣᠶᠣᠯ ᠪᠠ ᠵᠢᠭᠤᠯᠴᠢᠯᠠᠯ᠎ᠤᠨ ᠰᠢᠰᠲ᠋ᠧᠮ᠎ᠤᠨ ᠲᠡᠷᠢᠭᠦᠨ᠎ᠤ ᠢᠷᠠᠭᠤ ᠠᠯᠲᠠᠷ᠎ᠢ ᠬᠦᠷᠲᠡᠪᠡ
ᠰᠢᠯᠢ ᠵᠢᠨ ᠭᠣᠤᠯ ᠠᠢ᠌ᠮᠠᠭ᠎ᠤᠨ ᠲᠤᠯᠤᠨ ᠨᠠᠭᠤᠷ ᠰᠢᠶᠠᠨ᠎ᠤ ᠪᠠᠶᠠᠨ ᠠᠢ᠌ᠮᠠᠭ ᠠᠮᠢ ᠠᠬᠤᠶ ᠵᠢᠨ ᠵᠢᠭᠤᠯᠴᠢᠯᠠᠯ ᠰᠡᠯᠡᠭᠦᠴᠡᠯ ᠎ᠤᠨ ᠣᠷᠣᠨ《2021 ᠳᠡᠯᠡᠬᠡᠶ ᠵᠢᠨ ᠵᠢᠭᠤᠯᠴᠢᠯᠠᠯ᠎ᠤᠨ ᠬᠣᠯᠪᠣᠭ᠎ᠠ — ᠵᠢᠭᠤᠯᠴᠢᠯᠠᠯ ᠵᠶ᠋ᠠᠷ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠭᠰᠡᠨ ᠬᠡᠷᠡᠭ᠎ᠤᠨ ᠵᠢᠱ᠌ᠢᠶ᠎ᠡ》᠎ᠪᠠᠷ ᠰᠣᠩᠭᠣᠭᠳᠠᠪᠠ
ᠦᠬᠠᠶ ᠬᠣᠲᠠ ᠵᠢᠨ 2 ᠬᠥᠮᠦᠨ ᠥᠪᠡᠷᠲᠡᠭᠡᠨ ᠵᠠᠰᠠᠬᠤ ᠣᠷᠣᠨ᠎ᠤ ᠬᠣᠶᠠᠳᠤᠭ᠋ᠠᠷ ᠬᠤᠭᠤᠴᠠᠭ᠋ᠠᠨ᠎ᠤ ᠪᠥᠬᠥ ᠣᠷᠣᠨ᠎ᠤ ᠰᠣᠶᠣᠯ᠎ᠤᠨ ᠣᠷᠳᠣᠨ᠎ᠤ ᠲᠤᠬᠠᠢ᠌ᠯᠠᠭᠰᠠᠨ ᠠᠵᠢᠯᠲᠠᠨ᠎ᠤ ᠤᠷ᠎ᠠ ᠴᠢᠳᠠᠪᠤᠷᠢ ᠵᠢᠨ ᠦᠵᠡᠭᠦᠯᠭᠡ᠎ᠳᠤ ᠤᠷᠠᠨ ᠵᠢᠷᠤᠭ᠂ ᠤᠷᠠᠨ ᠪᠢᠴᠢᠯᠭᠡ᠂ ᠬᠡᠷᠡᠯ ᠵᠢᠷᠤᠭ᠎ᠤᠨ 3 ᠲᠦᠷᠦᠯ᠎ᠤᠨ ᠱᠠᠩᠨᠠᠯ ᠭᠥᠷᠳᠡᠪᠡ
 
            