ᠨᠠᠮ᠎ᠤᠨ ᠠᠴᠢ᠎ᠳᠤ ᠲᠠᠯᠠᠷᠬᠠᠵᠤ ᠨᠠᠮ᠎ᠤᠨ ᠦᠭᠡ ᠵᠢ ᠰᠣᠨᠣᠰᠴᠤ ᠨᠠᠮ ᠵᠶ᠋ᠠᠨ ᠳᠠᠭ᠋ᠠᠵᠤ ᠰᠢᠨ᠎ᠡ ᠴᠠᠭ ᠦᠶ᠎ᠡ᠎ᠳᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ ᠦᠷᠭᠦᠯᠵᠢᠯᠡᠨ ᠪᠠᠲᠤᠯᠠᠨ᠎ᠠ
ᠰᠦᠨ ᠱᠤᠤ ᠴᠧᠩ
ᠥᠪᠥᠷ ᠮᠣᠩᠭᠤᠯ ᠪᠣᠯ ᠮᠠᠨ᠎ᠤ ᠨᠠᠮ᠎ᠤᠨ ᠤᠳᠤᠷᠢᠳᠤᠨ ᠪᠠᠶ᠋ᠢᠭᠤᠯᠤᠭᠰᠠᠨ ᠠᠩᠬᠠᠳᠠᠭᠴᠢ ᠮᠤᠵᠢ ᠵᠢᠨ ᠱᠠᠲᠤᠨ᠎ᠤ ᠴᠥᠭᠡᠨ ᠲᠣᠭ᠋ᠠᠲᠤ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ ᠪᠣᠯᠤᠨ᠎ᠠ᠃ ᠶᠡᠷᠦᠩᠬᠡᠶ ᠱᠦᠵᠢ ᠰᠢ ᠵᠢᠨ ᠫᠢᠩ ᠥᠪᠥᠷ ᠮᠣᠩᠭᠤᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠢᠮᠠᠭᠲᠠ ᠭᠦᠨ ᠰᠠᠨᠠᠭ᠋ᠠᠯᠵᠠᠵᠤ᠂ ᠥᠪᠥᠷ ᠮᠣᠩᠭᠤᠯ᠎ᠤᠨ ᠦᠨᠳᠦᠰᠦᠲᠡᠨ᠎ᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠭᠰᠠᠭ᠋ᠠᠷ ᠢᠷᠡᠪᠡ᠃ ᠡᠨᠡ ᠵᠢᠯ᠎ᠤᠨ 3 ᠰᠠᠷ᠎ᠠ ᠵᠢᠨ 5᠎ᠤ ᠡᠳᠦᠷ᠂ ᠶᠡᠷᠦᠩᠬᠡᠶ ᠱᠦᠵᠢ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠥᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠠᠪᠤᠳᠤᠭ᠋ᠠᠷ ᠬᠤᠷᠠᠯ᠎ᠤᠨ ᠥᠪᠥᠷ ᠮᠣᠩᠭᠤᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ᠎ᠳᠠᠭᠠᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠂ ᠦᠨᠳᠦᠰᠦᠲᠡᠨ᠎ᠤ ᠪᠦᠯᠬᠦᠮᠳᠡᠯ᠎ᠢ ᠠᠬᠢᠭᠤᠯᠬᠤ᠎ᠪᠠᠷ ᠭᠤᠤᠯᠳᠠᠯᠭ᠎ᠠ ᠪᠤᠯᠭ᠋ᠠᠨ ᠪᠢᠳᠡᠨ᠎ᠳᠤ ᠴᠢᠬᠤᠯᠠ ᠵᠢᠭ᠋ᠠᠪᠤᠷᠢ ᠥᠭᠴᠦ᠂ ᠲᠣᠳᠣᠷᠬᠠᠶ ᠱᠠᠭ᠋ᠠᠷᠳᠠᠯᠭ᠎ᠠ ᠳᠤᠷᠠᠳᠴᠠᠶ᠃ ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠶᠡᠷᠦᠩᠬᠡᠢ ᠱᠦᠵᠢ ᠤᠷᠢᠳ ᠬᠤᠵᠢᠳ ᠬᠤᠶᠠᠷ ᠤᠳᠠᠭ᠎ᠠ ᠥᠪᠥᠷ ᠮᠣᠩᠭᠤᠯ᠎ᠳᠤ ᠰᠢᠨᠵᠢᠯᠡᠨ ᠪᠠᠶ᠋ᠢᠴᠠᠭ᠋ᠠᠵᠤ᠂ 5 ᠵᠢᠯ ᠳᠠᠷᠠᠭ᠋ᠠᠯᠠᠨ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠤᠳᠠᠭ᠎ᠠ ᠪᠦᠷᠢ ᠵᠢᠨ ᠬᠤᠷᠠᠯ᠎ᠤᠨ ᠥᠪᠥᠷ ᠮᠣᠩᠭᠤᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠵᠤ᠂ ᠤᠳᠠᠭ᠎ᠠ ᠪᠦᠷᠢ ᠵᠢᠨ ᠴᠢᠬᠤᠯᠠ ᠶᠠᠷᠢᠶᠠᠨ᠎ᠳᠠᠭᠠᠨ ᠪᠢᠳᠡᠨ᠎ᠳᠤ ᠦᠨᠳᠦᠰᠦᠲᠡᠨ᠎ᠤ ᠠᠵᠢᠯ᠎ᠢ ᠰᠠᠶ᠋ᠢᠲᠤᠷ ᠬᠢᠵᠦ᠂ ᠦᠨᠳᠦᠰᠦᠲᠡᠨ᠎ᠤ ᠪᠦᠯᠬᠦᠮᠳᠡᠯ᠎ᠢ ᠰᠠᠶ᠋ᠢᠲᠤᠷ ᠬᠠᠮᠠᠭ᠋ᠠᠯᠠᠬᠤ ᠬᠡᠷᠡᠭᠲᠡᠢ ᠭᠡᠵᠦ ᠴᠢᠩ ᠰᠡᠳᠭᠢᠯ᠎ᠠᠴᠠ᠎ᠪᠠᠨ ᠵᠠᠬᠢᠪᠠ᠃ ᠶᠡᠷᠦᠩᠬᠡᠶ ᠱᠦᠵᠢ ᠰᠢ ᠵᠢᠨ ᠫᠢᠩ ᠦᠨᠳᠦᠰᠦᠲᠡᠨ᠎ᠨᠦᠭᠦᠳ᠎ᠤᠨ ᠶᠡᠭᠡ ᠪᠦᠯᠬᠦᠮᠳᠡᠯ᠎ᠤᠨ ᠲᠤᠭ᠎ᠢ ᠥᠨᠳᠥᠷ ᠮᠠᠨᠳᠤᠭᠤᠯᠵᠤ᠂ ᠨᠠᠮ᠎ᠤᠨ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢ ᠪᠥᠬᠦ ᠲᠠᠯ᠎ᠠ᠎ᠪᠠᠷ ᠲᠤᠭᠤᠰᠢᠯᠠᠭᠤᠯᠤᠨ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠢ ᠭᠦᠨᠵᠡᠭᠡᠶ᠋ᠢᠷᠡᠭᠦᠯᠵᠦ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ ᠣᠶ᠋ᠢᠯᠠᠭ᠋ᠠᠭᠳᠠᠬᠤᠨ᠎ᠢ ᠦᠶᠯᠡᠳᠦᠯᠭᠡᠵᠢᠭᠦᠯᠦᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠵᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠨᠠᠮ᠎ᠤᠨ ᠲᠣᠭᠤᠷᠢᠨ᠎ᠳᠤ ᠨᠢᠭᠲᠠᠷᠠᠨ ᠪᠦᠯᠬᠦᠮᠳᠡᠭᠦᠯᠵᠦ᠂ ᠡᠬᠡ ᠤᠯᠤᠰ᠎ᠤᠨ ᠬᠢᠯᠢ ᠬᠢᠵᠠᠭ᠋ᠠᠷ᠎ᠢ ᠬᠠᠮᠲᠤ᠎ᠪᠠᠷ ᠰᠠᠬᠢᠨ ᠬᠠᠮᠠᠭ᠋ᠠᠯᠠᠵᠤ᠂ ᠰᠠᠶ᠋ᠢᠨ ᠰᠠᠶ᠋ᠢᠬᠠᠨ ᠠᠮᠢᠳᠤᠷᠠᠯ᠎ᠢ ᠬᠠᠮᠲᠤ᠎ᠪᠠᠷ ᠴᠣᠭᠴᠠᠯᠠᠨ᠂ ᠰᠢᠨ᠎ᠡ ᠴᠠᠭ ᠦᠶ᠎ᠡ᠎ᠳᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ ᠦᠷᠭᠦᠯᠵᠢᠯᠡᠨ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃
ᠡᠨᠡ ᠵᠢᠯ ᠪᠣᠯ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ ᠪᠠᠶ᠋ᠢᠭᠤᠯᠤᠭᠳᠠᠭᠰᠠᠨ 75 ᠵᠢᠯ᠎ᠤᠨ ᠣᠶ ᠪᠣᠯᠤᠨ᠎ᠠ᠃ 75 ᠵᠢᠯ᠎ᠤᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠪᠠᠶ᠋ᠢᠭᠤᠯᠤᠭᠳᠠᠭᠰᠠᠨ᠎ᠨᠢ ᠥᠪᠥᠷ ᠮᠣᠩᠭᠤᠯ᠎ᠤᠨ ᠬᠥᠭᠵᠢᠯᠲᠡ ᠵᠢᠨ ᠰᠢᠨ᠎ᠡ ᠡᠷᠢᠨ᠎ᠢ ᠨᠡᠭᠡᠭᠡᠪᠡ᠃ 75 ᠵᠢᠯ᠎ᠤᠨ ᠲᠤᠷᠰᠢ᠂ ᠨᠠᠮ᠎ᠤᠨ ᠲᠥᠪ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠪᠣᠯᠤᠨ ᠳᠣᠲᠣᠨᠣ ᠬᠠᠯᠠᠮᠵᠢᠯᠠᠯ ᠳᠤᠤᠷ᠎ᠠ᠂ ᠥᠪᠥᠷ ᠮᠣᠩᠭᠤᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠳᠠᠭ᠋ᠠᠵᠤ᠂ ᠪᠥᠬᠦ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠪᠣᠯᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠶᠯᠡᠰ ᠬᠡᠷᠡᠯ ᠰᠠᠴᠤᠷᠠᠩᠭᠤᠶ ᠠᠮᠵᠢᠯᠲᠠ ᠣᠯᠵᠤ᠂ ᠦᠨᠳᠦᠰᠦᠲᠡᠨ ᠪᠦᠯᠬᠦᠮᠳᠡᠭᠰᠡᠨ᠂ ᠨᠡᠶ᠋ᠢᠭᠡᠮ ᠡᠶ᠎ᠡ ᠵᠣᠬᠢᠴᠠᠩᠭᠤᠶ᠂ ᠬᠢᠯᠢ ᠬᠢᠵᠠᠭ᠋ᠠᠷ ᠠᠮᠤᠷ ᠲᠣᠭᠲᠠᠭᠤᠨ ᠰᠠᠶ᠋ᠢᠨ ᠰᠠᠶ᠋ᠢᠬᠠᠨ ᠪᠠᠶ᠋ᠢᠳᠠᠯ᠎ᠢ ᠣᠷᠳᠣ ᠬᠤᠭᠤᠴᠠᠭ᠎ᠠ᠎ᠪᠠᠷ ᠪᠠᠲᠤᠯᠠᠪᠠ᠃
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠢᠭᠤᠳ ᠤᠳᠤᠷᠢᠳᠤᠯᠭ᠎ᠠ ᠳᠣᠣᠷ᠎ᠠ ᠪᠠᠶ᠋ᠢᠭᠤᠯᠤᠭᠳᠠᠭᠰᠠᠨ ᠶᠤᠮ
ᠶᠡᠷᠦᠩᠬᠡᠢ ᠱᠦᠵᠢ ᠰᠢ ᠵᠢᠨ ᠫᠢᠩ᠄ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠣᠯ ᠦᠨᠳᠦᠰᠦᠲᠡᠨ᠎ᠤ ᠠᠵᠢᠯ᠎ᠤᠨ ᠠᠮᠵᠢᠯᠲᠠ ᠤᠯᠬᠤ ᠵᠢᠨ ᠦᠨᠳᠦᠰᠦᠨ ᠪᠠᠲᠤᠯᠠᠭ᠎ᠠ ᠮᠥᠨ᠂ ᠪᠠᠰᠠ ᠴᠤ᠌ ᠦᠨᠳᠦᠰᠦᠲᠡᠨ᠎ᠨᠦᠭᠦᠳ᠎ᠤᠨ ᠶᠡᠭᠡ ᠪᠦᠯᠬᠦᠮᠳᠡᠯ᠎ᠤᠨ ᠦᠨᠳᠦᠰᠦᠨ ᠪᠠᠲᠤᠯᠠᠭ᠎ᠠ ᠮᠥᠨ᠃ ᠪᠠᠲᠤ ᠴᠢᠩᠭ᠎ᠠ ᠬᠦᠴᠦᠳᠠᠢ ᠤᠯᠤᠰ ᠲᠦᠷᠦ ᠵᠢᠨ ᠤᠳᠤᠷᠢᠳᠤᠯᠭ᠎ᠠ ᠪᠠᠶ᠋ᠢᠬᠤ ᠦᠭᠡᠢ ᠪᠣᠯ ᠤᠯᠠᠨ ᠦᠨᠳᠦᠰᠦᠲᠡᠨ᠎ᠲᠠᠢ ᠨᠢᠭᠡ ᠤᠯᠤᠰ ᠪᠦᠯᠬᠦᠮᠳᠡᠨ ᠨᠢᠭᠡᠳᠬᠦ ᠵᠢ ᠪᠡᠶᠡᠯᠡᠬᠦᠯᠬᠦ ᠭᠡᠳᠡᠭ᠎ᠨᠢ ᠰᠡᠳᠭᠢᠭᠳᠡᠰᠢ ᠦᠭᠡᠢ ᠶᠤᠮ》 ᠭᠡᠵᠥ ᠬᠦᠨᠵᠡᠬᠡᠢ ᠵᠢᠭ᠋ᠠᠵᠥ ᠭᠠᠷᠭ᠋ᠠᠪᠠ᠃ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ ᠪᠠᠶ᠋ᠢᠭᠤᠯᠤᠭᠳᠠᠬᠤ ᠦᠶ᠎ᠡ ᠵᠢᠨ ᠲᠡᠷᠡ ᠬᠡᠰᠡᠭ ᠲᠡᠦᠬᠡ ᠵᠢ ᠡᠷᠭᠢᠴᠡᠭᠦᠯᠪᠡᠯ᠂ ᠲᠤᠬᠠᠢ ᠵᠢᠨ ᠦᠶ᠎ᠡ ᠵᠢᠨ ᠪᠤᠳᠤᠯᠢᠶᠠᠨᠲᠠᠢ ᠪᠠᠶ᠋ᠢᠳᠠᠯ ᠳᠣᠣᠷ᠎ᠠ᠂ ᠬᠡᠷᠪᠡ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠢᠭᠤᠳ ᠤᠳᠤᠷᠢᠳᠤᠯᠭ᠎ᠠ᠂ ᠵᠥᠪ ᠤᠳᠤᠷᠢᠳᠤᠯᠭ᠎ᠠ ᠪᠠᠶ᠋ᠢᠭᠰᠠᠨ ᠦᠭᠡᠢ ᠪᠣᠯ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ ᠪᠠᠶ᠋ᠢᠭᠤᠯᠤᠭᠳᠠᠵᠤ ᠴᠢᠳᠠᠬᠤ ᠦᠭᠡᠢ ᠶᠤᠮ᠃
ᠥᠪᠡᠷᠲᠡᠭᠡᠨ ᠵᠠᠰᠠᠬᠤ ᠣᠷᠣᠨ ᠪᠠᠶ᠋ᠢᠭᠤᠯᠤᠭᠳᠠᠬᠤ᠎ᠠᠴᠠ ᠡᠮᠦᠨᠡᠬᠡᠨ᠂ ᠥᠪᠥᠷ ᠮᠣᠩᠭᠤᠯ ᠣᠷᠣᠨ᠎ᠤ ᠪᠠᠶ᠋ᠢᠳᠠᠯ ᠲᠤᠶ᠋ᠢᠯ᠎ᠤᠨ ᠪᠤᠳᠤᠯᠢᠶᠠᠨᠲᠠᠶ᠂ ᠴᠢᠨᠠᠭᠰᠢᠯᠠᠪᠠᠯ ᠳᠤᠮᠳᠠᠳᠤ ᠤᠯᠤᠰ᠎ᠤᠨ ᠨᠤᠲᠤᠭ ᠳᠡᠪᠢᠰᠭᠡᠷ᠎ᠠᠴᠠ ᠰᠠᠯᠵᠤ ᠭᠠᠷᠬᠤ ᠬᠦᠨᠳᠦ ᠨᠣᠴᠢᠲᠠᠶ ᠠᠶᠤᠯ ᠲᠦᠭᠰᠢᠭᠦᠷᠢ᠎ᠳᠤ ᠲᠤᠯᠭ᠋ᠠᠷᠠᠵᠤ ᠪᠠᠶ᠋ᠢᠪᠠ᠃ ᠲᠤᠬᠠᠶ ᠵᠢᠨ ᠦᠶ᠎ᠡ᠎ᠳᠤ ᠡᠯ᠎ᠡ ᠵᠦᠢ᠍ᠯ᠎ᠤᠨ ᠤᠯᠤᠰ ᠲᠦᠷᠦ ᠵᠢᠨ ᠬᠦᠴᠦᠨ ᠥᠪᠥᠷ ᠮᠣᠩᠭᠤᠯ ᠣᠷᠣᠨ᠎ᠳᠤ ᠲᠡᠮᠡᠴᠡᠯᠳᠦᠵᠦ ᠪᠠᠶ᠋ᠢᠪᠠ᠂ ᠡᠭᠦᠨ᠎ᠳᠤ ᠤᠤᠯ᠎ᠤᠨ ᠬᠠᠭᠤᠷᠮᠠᠭ ᠮᠣᠩᠭᠤᠯ᠎ᠤᠨ ᠬᠢᠵᠠᠭ᠋ᠠᠷ᠎ᠤᠨ ᠵᠠᠰᠠᠭ ᠪᠠ ᠬᠠᠭᠤᠷᠮᠠᠭ ᠮᠠᠨᠵᠤ ᠤᠯᠤᠰ᠎ᠤᠨ ᠡᠯ᠎ᠡ ᠱᠠᠲᠤᠨ᠎ᠤ ᠨᠣᠶᠠᠳ ᠲᠦᠰᠢᠮᠡᠳ ᠪᠤᠢ᠂ ᠨᠢᠭᠡ ᠪᠦᠯᠦᠭ ᠮᠣᠩᠭᠤᠯ ᠸᠠᠩ ᠭᠦᠩ ᠢᠵᠠᠭᠤᠷᠲᠠᠳ ᠪᠤᠢ᠂ ᠭᠤᠮᠢᠨᠳᠠᠩ᠎ᠤᠨ ᠲᠡᠷᠰᠯᠡᠭᠦᠴᠦᠳ᠎ᠲᠤ ᠪᠠᠭᠤᠵᠤ ᠥᠭᠭᠦᠭᠰᠡᠨ ᠤᠯᠤᠰ ᠲᠦᠷᠦ ᠵᠢᠨ ᠵᠠᠪᠰᠢᠭᠴᠢᠳ ᠪᠤᠢ᠂ ᠪᠤᠭᠤᠲᠤ᠂ ᠬᠦᠢ᠍ᠰᠦ᠋ᠢ ᠵᠡᠷᠭᠡ ᠭᠠᠵᠠᠷ᠎ᠢ ᠡᠵᠡᠯᠡᠭᠰᠡᠨ ᠭᠤᠮᠢᠨᠳᠠᠩ᠎ᠤᠨ ᠴᠡᠷᠢᠭ ᠠᠩᠭᠢ ᠴᠤ᠌ ᠪᠤᠢ᠃ ᠡᠯ᠎ᠡ ᠵᠦᠢ᠍ᠯ᠎ᠤᠨ ᠬᠦᠴᠦᠨ ᠪᠦᠷ ᠥᠪᠡᠷᠰᠡᠳ᠎ᠤᠨ ᠤᠯᠤᠰ ᠲᠦᠷᠦ ᠵᠢᠨ ᠵᠣᠷᠢᠯᠲᠠ᠎ᠪᠠᠨ ᠳᠤᠷᠠᠳᠤᠭᠰᠠᠨ᠎ᠤ ᠳᠣᠲᠣᠷ᠎ᠠ ᠴᠥᠭᠡᠨ ᠪᠤᠰᠤ᠎ᠨᠢ 《ᠥᠪᠥᠷ ᠮᠣᠩᠭᠤᠯ ᠳᠡᠭᠡᠳᠦ ᠬᠡᠮᠵᠢᠶ᠎ᠡ᠎ᠪᠠᠷ ᠥᠪᠡᠷᠲᠡᠭᠡᠨ ᠵᠠᠰᠠᠬᠤ》᠂ 《ᠥᠪᠥᠷ ᠮᠣᠩᠭᠤᠯ ᠲᠤᠰᠠᠭ᠋ᠠᠷ ᠲᠣᠭᠲᠠᠨᠢᠬᠤ》᠂ 《ᠥᠪᠥᠷ ᠠᠷᠤ ᠮᠣᠩᠭᠤᠯ ᠨᠡᠶ᠋ᠢᠯᠡᠬᠦ》 ᠵᠡᠷᠭᠡ ᠪᠤᠷᠤᠭᠤ ᠵᠣᠷᠢᠯᠲᠠ᠎ᠲᠠᠢ ᠪᠠᠶ᠋ᠢᠪᠠ᠃ ᠡᠳᠡᠭᠡᠷ ᠵᠣᠷᠢᠯᠲᠠ᠎ᠨᠢ ᠮᠥᠨ ᠴᠢᠨᠠᠷ ᠳᠡᠭᠡᠷ᠎ᠡ᠎ᠪᠠᠨ ᠥᠪᠥᠷ ᠮᠣᠩᠭᠤᠯ᠎ᠢ ᠰᠠᠯᠭ᠋ᠠᠵᠤ᠂ ᠤᠯᠤᠰ ᠣᠷᠣᠨ᠎ᠢ ᠬᠠᠭ᠋ᠠᠴᠠᠭᠤᠯᠬᠤ ᠭᠡᠰᠡᠨ ᠶᠤᠮ᠃ ᠲᠤᠬᠠᠢ ᠵᠢᠨ ᠦᠶ᠎ᠡ ᠵᠢᠨ ᠪᠠᠶ᠋ᠢᠳᠠᠯ᠎ᠠᠴᠠ ᠦᠵᠡᠪᠡᠯ᠂ ᠥᠪᠥᠷ ᠮᠣᠩᠭᠤᠯ ᠦᠨᠡᠬᠡᠷ ᠲᠡᠦᠬᠡ ᠵᠢᠨ ᠲᠣᠨᠣᠯᠵᠢᠨ ᠵᠠᠮ᠎ᠳᠤ ᠬᠦᠷᠦᠭᠰᠡᠨ ᠪᠠᠶ᠋ᠢᠵᠠᠢ᠃ ᠢᠷᠡᠭᠡᠳᠦᠢ ᠬᠤᠪᠢ ᠵᠠᠶᠠᠭ᠎ᠠ ᠵᠢ ᠲᠣᠭᠲᠠᠭ᠋ᠠᠬᠤ ᠵᠠᠩᠭᠢᠯᠠᠭ᠎ᠠ ᠵᠢᠨ ᠴᠠᠭ ᠮᠥᠴᠡ᠎ᠳᠤ᠂ ᠡᠭᠡᠳᠡᠷᠡᠭᠡᠨ ᠪᠤᠳᠤᠯᠢᠶᠠᠨᠲᠠᠢ ᠰᠠᠮᠠᠭᠤᠨ ᠪᠠᠶ᠋ᠢᠳᠠᠯ᠎ᠤᠨ ᠡᠮᠦᠨ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠬᠥᠳᠡᠯᠭᠡᠭᠡᠨ᠎ᠢ ᠰᠢᠭᠤᠳ ᠤᠳᠤᠷᠢᠳᠤᠭᠰᠠᠨ ᠪᠠᠶ᠋ᠢᠨ᠎ᠠ᠃ ᠨᠠᠮ᠎ᠤᠨ ᠲᠥᠪ ᠬᠤᠷᠢᠶ᠎ᠠ ᠰᠢᠶᠳᠪᠦᠷᠢᠲᠦ ᠪᠣᠳᠣᠯᠭ᠎ᠠ ᠭᠠᠷᠭ᠋ᠠᠵᠤ᠂ ᠱᠠᠨ ᠰᠢ ᠴᠠᠬᠠᠷ ᠡᠾᠧᠪᠸᠢ ᠵᠢᠨ ᠲᠥᠪ ᠲᠣᠪᠴᠢᠶ᠎ᠠ ᠪᠣᠯᠤᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠪᠠᠷᠠᠭᠤᠨ ᠬᠤᠶ᠋ᠢᠲᠤ ᠣᠷᠣᠨ᠎ᠤ ᠲᠣᠪᠴᠢᠶ᠎ᠠ᠂ ᠵᠡᠭᠦᠨ ᠬᠤᠶ᠋ᠢᠲᠤ ᠣᠷᠣᠨ᠎ᠤ ᠲᠣᠪᠴᠢᠶ᠎ᠠ᠂ ᠪᠠᠷᠠᠭᠤᠨ ᠮᠠᠨᠵᠤ ᠵᠢᠨ ᠬᠤᠪᠢᠶᠠᠷᠢ ᠲᠣᠪᠴᠢᠶ᠎ᠠ᠂ ᠡᠾᠧᠪᠸᠢ ᠷᠧ ᠾᠧ ᠯᠢᠶᠣᠤᠨᠢᠩ᠎ᠤᠨ ᠬᠤᠪᠢᠶᠠᠷᠢ ᠲᠣᠪᠴᠢᠶ᠎ᠠ ᠴᠥᠮ ᠥᠪᠥᠷ ᠮᠣᠩᠭᠤᠯ᠎ᠳᠤ ᠠᠳᠠᠯᠢ ᠪᠤᠰᠤ ᠠᠷᠭ᠎ᠠ ᠬᠡᠯᠪᠡᠷᠢ᠎ᠪᠠᠷ ᠶᠡᠭᠡ ᠬᠡᠮᠵᠢᠶᠡᠨ᠎ᠤ ᠠᠵᠢᠯ ᠬᠢᠵᠦ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭᠤᠯᠤᠭᠳᠠᠬᠤ ᠵᠢ ᠰᠢᠭᠤᠳ ᠤᠳᠤᠷᠢᠳᠴᠤ ᠵᠢᠯᠣᠭᠤᠳᠤᠨ ᠠᠬᠢᠭᠤᠯᠤᠭᠰᠠᠨ ᠪᠠᠶ᠋ᠢᠨ᠎ᠠ᠃ ᠲᠡᠷᠡ ᠦᠶ᠎ᠡ᠎ᠳᠤ ᠰᠢ ᠵᠦᠩ ᠰᠢᠶᠦ᠋ᠨ ᠨᠥᠬᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠪᠠᠷᠠᠭᠤᠨ ᠬᠤᠶ᠋ᠢᠲᠤ ᠣᠷᠣᠨ᠎ᠤ ᠲᠣᠪᠴᠢᠶ᠎ᠠ ᠵᠢᠨ ᠱᠦᠵᠢ ᠵᠢᠨ ᠬᠤᠪᠢ᠎ᠪᠠᠷ ᠬᠤᠷᠠᠯ ᠡᠷᠬᠢᠯᠡᠨ ᠬᠤᠷᠠᠯᠳᠤᠭᠤᠯᠵᠤ ᠶᠡᠭᠡ ᠵᠤᠤ ᠠᠶ᠋ᠢᠮᠠᠭ᠎ᠤᠨ ᠠᠵᠢᠯ᠎ᠢ ᠰᠤᠳᠤᠯᠵᠤ᠂ ᠱᠠᠳᠤᠴᠢ ᠴᠢᠨᠠᠷᠲᠠᠢ ᠳ᠋ᠦᠩᠨᠡᠯᠲᠡ ᠪᠠ ᠪᠠᠶ᠋ᠢᠯᠳᠤᠬᠤ ᠪᠤᠳᠤᠯᠭ᠎ᠠ ᠵᠢᠨ ᠴᠢᠨᠠᠷᠲᠠᠢ ᠪᠠᠶ᠋ᠢᠷᠢᠯᠠᠭᠤᠯᠤᠯᠲᠠ ᠬᠢᠵᠡᠢ᠃ ᠳᠤᠮᠳᠠᠳᠤ ᠤᠯᠤᠰ᠎ᠤᠨ ᠡᠪ ᠬᠠᠮᠲᠤ ᠨᠠᠮ ᠤᠯᠤᠰ ᠲᠦᠷᠦ ᠵᠢᠨ ᠵᠢᠯᠤᠭᠤᠳᠤᠯᠭ᠎ᠠ᠎ᠪᠠᠨ ᠴᠢᠩᠭ᠋ᠠᠳᠬᠠᠵᠤ᠂ ᠠᠮᠢᠳᠤᠯᠢᠭ ᠠᠷᠭ᠎ᠠ ᠪᠤᠳᠤᠯᠭ᠎ᠠ ᠠᠪᠴᠤ᠂ ᠤᠷᠢᠳ ᠬᠤᠵᠢᠳ ᠰᠥᠨᠢᠳ ᠪᠠᠷᠠᠭᠤᠨ ᠬᠤᠰᠢᠭᠤᠨ᠎ᠳᠤ ᠪᠠᠶ᠋ᠢᠭᠤᠯᠤᠭᠰᠠᠨ 《ᠪᠥᠬᠦᠳᠡ ᠨᠠᠶ᠋ᠢᠷᠠᠮᠳᠠᠬᠤ ᠥᠪᠥᠷ ᠮᠣᠩᠭᠤᠯ ᠠᠷᠠᠳ ᠤᠯᠤᠰ᠎ᠤᠨ ᠲᠦᠷ ᠴᠠᠭ᠎ᠤᠨ ᠵᠠᠰᠠᠭ᠎ᠤᠨ ᠣᠷᠳᠣᠨ》᠂ ᠬᠢᠩᠭ᠋ᠠᠨ ᠠᠶ᠋ᠢᠮᠠᠭ᠎ᠤᠨ ᠭᠡᠭᠡᠨ ᠰᠦᠮ᠎ᠡ᠎ᠳᠤ ᠪᠠᠶ᠋ᠢᠭᠤᠯᠤᠭᠰᠠᠨ 《ᠵᠡᠭᠦᠨ ᠮᠣᠩᠭᠤᠯ᠎ᠤᠨ ᠠᠷᠠᠳ᠎ᠤᠨ ᠥᠪᠡᠷᠲᠡᠭᠡᠨ ᠵᠠᠰᠠᠬᠤ ᠵᠠᠰᠠᠭ᠎ᠤᠨ ᠣᠷᠳᠣᠨ》᠂ ᠬᠠᠶ᠋ᠢᠯᠠᠷ᠎ᠲᠤ ᠪᠠᠶ᠋ᠢᠭᠤᠯᠤᠭᠰᠠᠨ 《ᠬᠥᠯᠥᠨ ᠪᠣᠶ᠋ᠢᠷ᠎ᠤᠨ ᠥᠪᠡᠷᠲᠡᠭᠡᠨ ᠵᠠᠰᠠᠬᠤ ᠮᠤᠵᠢ ᠵᠢᠨ ᠵᠠᠰᠠᠭ᠎ᠤᠨ ᠣᠷᠳᠣᠨ》᠎ᠢ ᠵᠥᠪ ᠵᠠᠮ᠎ᠳᠤ ᠣᠷᠣᠭᠤᠯᠵᠤ᠂ ᠵᠠᠷᠢᠮ ᠤᠯᠤᠰ ᠲᠦᠷᠦ ᠵᠢᠨ ᠬᠦᠴᠦᠨ᠎ᠤ 《ᠭᠠᠳᠠᠭᠰᠢ ᠲᠤᠳᠠᠭ᠋ᠠᠬᠤ》᠂ 《ᠲᠤᠰᠠᠭ᠋ᠠᠷ ᠲᠣᠭᠲᠠᠨᠢᠭᠤᠯᠬᠤ》 ᠭᠡᠰᠡᠨ ᠭᠤᠷᠢᠳᠠᠯᠭ᠎ᠠ ᠵᠢ ᠪᠤᠳᠠ ᠨᠢᠷᠭᠡᠪᠡ᠃
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ ᠲᠤᠬᠠᠢ ᠵᠢᠨ ᠦᠶ᠎ᠡ ᠵᠢᠨ ᠲᠡᠦᠬᠡᠨ ᠨᠥᠬᠦᠴᠡᠯ ᠳᠣᠣᠷ᠎ᠠ ᠪᠠᠶ᠋ᠢᠭᠤᠯᠤᠭᠳᠠᠵᠤ ᠴᠢᠳᠠᠭᠰᠠᠨ᠎ᠨᠢ ᠳᠠᠷᠤᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠬᠥᠳᠡᠯᠭᠡᠭᠡᠨ᠎ᠢ ᠤᠳᠤᠷᠢᠳᠬᠤ ᠶᠠᠪᠤᠴᠠ᠎ᠳᠤ ᠨᠠᠮ᠎ᠤᠨ ᠲᠥᠪ ᠬᠤᠷᠢᠶ᠎ᠠ᠎ᠠᠴᠠ ᠵᠢᠯᠣᠭᠤᠳᠬᠤ ᠴᠢᠭᠯᠡᠯᠲᠡ ᠵᠢ ᠴᠠᠭᠲᠤᠨᠢ ᠲᠤᠬᠢᠷᠠᠭᠤᠯᠤᠨ ᠲᠣᠭᠲᠠᠭ᠋ᠠᠵᠤ᠂ ᠴᠡᠷᠢᠭ᠎ᠤᠨ ᠶᠠᠪᠤᠳᠠᠯ᠎ᠤᠨ ᠠᠵᠢᠯᠯᠠᠭ᠎ᠠ ᠵᠢ ᠪᠦᠲᠦᠮᠵᠢᠲᠡᠢ ᠵᠢᠯᠣᠭᠤᠳᠴᠤ᠂ ᠥᠪᠥᠷ ᠮᠣᠩᠭᠤᠯ ᠣᠷᠣᠨ᠎ᠤ ᠥᠪᠡᠷᠲᠡᠭᠡᠨ ᠵᠠᠰᠠᠬᠤ ᠬᠥᠳᠡᠯᠭᠡᠭᠡᠨ᠎ᠢ ᠤᠳᠤᠷᠢᠳᠬᠤ ᠡᠷᠬᠡ ᠪᠠ ᠰᠠᠨᠠᠭ᠋ᠠᠴᠢᠯᠠᠭ᠋ᠠᠲᠤ ᠡᠷᠬᠡ ᠵᠢ ᠪᠠᠲᠤ ᠡᠵᠡᠮᠰᠢᠭᠰᠡᠨ᠎ᠠᠴᠠ ᠪᠣᠯᠤᠭᠰᠠᠨ ᠶᠤᠮ᠃ ᠲᠤᠬᠠᠢ ᠵᠢᠨ ᠦᠶ᠎ᠡ᠎ᠳᠤ᠂ ᠬᠡᠷᠪᠡ ᠵᠢᠨᠢᠩ᠎ᠤᠨ ᠳᠠᠶ᠋ᠢᠯᠠᠯᠳᠤᠭ᠋ᠠᠨ᠎ᠳᠤ ᠴᠢᠯᠥᠭᠡᠯᠡᠬᠦ ᠴᠡᠷᠢᠭ᠎ᠤᠨ ᠶᠡᠭᠡ ᠴᠡᠷᠢᠭ ᠲᠠᠷᠤᠯᠳᠠ ᠦᠵᠡᠬᠦᠯᠵᠦ᠂ ᠳᠠᠶ᠋ᠢᠰᠤᠨ᠎ᠤ ᠴᠡᠷᠢᠭ᠎ᠢ ᠬᠦᠴᠦᠲᠡᠢ ᠬᠤᠷᠢᠭᠯᠠᠭᠰᠠᠨ ᠦᠭᠡᠢ ᠪᠣᠯ ᠥᠪᠡᠷᠲᠡᠭᠡᠨ ᠵᠠᠰᠠᠬᠤ ᠣᠷᠣᠨ ᠪᠠᠶ᠋ᠢᠭᠤᠯᠤᠭᠳᠠᠬᠤ᠎ᠨᠢ ᠲᠡᠶ᠋ᠢᠮᠦ ᠤᠷᠤᠭᠰᠢᠲᠠᠢ ᠪᠠᠶ᠋ᠢᠵᠤ ᠴᠢᠳᠠᠬᠤ ᠦᠭᠡᠢ ᠶᠤᠮ᠃ ᠡᠳᠦᠭᠡ ᠥᠪᠥᠷ ᠮᠣᠩᠭᠤᠯ᠎ᠤᠨ 《5 · 1᠎ᠤ ᠬᠤᠷᠠᠯ᠎ᠤᠨ ᠭᠠᠵᠠᠷ》᠂ ᠵᠢᠨᠢᠩ᠎ᠤᠨ ᠳᠠᠶ᠋ᠢᠯᠠᠯᠳᠤᠭ᠋ᠠᠨ᠎ᠤ ᠳᠤᠷᠠᠰᠬᠠᠯ᠎ᠤᠨ ᠣᠷᠳᠣᠨ᠎ᠳᠤ ᠲᠤᠬᠠᠢ ᠵᠢᠨ ᠵᠢᠯ᠎ᠤᠨ ᠨᠠᠮ᠎ᠤᠨ ᠲᠥᠪ ᠬᠤᠷᠢᠶᠠᠨ᠎ᠤ ᠪᠠᠭᠤᠯᠭ᠋ᠠᠭᠰᠠᠨ ᠵᠢᠭ᠋ᠠᠪᠤᠷᠢ ᠵᠢ ᠳᠡᠯᠭᠡᠨ ᠦᠵᠡᠭᠦᠯᠵᠦ᠂ ᠮᠠᠤ ᠽᠧ ᠳ᠋ᠦᠩ᠂ ᠵᠧᠦ ᠧᠨ ᠯᠠᠢ ᠵᠡᠷᠭᠡ ᠤᠳᠤᠷᠢᠳᠬᠤ ᠨᠥᠬᠦᠳ᠎ᠤᠨ ᠪᠡᠶ᠎ᠡ᠎ᠪᠠᠷ ᠵᠶ᠋ᠠᠨ ᠲᠤᠭᠤᠷᠪᠢᠭᠰᠠᠨ ᠴᠠᠬᠢᠯᠭ᠋ᠠᠨ ᠮᠡᠳᠡᠭᠡ᠂ ᠵᠠᠬᠢᠳᠠᠯ᠎ᠢ ᠨᠠᠨᠳᠢᠩᠨᠠᠨ ᠬᠠᠳᠠᠭ᠋ᠠᠯᠠᠵᠤ ᠪᠤᠢ᠂ ᠡᠳᠡᠭᠡᠷ᠎ᠨᠢ ᠴᠥᠮ ᠮᠠᠨ᠎ᠤ ᠨᠠᠮ᠎ᠤᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠢ ᠰᠢᠭᠤᠳ ᠤᠳᠤᠷᠢᠳᠤᠨ ᠪᠠᠶ᠋ᠢᠭᠤᠯᠤᠭᠰᠠᠨ ᠲᠡᠦᠬᠡ ᠵᠢᠨ ᠭᠡᠷᠡᠴᠢ ᠪᠣᠯᠤᠨ᠎ᠠ᠃
ᠥᠪᠥᠷ ᠮᠣᠩᠭᠤᠯ᠎ᠤᠨ ᠤᠳᠤ ᠵᠢᠨ ᠣᠷᠣᠨ᠎ᠤ ᠬᠤᠪᠢᠶᠠᠷᠢᠯᠠᠯ᠎ᠤᠨ ᠬᠡᠪᠴᠢᠶ᠎ᠡ ᠵᠢ ᠴᠦ᠍ ᠨᠠᠮ᠎ᠤᠨ ᠲᠥᠪ ᠬᠤᠷᠢᠶᠠᠨ᠎ᠤ ᠰᠢᠭᠤᠳ ᠤᠳᠤᠷᠢᠳᠤᠯᠭ᠎ᠠ ᠳᠣᠣᠷ᠎ᠠ ᠲᠣᠭᠲᠠᠭ᠋ᠠᠭᠰᠠᠨ ᠶᠤᠮ᠃ ᠨᠠᠮ᠎ᠤᠨ ᠳᠣᠯᠣᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠬᠤᠶᠠᠳᠤᠭ᠋ᠠᠷ ᠪᠥᠬᠦᠳᠡ ᠬᠤᠷᠠᠯ᠎ᠤᠨ ᠬᠤᠭᠤᠴᠠᠭ᠋ᠠᠨ᠎ᠳᠤ ᠮᠠᠤ ᠽᠧ ᠳ᠋ᠦᠩ ᠨᠥᠬᠦᠷ 《ᠥᠪᠥᠷ ᠮᠣᠩᠭᠤᠯ᠎ᠤᠨ ᠲᠡᠦᠬᠡᠨ ᠳᠡᠭᠡᠷᠡᠬᠢ ᠤᠤᠯ᠎ᠤᠨ ᠳᠦᠷᠰᠦ ᠪᠠᠶ᠋ᠢᠳᠠᠯ᠎ᠢ ᠰᠡᠷᠭᠦᠭᠡᠨ᠎ᠡ》 ᠭᠡᠵᠦ ᠳᠤᠷᠠᠳᠴᠠᠶ᠃ ᠡᠭᠦᠨ᠎ᠢ ᠪᠡᠶᠡᠯᠡᠭᠦᠯᠬᠦ᠎ᠳᠤ ᠬᠦᠴᠢᠷᠳᠡᠯ ᠨᠢ ᠭᠤᠣᠯᠳᠠᠭᠤ 《ᠥᠪᠥᠷ ᠮᠣᠩᠭᠤᠯ ᠰᠦᠢ᠍ᠶᠤᠸᠠᠨᠢ ᠨᠡᠶ᠋ᠢᠯᠡᠭᠦᠯᠬᠦ》 ᠠᠰᠠᠭᠤᠳᠠᠯ ᠳᠡᠭᠡᠷ᠎ᠡ ᠲᠥᠪᠯᠡᠷᠡᠵᠦ ᠪᠠᠶ᠋ᠢᠪᠠ᠃ ᠲᠤᠬᠠᠶ ᠵᠢᠨ ᠦᠶ᠎ᠡ᠎ᠳᠤ᠂ ᠨᠠᠮ᠎ᠤᠨ ᠳᠣᠲᠣᠭ᠋ᠠᠳᠤ᠎ᠳᠤ ᠥᠪᠥᠷ ᠮᠣᠩᠭᠤᠯ᠎ᠤᠨ ᠣᠷᠣᠨ ᠪᠦᠰᠠ ᠵᠢᠨ ᠠᠰᠠᠭᠤᠳᠠᠯ᠎ᠤᠨ ᠲᠤᠬᠠᠶ ᠲᠠᠨᠢᠯᠲᠠ ᠨᠢᠭᠡᠳᠦᠯ ᠦᠭᠡᠢ᠎ᠠᠴᠠ ᠪᠤᠯᠵᠤ᠂ 《ᠥᠪᠥᠷ ᠮᠣᠩᠭᠤᠯ ᠰᠦᠢ᠍ᠶᠤᠸᠠᠨᠢ ᠨᠡᠶ᠋ᠢᠯᠡᠭᠦᠯᠬᠦ》 ᠠᠵᠢᠯ ᠶᠡᠷᠦ᠎ᠨᠢ ᠦᠨᠡᠨ ᠪᠣᠳᠠᠲᠠᠶ ᠠᠬᠢᠴᠠ ᠦᠭᠡᠢ ᠪᠠᠶ᠋ᠢᠵᠠᠶ᠃ 1952 ᠣᠨ᠎ᠤ ᠡᠬᠢ᠎ᠪᠠᠷ᠂ ᠮᠠᠤ ᠽᠧ ᠳ᠋ᠦᠩ ᠨᠥᠬᠦᠷ 《ᠥᠪᠥᠷ ᠮᠣᠩᠭᠤᠯ ᠰᠦᠢ᠍ᠶᠤᠸᠠᠨᠢ ᠨᠡᠶ᠋ᠢᠯᠡᠭᠦᠯᠬᠦ》 ᠵᠢ ᠤᠳᠠᠲᠠᠯ᠎ᠠ ᠬᠤᠶ᠋ᠢᠰᠢᠯᠠᠭᠤᠯᠤᠭ᠋ᠠᠳ ᠰᠢᠶᠳᠪᠦᠷᠢ ᠭᠠᠷᠭ᠋ᠠᠭ᠋ᠠᠳᠤᠶ ᠪᠠᠶ᠋ᠢᠬᠤ᠎ᠨᠢ ᠵᠠᠷᠢᠮ ᠤᠳᠤᠷᠢᠳᠬᠤ ᠺᠠᠳ᠋ᠷ ᠵᠦᠪᠰᠢᠶᠡᠷᠡᠬᠦ ᠦᠭᠡᠢ᠎ᠠᠴᠠ ᠰᠢᠯᠳᠠᠭ᠋ᠠᠯᠠᠵᠦ ᠪᠠᠶ᠋ᠢᠬᠤ ᠵᠢ ᠤᠯᠵᠤ ᠮᠡᠳᠡᠭᠰᠡᠨ᠎ᠤ ᠲᠠᠷᠠᠭ᠎ᠠ᠄ ᠳᠠᠬᠢᠨ ᠬᠤᠶ᠋ᠢᠰᠢᠯᠠᠭᠤᠯᠵᠤ ᠪᠣᠯᠬᠤ ᠦᠭᠡᠢ᠂ ᠬᠡᠨ ᠵᠥᠪᠰᠢᠶᠡᠷᠡᠬᠦ ᠦᠭᠡᠢ ᠪᠣᠯ ᠲᠡᠭᠦᠨ᠎ᠢ ᠤᠬ᠍ᠴᠠᠷᠠᠭᠤᠯᠤᠨᠠ ᠭᠡᠵᠦ ᠵᠢᠭ᠋ᠠᠵᠤ ᠭᠠᠷᠭ᠋ᠠᠪᠠ᠃ ᠵᠧᠤ ᠧᠨ ᠯᠠᠶ ᠨᠥᠬᠦᠷ᠂ ᠡᠨᠡ ᠤᠴᠢᠷ᠎ᠢ ᠲᠥᠪ ᠬᠤᠷᠢᠶᠠᠨ᠎ᠠᠴᠠ ᠲᠣᠭᠲᠠᠭ᠋ᠠᠵᠠᠢ᠂ ᠪᠢ ᠤᠴᠢᠵᠤ ᠠᠵᠢᠯ ᠬᠢᠶ᠎ᠡ᠂ ᠲᠡᠷᠢᠭᠦᠯᠡᠭᠴᠢ ᠰᠠᠨᠠᠭ᠎ᠠ ᠠᠮᠤᠷ ᠪᠠᠶ᠋ᠢᠭ᠋ᠠᠷᠠᠢ ᠭᠡᠵᠤ ᠬᠡᠯᠡᠪᠡ᠃ ᠨᠠᠮ᠎ᠤᠨ ᠲᠥᠪ ᠬᠤᠷᠢᠶᠠᠨ᠎ᠤ ᠤᠳᠤᠷᠢᠳᠤᠯᠭ᠎ᠠ ᠪᠠ ᠳᠡᠮᠵᠢᠯᠭᠡ ᠳᠣᠣᠷ᠎ᠠ᠂ 1954 ᠣᠨ᠎ᠳᠤ ᠰᠦᠢ᠍ᠶᠤᠸᠠᠨ ᠮᠤᠵᠢ ᠵᠢᠨ ᠪᠠᠶ᠋ᠢᠭᠤᠯᠤᠮᠵᠢ ᠵᠢ ᠵᠢᠩᠬᠢᠨᠢ᠎ᠪᠠᠷ ᠬᠠᠰᠤᠵᠤ᠂ ᠬᠠᠷᠢᠶᠠᠲᠤ ᠣᠷᠣᠨ ᠵᠶ᠋ᠠᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠳᠤ ᠬᠠᠷᠢᠶᠠᠯᠠᠭᠤᠯᠪᠠ᠃ ᠳᠠᠷᠠᠭ᠎ᠠ᠎ᠨᠢ ᠤᠤᠯ᠎ᠨᠢ ᠭᠠᠨᠰᠦ᠎ᠳᠤ ᠬᠠᠷᠢᠶᠠᠯᠠᠭᠳᠠᠵᠤ ᠪᠠᠶ᠋ᠢᠭᠰᠠᠨ ᠠᠯᠠᠱ᠌ᠠ᠂ ᠡᠵᠡᠨ᠎ᠡ᠂ ᠤᠤᠯ᠎ᠨᠢ ᠾᠧᠪᠧᠢ᠎ᠳᠤ ᠬᠠᠷᠢᠶᠠᠯᠠᠭᠳᠠᠵᠤ ᠪᠠᠶ᠋ᠢᠭᠰᠠᠨ ᠱᠠᠩᠳᠤ ᠵᠢ ᠵᠠᠯᠭ᠋ᠠᠭ᠎ᠠ᠎ᠪᠠᠷ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠳᠤ ᠬᠤᠪᠢᠶᠠᠷᠢᠯᠠᠨ ᠥᠭᠴᠡᠢ᠃
ᠥᠪᠥᠷ ᠮᠣᠩᠭᠤᠯ ᠪᠣᠯ ᠨᠠᠮ᠎ᠤᠨ ᠲᠥᠪ ᠬᠤᠷᠢᠶᠠᠨ᠎ᠤ ᠳᠡᠮᠵᠢᠯᠭᠡ ᠳᠣᠣᠷ᠎ᠠ ᠬᠥᠭᠵᠢᠵᠦ ᠢᠷᠡᠭᠰᠡᠨ ᠶᠤᠮ
ᠥᠪᠡᠷᠲᠡᠭᠡᠨ ᠵᠠᠰᠠᠬᠤ ᠣᠷᠣᠨ ᠪᠠᠶ᠋ᠢᠭᠤᠯᠤᠭᠳᠠᠭᠰᠠᠨ 70 ᠭᠠᠷᠤᠶ ᠵᠢᠯ᠎ᠤᠨ ᠲᠤᠷᠰᠢ ᠲᠩᠷᠢ ᠭᠠᠵᠠᠷ᠎ᠢ ᠳᠣᠩᠰᠣᠯᠭ᠋ᠠᠮ᠎ᠠ ᠬᠤᠪᠢᠷᠠᠯᠲᠠ ᠭᠠᠷᠴᠠᠶ᠃ 2021 ᠣᠨ᠎ᠳᠤ᠂ ᠪᠥᠬᠦ ᠣᠷᠣᠨ᠎ᠤ ᠭᠠᠵᠠᠷ ᠣᠷᠣᠨ᠎ᠤ ᠦᠶᠯᠡᠳᠪᠦᠷᠢᠯᠡᠯ᠎ᠤᠨ ᠶᠡᠷᠦᠩᠬᠡᠶ ᠥᠷᠲᠡᠭ 2 ᠲᠦᠮᠡᠨ ᠳ᠋ᠦᠩᠰᠢᠭᠤᠷ ᠲᠥᠭᠦᠷᠢᠭ᠎ᠢ ᠳᠠᠪᠠᠵᠤ᠂ ᠥᠪᠡᠷᠲᠡᠭᠡᠨ ᠵᠠᠰᠠᠬᠤ ᠣᠷᠣᠨ ᠪᠠᠶ᠋ᠢᠭᠤᠯᠤᠭᠳᠠᠭᠰᠠᠨ ᠡᠬᠢᠨ᠎ᠤ ᠦᠶ᠎ᠡ ᠵᠢᠨ᠎ᠬᠢ᠎ᠠᠴᠠ 680 ᠳᠠᠬᠢᠨ ᠨᠡᠮᠡᠭᠳᠡᠪᠡ; ᠡᠩ᠎ᠤᠨ ᠣᠯᠠᠨ ᠨᠡᠶ᠋ᠢᠲᠡ ᠵᠢᠨ ᠲᠥᠰᠦᠪ᠎ᠤᠨ ᠣᠷᠣᠯᠭ᠎ᠠ 2349 .9 ᠳ᠋ᠦᠩᠰᠢᠭᠤᠷ ᠲᠥᠭᠦᠷᠢᠭ᠎ᠲᠤ ᠬᠦᠷᠪᠠ᠂ ᠥᠪᠡᠷᠲᠡᠭᠡᠨ ᠵᠠᠰᠠᠬᠤ ᠣᠷᠣᠨ ᠪᠠᠶ᠋ᠢᠭᠤᠯᠤᠭᠳᠠᠭᠰᠠᠨ ᠡᠬᠢᠨ᠎ᠤ ᠦᠶ᠎ᠡ᠎ᠳᠤ ᠵᠥᠪᠬᠡᠨ 9 ᠲᠦᠮᠡᠨ ᠲᠥᠭᠦᠷᠢᠭ ᠪᠠᠶ᠋ᠢᠪᠠ; ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ ᠲᠤᠰ ᠲᠤᠰ 44377 ᠲᠥᠭᠦᠷᠢᠭ᠂ 18337 ᠲᠥᠭᠦᠷᠢᠭ᠎ᠲᠤ ᠬᠦᠷᠴᠦ᠂ 1978 ᠣᠨ᠎ᠤ᠎ᠬᠢ᠎ᠠᠴᠠ 146 ᠲᠠᠬᠢᠨ᠂ 182 ᠲᠠᠬᠢᠨ ᠨᠡᠮᠡᠭᠳᠡᠵᠡᠢ᠃ ᠥᠪᠥᠷ ᠮᠣᠩᠭᠤᠯ᠎ᠤᠨ ᠡᠶ᠋ᠢᠮᠦᠷᠬᠦᠦ ᠬᠥᠭᠵᠢᠯᠲᠡ ᠵᠢᠨ ᠠᠮᠵᠢᠯᠲᠠ ᠵᠢ ᠣᠯᠤᠭᠰᠠᠨ᠎ᠨᠢ ᠦᠨᠳᠦᠰᠦᠨ᠎ᠠᠴᠠ᠎ᠨᠢ ᠠᠪᠴᠤ ᠬᠡᠯᠡᠪᠡᠯ ᠨᠠᠮ᠎ᠤᠨ ᠲᠥᠪ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠪᠣᠯᠤᠨ ᠤᠯᠤᠰ᠎ᠤᠨ ᠠᠵᠤ ᠠᠬᠤᠢ ᠵᠢᠨ ᠪᠦᠳᠦᠭᠡᠨ ᠪᠠᠶ᠋ᠢᠭᠤᠯᠤᠯᠲᠠ ᠵᠡᠷᠭᠡ ᠡᠯ᠎ᠡ ᠲᠠᠯ᠎ᠠ ᠵᠢᠨ ᠲᠤᠶ᠋ᠢᠯ᠎ᠤᠨ ᠶᠡᠭᠡ ᠳᠡᠮᠵᠢᠯᠭᠡ ᠪᠠᠶ᠋ᠢᠭᠰᠠᠨ᠎ᠠᠴᠠ ᠪᠣᠯᠤᠭᠰᠠᠨ ᠶᠤᠮ᠃
ᠠᠯᠢ ᠡᠷᠲᠡ 《ᠠᠩᠬᠠᠳᠤᠭ᠋ᠠᠷ ᠲᠠᠪᠤᠨ ᠵᠢᠯ》᠎ᠤᠨ ᠬᠤᠭᠤᠴᠠᠭ᠋ᠠᠨ᠎ᠳᠤ᠂ ᠤᠯᠤᠰ᠎ᠠᠴᠠ ᠥᠪᠥᠷ ᠮᠣᠩᠭᠤᠯ᠎ᠳᠤ ᠪᠡᠯᠡ ᠣᠷᠣᠭᠤᠯᠤᠨ ᠦᠢ᠍ᠯᠡᠳᠪᠦᠷᠢ ᠪᠠᠶ᠋ᠢᠭᠤᠯᠵᠤ᠂ ᠲᠡᠮᠦᠷ ᠵᠠᠮ ᠳᠡᠪᠢᠰᠦᠭᠰᠡᠨ ᠦᠨᠳᠦᠰᠦᠨ ᠪᠦᠳᠦᠭᠡᠨ ᠪᠠᠶ᠋ᠢᠭᠤᠯᠤᠯᠲᠠ ᠵᠢᠨ ᠪᠡᠯᠡ ᠮᠥᠩᠭᠦ 10 ᠭᠠᠷᠤᠢ ᠳ᠋ᠦᠩᠰᠢᠭᠤᠷ ᠲᠥᠭᠦᠷᠢᠭ᠎ᠲᠤ ᠬᠦᠷᠴᠦ᠂ ᠪᠤᠭᠤᠲᠤ ᠵᠢᠨ ᠪᠤᠯᠤᠳ ᠲᠡᠮᠤᠷ᠎ᠤᠨ ᠪᠦᠯᠦᠭᠯᠡᠯ᠂ ᠨᠢᠭᠡᠳᠦᠭᠡᠷ ᠮᠠᠰᠢᠨ ᠮᠧᠬᠠᠨᠢᠭ᠎ᠤᠨ ᠪᠦᠯᠦᠭᠯᠡᠯ ᠺᠤᠮᠫᠠᠨᠢ᠂ ᠬᠤᠶᠠᠳᠤᠭ᠋ᠠᠷ ᠮᠠᠰᠢᠨ ᠮᠧᠬᠠᠨᠢᠭ᠎ᠤᠨ ᠪᠦᠯᠦᠭᠯᠡᠯ ᠺᠤᠮᠫᠠᠨᠢ᠂ ᠶᠡᠭᠡ ᠬᠢᠩᠭ᠋ᠠᠨ ᠳᠠᠪᠠᠭ᠎ᠠ ᠵᠢᠨ ᠤᠢ ᠰᠢᠭᠤᠢ ᠵᠢᠨ ᠠᠵᠤ ᠦᠢ᠍ᠯᠡᠳᠪᠦᠷᠢ ᠵᠢᠨ ᠰᠠᠭᠤᠷᠢᠨ ᠪᠦᠷ ᠲᠡᠷᠡ ᠦᠶ᠎ᠡ᠎ᠳᠤ ᠪᠠᠷᠢᠯᠭ᠎ᠠ ᠡᠬᠢᠯᠡᠵᠤ ᠪᠦᠳᠦᠭᠡᠨ ᠪᠠᠶ᠋ᠢᠭᠤᠯᠤᠬᠰᠡᠨ ᠶᠤᠮ᠃ 20 ᠳ᠋ᠤᠭ᠋ᠠᠷ ᠵᠠᠭᠤᠨ᠎ᠤ ᠵᠢᠷᠠᠭ᠋ᠠᠳ ᠣᠨ ᠪᠣᠯᠬᠤ᠎ᠳᠤ᠂ ᠤᠯᠤᠰ᠎ᠠᠴᠠ ᠪᠠᠰᠠ ᠳᠠᠯᠠᠢ ᠳᠠᠭ᠋ᠠᠤ ᠣᠷᠣᠨ᠎ᠠᠴᠠ ᠥᠪᠥᠷ ᠮᠣᠩᠭᠤᠯ ᠵᠦᠭ ᠨᠢᠭᠡ ᠪᠦᠯᠦᠭ ᠦᠢ᠍ᠯᠡᠳᠪᠦᠷᠢ ᠵᠢ ᠨᠡᠭᠦᠯᠭᠡᠪᠡ᠃ ᠥᠭᠡᠷᠡᠴᠢᠯᠡᠯᠲᠡ ᠨᠡᠭᠡᠭᠡᠯᠲᠡ ᠬᠢᠭᠰᠡᠨ᠎ᠤ ᠳᠠᠷᠠᠭ᠎ᠠ᠂ ᠨᠠᠮ᠎ᠤᠨ ᠲᠥᠪ ᠬᠤᠷᠢᠶ᠎ᠠ᠎ᠠᠴᠠ ᠥᠪᠥᠷ ᠮᠣᠩᠭᠤᠯ᠎ᠤᠨ ᠠᠵᠤ ᠠᠬᠤᠶ ᠵᠢᠨ ᠪᠥᠲᠥᠭᠡᠨ ᠪᠠᠶ᠋ᠢᠭᠤᠯᠤᠯᠲᠠ ᠪᠠ ᠡᠯ᠎ᠡ ᠵᠦᠶᠯ᠎ᠤᠨ ᠠᠵᠢᠯ ᠦᠶᠯᠡᠰ᠎ᠤᠨ ᠬᠥᠭᠵᠢᠯᠲᠡ ᠵᠢ ᠳᠡᠮᠵᠢᠬᠦ ᠡᠷᠴᠢᠮ ᠵᠶ᠋ᠠᠨ ᠲᠠᠰᠤᠷᠠᠯᠲᠠ ᠥᠬᠡᠶ ᠴᠢᠩᠭ᠋ᠠᠷᠠᠭᠤᠯᠪᠠ᠃ 1996 ᠣᠨ᠎ᠳᠤ ᠨᠠᠮ᠎ᠤᠨ ᠲᠥᠪ ᠬᠤᠷᠢᠶ᠎ᠠ᠂ ᠲᠦᠷᠦ ᠵᠢᠨ ᠶᠠᠪᠤᠳᠠᠯ᠎ᠤᠨ ᠬᠤᠷᠢᠶ᠎ᠠ᠎ᠠᠴᠠ ᠪᠡᠭᠡᠵᠢᠩ᠎ᠠᠴᠠ ᠥᠪᠥᠷ ᠮᠣᠩᠭᠤᠯ᠎ᠢ ᠠᠵᠢᠯ ᠲᠦᠷᠦᠯ ᠵᠶ᠋ᠠᠷ ᠵᠶ᠋ᠠᠨ ᠬᠠᠪᠰᠤᠷᠤᠨ ᠲᠡᠳᠬᠦᠬᠦ᠎ᠪᠠᠷ ᠲᠣᠭᠲᠠᠪᠠ; ᠰᠢᠨ᠎ᠡ ᠵᠠᠭᠤᠨ᠎ᠳᠤ ᠤᠷᠤᠭᠰᠠᠨ᠎ᠤ ᠳᠠᠷᠠᠭ᠎ᠠ᠂ ᠨᠠᠮ᠎ᠤᠨ ᠲᠥᠪ ᠬᠤᠷᠢᠶ᠎ᠠ 《ᠤᠮᠠᠷᠠᠲᠤ ᠵᠢᠨ ᠭᠤᠷᠪᠠᠨ ᠤᠷᠤᠨ》᠎ᠢ ᠰᠤᠨᠳᠠᠯᠠᠭᠰᠠᠨ ᠥᠪᠥᠷ ᠮᠣᠩᠭᠤᠯ᠎ᠢ ᠪᠠᠷᠠᠭᠤᠨ ᠣᠷᠣᠨ᠎ᠢ ᠶᠡᠭᠡ᠎ᠪᠠᠷ ᠨᠡᠭᠡᠭᠡᠨ ᠬᠥᠭᠵᠢᠭᠦᠯᠬᠦ ᠪᠠ ᠵᠡᠭᠦᠨ ᠬᠤᠶ᠋ᠢᠲᠤ ᠣᠷᠣᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠣᠳᠣᠯᠭ᠎ᠠ ᠵᠢᠨ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ ᠬᠡᠪᠴᠢᠶᠡᠨ᠎ᠳᠤ ᠵᠠᠯᠭ᠋ᠠᠭ᠎ᠠ᠎ᠪᠠᠷ ᠣᠷᠣᠭᠤᠯᠪᠠ; 2011 ᠣᠨ᠎ᠳᠤ ᠪᠠᠰᠠ 《ᠥᠪᠥᠷ ᠮᠣᠩᠭᠤᠯ᠎ᠤᠨ ᠠᠵᠤ ᠠᠬᠤᠶ ᠨᠡᠶ᠋ᠢᠭᠡᠮ᠎ᠤᠨ ᠴᠢᠨᠠᠷᠯᠢᠭ ᠪᠥᠭᠡᠳ ᠲᠦᠷᠭᠡᠨ ᠬᠥᠭᠵᠢᠯᠲᠡ ᠵᠢ ᠤᠯᠠᠮ ᠴᠢᠨᠠᠬᠰᠢᠳᠠ ᠠᠬᠢᠭᠤᠯᠬᠤ ᠲᠤᠬᠠᠶ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠠᠨᠠᠯ᠎ᠤᠳ》᠎ᠢ ᠲᠤᠰᠬᠠᠶ᠋ᠢᠯᠠᠨ ᠨᠡᠶ᠋ᠢᠲᠡᠯᠡᠪᠡ᠃ ᠨᠠᠮ᠎ᠤᠨ ᠲᠥᠪ ᠬᠤᠷᠢᠶᠠᠨ᠎ᠤ ᠥᠪᠥᠷ ᠮᠣᠩᠭᠤᠯ᠎ᠳᠠᠬᠢ ᠬᠠᠯᠠᠮᠵᠢᠯᠠᠯ ᠪᠣᠯ ᠴᠥᠮ 《ᠦᠨᠡᠨ ᠪᠣᠳᠠᠲᠠᠢ ᠳᠡᠮᠵᠢᠯᠭᠡ》 ᠪᠣᠯᠤᠨ᠎ᠠ᠃ ᠪᠦᠷᠢᠳᠭᠡᠯ᠎ᠢ ᠦᠨᠳᠦᠰᠦᠯᠡᠪᠡᠯ᠂ ᠭᠠᠶ᠋ᠢᠯᠢ ᠢᠯᠭ᠋ᠠᠬᠤ ᠳᠦᠷᠢᠮ᠎ᠤᠨ ᠥᠭᠡᠷᠡᠴᠢᠯᠡᠯᠲᠡ᠎ᠠᠴᠠ ᠨᠠᠭ᠋ᠠᠰᠢ᠂ 1995 — 2021 ᠣᠨ᠎ᠳᠤ ᠮᠠᠨ᠎ᠤ ᠣᠷᠣᠨ ᠲᠥᠪ᠎ᠤᠨ ᠰᠢᠯᠵᠢᠭᠦᠯᠦᠨ ᠥᠭᠬᠦ ᠪᠡᠯᠡ ᠮᠥᠩᠭᠦ ᠵᠢ ᠨᠡᠶ᠋ᠢᠲᠡ 2.86 ᠲᠦᠮᠡᠨ ᠳ᠋ᠦᠩᠰᠢᠭᠤᠷ ᠲᠥᠭᠦᠷᠢᠭ ᠣᠯᠵᠤ᠂ ᠢᠯᠠᠩᠭᠤᠶ᠎ᠠ ᠨᠠᠮ᠎ᠤᠨ ᠠᠷᠪᠠᠨ ᠨᠠᠶᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠲᠥᠪ᠎ᠠᠴᠠ ᠮᠠᠨ᠎ᠤ ᠤᠷᠤᠨ᠎ᠳᠤ ᠲᠣᠬᠢᠷᠠᠭᠤᠯᠤᠭᠰᠠᠨ ᠰᠢᠯᠵᠢᠭᠦᠯᠦᠨ ᠥᠭᠬᠦ ᠪᠡᠯᠡ ᠮᠥᠩᠭᠦ 2012 ᠣᠨ᠎ᠤ 1618.5 ᠳ᠋ᠦᠩᠰᠢᠭᠤᠷ ᠲᠥᠭᠦᠷᠢᠭ ᠪᠠᠶ᠋ᠢᠭᠰᠠᠨ᠎ᠠᠴᠠ᠎ᠪᠠᠨ ᠵᠢᠯ ᠳᠠᠷᠠᠭ᠋ᠠᠯᠠᠨ ᠨᠡᠮᠡᠭᠳᠡᠭᠡᠳ 2021 ᠣᠨ᠎ᠳᠤ 2709 ᠳ᠋ᠦᠩᠰᠢᠭᠤᠷ ᠲᠥᠭᠦᠷᠢᠭ ᠪᠣᠯᠵᠤ᠂ 10 ᠵᠢᠯ᠎ᠳᠤ ᠨᠡᠶ᠋ᠢᠲᠡ 2.18 ᠲᠦᠮᠡᠨ ᠳ᠋ᠦᠩᠰᠢᠭᠤᠷ ᠲᠥᠭᠦᠷᠢᠭ᠎ᠲᠤ ᠬᠦᠷᠪᠡ᠃
ᠲᠥᠪ᠎ᠤᠨ ᠲᠠᠰᠤᠷᠠᠯᠲᠠ ᠥᠬᠡᠶ ᠳᠡᠮᠵᠢᠯᠭᠡ ᠪᠠᠶ᠋ᠢᠬᠰᠠᠨ᠎ᠠᠴᠠ᠂ ᠥᠪᠥᠷ ᠮᠣᠩᠭᠤᠯ ᠶᠠᠳᠠᠭᠤ ᠬᠤᠭᠤᠰᠣᠨ ᠪᠠᠶ᠋ᠢᠭᠰᠠᠨ᠎ᠠᠴᠠ᠎ᠪᠠᠨ ᠴᠡᠴᠡᠭᠯᠡᠨ ᠪᠠᠶᠠᠵᠢᠵᠤ᠂ ᠪᠥᠬᠦ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠠᠮᠢᠳᠤᠷᠠᠯ ᠢᠳᠡᠵᠦ ᠡᠮᠦᠰᠭᠦ᠎ᠳᠡᠭᠡᠨ ᠵᠥᠪ ᠥᠬᠡᠶ ᠪᠠᠶ᠋ᠢᠭᠰᠠᠨ᠎ᠠᠴᠠ᠎ᠪᠠᠨ ᠪᠥᠬᠦ ᠲᠠᠯ᠎ᠠ᠎ᠪᠠᠷ ᠴᠢᠨᠡᠭᠡᠯᠢᠭᠵᠢᠭᠰᠡᠨ ᠪᠠᠶ᠋ᠢᠨ᠎ᠠ᠃ ᠢᠯᠠᠩᠭᠤᠶ᠎ᠠ ᠨᠠᠮ᠎ᠤᠨ ᠠᠷᠪᠠᠨ ᠨᠠᠶᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ ᠰᠢ ᠵᠢᠨ ᠫᠢᠩ ᠨᠥᠬᠦᠷ ᠵᠶ᠋ᠠᠷ ᠭᠤᠤᠯ ᠪᠣᠯᠭ᠋ᠠᠭᠰᠠᠨ ᠨᠠᠮ᠎ᠤᠨ ᠲᠥᠪ ᠬᠤᠷᠢᠶᠠᠨ᠎ᠤ ᠬᠠᠯᠠᠮᠵᠢᠯᠠᠯ ᠪᠠ ᠳᠡᠮᠵᠢᠯᠭᠡ ᠳᠤᠤᠷ᠎ᠠ ᠥᠪᠥᠷ ᠮᠣᠩᠭᠤᠯ᠎ᠤᠨ 157 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠪᠦᠬᠦᠨ ᠵᠶ᠋ᠠᠷ ᠵᠶ᠋ᠠᠨ ᠶᠠᠳᠠᠭᠤ᠎ᠠᠴᠠ ᠠᠩᠭᠢᠵᠢᠷᠠᠵᠤ᠂ 57 ᠶᠠᠳᠠᠭᠤ ᠬᠦᠴᠢᠷᠳᠡᠯᠲᠡᠶ ᠬᠤᠰᠢᠭᠤ ᠰᠢᠶᠠᠨ ᠪᠦᠬᠦᠨ ᠵᠶ᠋ᠠᠷ ᠵᠶ᠋ᠠᠨ ᠶᠠᠳᠠᠭᠤ᠎ᠠᠴᠠ ᠠᠩᠭᠢᠵᠢᠷᠠᠵᠤ᠂ ᠪᠥᠬᠦ ᠣᠷᠣᠨ᠎ᠤ ᠬᠥᠮᠦᠨ ᠳᠤᠮᠳᠠᠴᠢ ᠵᠢᠨ GDP ᠲᠦᠮᠡᠨ ᠳ᠋ᠣᠯᠯᠠᠷ᠎ᠢ ᠳᠠᠪᠠᠵᠤ᠂ ᠠᠵᠤ ᠠᠬᠤᠶ ᠨᠡᠶ᠋ᠢᠭᠡᠮ᠎ᠤᠨ ᠡᠯ᠎ᠡ ᠵᠦᠶᠯ᠎ᠤᠨ ᠦᠶᠯᠡᠰ᠎ᠤᠨ ᠬᠥᠭᠵᠢᠯᠲᠡ ᠰᠢᠨ᠎ᠡ ᠲᠡᠦᠬᠡᠨ ᠳᠡᠭᠲᠡᠷ᠎ᠲᠤ ᠭᠠᠷᠪᠠ᠃ ᠶᠡᠷᠦᠩᠬᠡᠢ ᠱᠦᠵᠢ ᠰᠢ ᠵᠢᠨ ᠫᠢᠩ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠠᠩᠬᠠᠳᠤᠭ᠋ᠠᠷ ᠬᠤᠷᠠᠯ᠎ᠤᠨ ᠥᠪᠥᠷ ᠮᠣᠩᠭᠤᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ᠎ᠳᠠᠭᠠᠨ᠄ 《ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢ ᠵᠢ ᠰᠣᠩᠭᠤᠬᠤ ᠦᠶ᠎ᠡ᠎ᠳᠤ᠂ ᠨᠠᠮ᠎ᠤᠨ ᠲᠥᠪ ᠬᠤᠷᠢᠶ᠎ᠠ᠎ᠠᠴᠠ ᠲᠥᠪ᠎ᠤᠨ ᠤᠳᠤᠷᠢᠳᠬᠤ ᠨᠥᠬᠦᠳ ᠬᠤᠪᠢᠰᠬᠠᠯ᠎ᠤᠨ ᠡᠷᠲᠡ ᠴᠢᠯᠥᠭᠡᠯᠡᠭᠳᠡᠭᠰᠡᠨ ᠣᠷᠣᠨ ᠴᠥᠭᠡᠨ ᠲᠣᠭ᠋ᠠᠲᠤ ᠦᠨᠳᠦᠰᠦᠲᠡᠨ᠎ᠤ ᠣᠷᠣᠨ ᠬᠢᠯᠢ ᠬᠢᠵᠠᠭ᠋ᠠᠷ ᠣᠷᠣᠨ ᠶᠠᠳᠠᠭᠤ ᠬᠦᠴᠢᠷᠳᠡᠯᠲᠡᠢ ᠭᠠᠵᠠᠷ ᠣᠷᠣᠨ᠎ᠢ ᠰᠣᠩᠭᠤᠵᠤ ᠰᠣᠩᠭᠤᠭᠤᠯᠢ᠎ᠳᠤ ᠣᠷᠣᠯᠴᠠᠪᠠᠯ ᠵᠣᠬᠢᠨ᠎ᠠ ᠭᠡᠵᠦ ᠳᠤᠷᠠᠳᠴᠠᠢ᠃ ᠪᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠢ ᠰᠣᠩᠭᠤᠨ ᠰᠣᠩᠭᠤᠭᠤᠯᠢ᠎ᠳᠤ ᠣᠷᠣᠯᠴᠠᠭᠰᠠᠨ᠎ᠨᠢ ᠨᠠᠮ᠎ᠤᠨ ᠲᠥᠪ ᠬᠤᠷᠢᠶᠠᠨ᠎ᠤ ᠦᠨᠳᠦᠰᠦᠲᠡᠨ᠎ᠤ ᠬᠢᠯᠢ ᠬᠢᠵᠠᠭ᠋ᠠᠷ ᠣᠷᠣᠨ᠎ᠢ ᠴᠢᠬᠤᠯᠠᠴᠢᠯᠠᠵᠤ ᠪᠠᠶ᠋ᠢᠬᠤ ᠵᠢ ᠬᠠᠷᠠᠭᠤᠯᠵᠤ᠂ ᠨᠠᠮ᠎ᠤᠨ ᠲᠥᠪ ᠬᠤᠷᠢᠶᠠᠨ᠎ᠤ ᠬᠥᠭᠵᠢᠯᠲᠡ ᠠᠨᠠᠢ ᠭᠠᠵᠠᠷ ᠣᠷᠣᠨ᠎ᠤ ᠬᠥᠭᠵᠢᠯᠲᠡ ᠵᠢ ᠲᠦᠷᠭᠡᠳᠭᠡᠨ ᠠᠬᠢᠭᠤᠯᠬᠤ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠤ ᠢᠯᠠᠯᠲᠠ ᠵᠢ ᠤᠯᠬᠤ ᠡᠷᠴᠢ ᠵᠣᠷᠢᠭ᠎ᠢ ᠬᠠᠷᠠᠭᠤᠯᠵᠤ ᠪᠠᠶ᠋ᠢᠨ᠎ᠠ》 ᠬᠡᠵᠤ ᠬᠡᠯᠡᠪᠡ᠃
ᠥᠪᠥᠷ ᠮᠣᠩᠭᠤᠯ᠎ᠤᠨ ᠠᠵᠢᠯ᠎ᠤᠨ ᠳᠤᠮᠳᠠ ᠢᠯᠡᠷᠡᠭᠰᠡᠨ ᠴᠢᠬᠤᠯᠠ ᠶᠡᠭᠡ ᠵᠥᠷᠢᠶ᠎ᠡ ᠵᠢ ᠴᠥᠮ ᠨᠠᠮ᠎ᠤᠨ ᠲᠥᠪ ᠬᠤᠷᠢᠶ᠎ᠠ᠎ᠠᠴᠠ ᠵᠢᠭ᠋ᠠᠨ ᠵᠢᠯᠣᠭᠤᠳᠴᠤ ᠬᠠᠪᠰᠤᠷᠤᠨ ᠵᠠᠯᠠᠷᠠᠭᠤᠯᠤᠭᠰᠠᠨ ᠶᠤᠮ
ᠥᠪᠡᠷᠲᠡᠭᠡᠨ ᠵᠠᠰᠠᠬᠤ ᠣᠷᠣᠨ ᠪᠠᠶ᠋ᠢᠭᠤᠯᠤᠭᠳᠠᠭᠰᠠᠨ᠎ᠠᠴᠠ ᠨᠠᠭ᠋ᠠᠰᠢ᠂ ᠠᠵᠢᠯ᠎ᠤᠨ ᠳᠤᠮᠳᠠ ᠴᠢᠬᠤᠯᠠ ᠶᠡᠭᠡ ᠵᠥᠷᠢᠶ᠎ᠡ ᠭᠠᠷᠬᠤ ᠪᠦᠷᠢ᠂ ᠨᠠᠮ᠎ᠤᠨ ᠲᠥᠪ ᠬᠤᠷᠢᠶ᠎ᠠ᠎ᠠᠴᠠ ᠴᠥᠮ ᠴᠠᠭ ᠲᠤᠬᠠᠶ᠎ᠳᠤᠨᠢ ᠵᠢᠭ᠋ᠠᠨ ᠵᠢᠯᠣᠭᠤᠳᠴᠤ᠂ ᠪᠢᠳᠡᠨ᠎ᠢ ᠬᠠᠪᠰᠤᠷᠤᠨ ᠰᠤᠳᠠᠯ᠎ᠢ᠎ᠨᠢ ᠪᠠᠷᠢᠵᠤ ᠴᠢᠭᠯᠡᠯ᠎ᠢ᠎ᠨᠢ ᠲᠣᠭᠲᠠᠭ᠋ᠠᠨ᠂ ᠬᠡᠯᠪᠡᠷᠢᠯ᠎ᠢ᠎ᠨᠢ ᠵᠠᠯᠠᠷᠠᠭᠤᠯᠵᠤ᠂ ᠲᠡᠷᠡᠴᠢᠯᠡᠨ ᠤᠳᠠᠭ᠎ᠠ ᠪᠦᠷᠢ ᠵᠠᠯᠠᠷᠠᠭᠤᠯᠵᠤ ᠰᠠᠶ᠋ᠢᠵᠢᠷᠠᠭᠤᠯᠤᠭᠰᠠᠨ᠎ᠤ ᠳᠠᠷᠠᠭ᠎ᠠ ᠥᠪᠥᠷ ᠮᠣᠩᠭᠤᠯ᠎ᠤᠨ ᠠᠵᠢᠯ ᠴᠥᠮ ᠴᠢᠬᠤᠯᠠ ᠶᠡᠭᠡ ᠰᠢᠨ᠎ᠡ ᠳᠠᠪᠰᠢᠯᠲᠠ ᠵᠢ ᠪᠡᠶᠡᠯᠡᠭᠦᠯᠪᠡ᠃ ᠡᠷᠭᠢᠴᠡᠭᠦᠯᠵᠦ ᠦᠵᠡᠪᠡᠯ᠂ ᠬᠡᠷᠪᠡ ᠨᠠᠮ᠎ᠤᠨ ᠲᠥᠪ ᠬᠤᠷᠢᠶᠠᠨ᠎ᠤ ᠵᠢᠯᠤᠭᠤᠳᠤᠯᠭ᠎ᠠ ᠪᠠ ᠬᠠᠪᠰᠤᠷᠤᠯᠭ᠎ᠠ ᠪᠠᠶ᠋ᠢᠭᠰᠠᠨ ᠦᠭᠡᠢ ᠪᠣᠯ ᠥᠪᠥᠷ ᠮᠣᠩᠭᠤᠯ ᠬᠡᠴᠢᠨᠡᠨ ᠨᠤᠭᠤᠷᠠᠯ ᠪᠦᠳᠦᠷᠢᠯ ᠪᠠ ᠬᠤᠬᠢᠷᠠᠯ᠎ᠳᠤ ᠤᠴᠠᠷᠠᠬᠤ ᠵᠢ ᠪᠦᠦ ᠮᠡᠳᠡ᠂ ᠬᠡᠴᠢᠨᠡᠨ ᠮᠤᠷᠤᠶ ᠰᠠᠷᠤᠶ ᠵᠠᠮ ᠵᠶ᠋ᠠᠷ ᠵᠠᠮᠨᠠᠵᠤ᠂ ᠬᠡᠴᠢᠨᠡᠨ ᠬᠦᠨᠳᠦ ᠳᠠᠷᠤᠭ᠋ᠠᠰᠤ ᠵᠢ ᠡᠭᠦᠷᠭᠡᠯᠡᠬᠦ ᠵᠢ ᠪᠦᠦ ᠮᠡᠳᠡ᠃
ᠭᠠᠵᠠᠷ ᠰᠢᠷᠣᠶ ᠵᠢᠨ ᠥᠭᠡᠷᠡᠴᠢᠯᠡᠯᠲᠡ ᠵᠢᠨ ᠡᠬᠢᠨ᠎ᠤ ᠦᠶ᠎ᠡ᠎ᠳᠤ᠂ ᠬᠥᠳᠡᠭᠡ ᠲᠣᠰᠬᠤᠨ᠎ᠤ ᠪᠠᠶ᠋ᠢᠳᠠᠯ᠎ᠢ ᠰᠤᠳᠤᠯᠤᠭᠰᠠᠨ ᠵᠶ᠋ᠠᠷ ᠬᠦᠷᠦᠯᠴᠡᠬᠦ ᠦᠭᠡᠶ᠂ ᠣᠨᠣᠪᠴᠢᠲᠠᠶ ᠡᠵᠡᠮᠰᠢᠭᠰᠡᠨ ᠦᠭᠡᠶ᠎ᠠᠴᠠ ᠪᠣᠯᠵᠤ᠂ ᠥᠪᠡᠷᠲᠡᠭᠡᠨ ᠵᠠᠰᠠᠬᠤ ᠣᠷᠣᠨ᠎ᠤ ᠡᠯ᠎ᠡ ᠭᠠᠵᠠᠷ᠎ᠲᠤ ᠠᠳᠠᠯᠢ ᠪᠤᠰᠤ ᠬᠡᠮᠵᠢᠶ᠎ᠡ᠎ᠪᠠᠷ 《ᠵᠡᠭᠦᠨ》᠎ᠤ ᠬᠡᠯᠪᠡᠷᠢᠯ ᠭᠠᠷᠴᠤ᠂ ᠬᠡᠰᠡᠭ ᠲᠠᠷᠢᠶᠠᠴᠢᠳ᠎ᠤᠨ ᠪᠦᠷᠢᠯᠳᠦᠬᠦᠨ᠎ᠢ ᠪᠤᠷᠤᠭᠤ᠎ᠪᠠᠷ ᠢᠯᠭ᠋ᠠᠵᠤ᠂ ᠴᠣᠬᠢᠯᠲᠠ ᠥᠭᠬᠦ ᠬᠡᠪᠴᠢᠶ᠎ᠡ᠎ᠪᠠᠨ ᠥᠷᠭᠡᠳᠭᠡᠭᠰᠡᠨ ᠪᠠᠶ᠋ᠢᠨ᠎ᠠ᠃ ᠨᠠᠮ᠎ᠤᠨ ᠲᠥᠪ ᠬᠤᠷᠢᠶᠠᠨ᠎ᠤ᠎ᠬᠢᠨ ᠠᠵᠢᠯ᠎ᠤᠨ ᠳᠤᠮᠳᠠᠬᠢ ᠠᠯᠳᠠᠰᠢ ᠵᠢ ᠰᠡᠷᠭᠡᠭ ᠵᠶ᠋ᠠᠷ ᠲᠠᠨᠢᠵᠤ᠂ ᠭᠠᠵᠠᠷ ᠰᠢᠷᠣᠶ ᠵᠢᠨ ᠥᠭᠡᠷᠡᠴᠢᠯᠡᠯᠲᠡ ᠵᠢᠨ ᠲᠥᠷᠥ ᠵᠢᠨ ᠪᠣᠳᠣᠯᠭ᠎ᠠ ᠪᠠ ᠠᠷᠭ᠎ᠠ ᠪᠣᠳᠣᠯᠭ᠎ᠠ ᠵᠢ ᠴᠠᠭ ᠲᠤᠬᠠᠶ᠎ᠳᠤᠨᠢ ᠲᠡᠭᠦᠯᠳᠡᠷᠵᠢᠭᠦᠯᠦᠭᠰᠡᠨ ᠪᠥᠭᠡᠳ ᠥᠪᠥᠷ ᠮᠣᠩᠭᠤᠯ ᠣᠷᠣᠨ᠎ᠤ ᠴᠢᠯᠥᠭᠡᠯᠡᠭᠳᠡᠭᠰᠡᠨ ᠣᠷᠣᠨ᠎ᠤ ᠬᠥᠳᠡᠭᠡ ᠲᠣᠰᠬᠤᠨ᠎ᠳᠤ ᠨᠢᠭᠡ ᠤᠳᠠᠭ᠋ᠠᠨ᠎ᠤ ᠭᠠᠵᠠᠷ ᠰᠢᠷᠣᠶ ᠵᠢᠨ ᠥᠭᠡᠷᠡᠴᠢᠯᠡᠯᠲᠡ ᠵᠢ ᠳᠠᠬᠢᠨ ᠪᠠᠶ᠋ᠢᠴᠠᠭ᠋ᠠᠵᠤ ᠵᠠᠯᠠᠷᠠᠭᠤᠯᠬᠤ ᠠᠵᠢᠯ᠎ᠢ ᠨᠡᠶ᠋ᠢᠳᠡᠮ ᠬᠢᠵᠦ᠂ ᠭᠠᠵᠠᠷ ᠰᠢᠷᠣᠶ ᠵᠢᠨ ᠥᠭᠡᠷᠡᠴᠢᠯᠡᠯᠲᠡ ᠵᠢ ᠠᠭ᠋ᠠᠵᠢᠮ ᠵᠶ᠋ᠠᠷ ᠵᠥᠪ ᠵᠠᠮ᠎ᠳᠤ ᠣᠷᠣᠭᠤᠯᠪᠠ᠃ ᠮᠠᠯᠵᠢᠬᠤ ᠣᠷᠣᠨ᠎ᠳᠤ ᠠᠷᠠᠳᠴᠢᠯᠠᠭᠰᠠᠨ ᠥᠭᠡᠷᠡᠴᠢᠯᠡᠯᠲᠡ ᠬᠢᠭᠰᠡᠨ ᠡᠬᠢᠨ᠎ᠤ ᠦᠶ᠎ᠡ᠎ᠳᠤ᠂ ᠮᠠᠯ ᠠᠵᠤ ᠠᠬᠤᠶ ᠵᠢᠨ ᠣᠨᠴᠠᠯᠢᠭ᠎ᠢ ᠣᠮᠲᠣᠭ᠋ᠠᠶ᠋ᠢᠯᠠᠭᠰᠠᠨᠠᠴᠠ ᠥᠪᠥᠷ ᠮᠣᠩᠭᠤᠯ᠎ᠤᠨ ᠵᠠᠷᠢᠮ ᠭᠠᠵᠠᠷ ᠣᠷᠣᠨ᠎ᠳᠤ ᠲᠠᠷᠢᠶᠠᠯᠠᠬᠤ ᠣᠷᠣᠨ᠎ᠤ ᠭᠠᠵᠠᠷ ᠰᠢᠷᠣᠶ ᠵᠢᠨ ᠥᠭᠡᠷᠡᠴᠢᠯᠡᠯᠲᠡ ᠵᠢᠨ ᠠᠷᠭ᠎ᠠ᠎ᠪᠠᠷ ᠳᠥᠭᠦᠮ ᠵᠶ᠋ᠠᠷ ᠠᠩᠬᠢ ᠬᠤᠪᠢᠶᠠᠵᠤ᠂ ᠮᠠᠯ᠎ᠤᠨ ᠡᠵᠡᠳᠢ ᠲᠡᠮᠡᠴᠡᠵᠦ᠂ ᠮᠠᠯ ᠤᠨᠤᠭ᠎ᠠ ᠵᠢ ᠲᠡᠭᠰᠢ᠎ᠪᠠᠷ ᠬᠤᠪᠢᠶᠠᠷᠢᠯᠠᠵᠤ᠂ ᠮᠠᠯ ᠠᠵᠤ ᠠᠬᠤᠶ ᠵᠢᠨ ᠦᠢ᠍ᠯᠡᠳᠪᠦᠷᠢᠯᠡᠯ᠎ᠢ ᠬᠦᠨᠳᠦ ᠨᠣᠴᠢᠲᠠᠶ ᠡᠪᠳᠡᠵᠡᠶ᠃ ᠡᠨᠡ ᠬᠦ᠌ ᠠᠰᠠᠭᠤᠳᠠᠯ᠎ᠢ ᠣᠯᠵᠤ ᠮᠡᠳᠡᠭᠰᠡᠨ᠎ᠤ ᠳᠠᠷᠠᠭ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠵᠡᠭᠦᠨ ᠬᠤᠶ᠋ᠢᠲᠤ ᠵᠢᠨ ᠲᠣᠪᠴᠢᠶᠠᠨ᠎ᠤ᠎ᠬᠢᠨ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠮᠣᠩᠭᠤᠯ ᠦᠨᠳᠦᠰᠦᠲᠡᠨ᠎ᠤ ᠣᠯᠠᠩᠬᠢ ᠲᠣᠭ᠋ᠠᠲᠠᠨ᠎ᠲᠠᠢ ᠪᠦᠯᠬᠦᠮᠳᠡᠵᠦ᠂ 《ᠪᠣᠯᠭᠤᠮᠵᠢᠲᠠᠶ ᠠᠯᠭᠤᠷ ᠤᠷᠤᠭᠰᠢᠯᠠᠬᠤ》 ᠴᠢᠭᠯᠡᠯᠲᠡ ᠵᠢ ᠠᠪᠬᠤ ᠬᠡᠷᠡᠭᠲᠡᠶ ᠭᠡᠵᠦ ᠱᠠᠭ᠋ᠠᠷᠳᠠᠪᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠵᠡᠭᠦᠨ ᠬᠤᠶ᠋ᠢᠲᠤ ᠣᠷᠣᠨ᠎ᠤ ᠲᠣᠪᠴᠢᠶ᠎ᠠ ᠵᠢᠨ ᠬᠦᠴᠦᠲᠡᠶ ᠵᠢᠯᠣᠭᠤᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ᠎ᠬᠢᠨ ᠠᠷᠠᠳᠴᠢᠯᠠᠭᠰᠠᠨ ᠥᠭᠡᠷᠡᠴᠢᠯᠡᠯᠲᠡ ᠵᠢᠨ ᠳᠤᠮᠳᠠᠬᠢ ᠲᠤᠷᠰᠢᠯᠭ᠎ᠠ ᠰᠤᠷᠭ᠋ᠠᠮᠵᠢ᠎ᠪᠠᠨ ᠴᠠᠭ ᠲᠤᠬᠠᠶ᠎ᠳᠤᠨᠢ ᠳ᠋ᠦᠩᠨᠡᠵᠦ᠂ ᠣᠷᠣᠨ᠎ᠤ ᠪᠣᠳᠠᠲᠤ ᠪᠠᠶ᠋ᠢᠳᠠᠯ᠎ᠳᠤ ᠨᠡᠶ᠋ᠢᠴᠡᠭᠰᠡᠨ 《ᠭᠤᠷᠪᠠ ᠵᠢ ᠬᠢᠬᠦ ᠦᠬᠡᠢ ᠬᠤᠶᠠᠷ᠎ᠲᠤ ᠠᠰᠢᠭᠲᠠᠶ》 ᠲᠥᠷᠥ ᠵᠢᠨ ᠪᠣᠳᠣᠯᠭ᠎ᠠ ᠵᠢ ᠳᠤᠷᠠᠳᠴᠤ᠂ ᠨᠢᠭᠡ ᠵᠦᠢ᠍ᠯ᠎ᠤᠨ ᠨᠡᠯᠢᠶᠡᠳ ᠨᠠᠮᠵᠢᠭᠤᠨ ᠬᠡᠯᠪᠡᠷᠢ᠎ᠪᠠᠷ ᠮᠠᠯᠵᠢᠬᠤ ᠣᠷᠣᠨ᠎ᠤ ᠬᠤᠴᠣᠷᠤᠩᠭᠤᠶ ᠦᠢ᠍ᠯᠡᠳᠪᠦᠷᠢᠯᠡᠯ᠎ᠤᠨ ᠬᠠᠷᠢᠴᠠᠭ᠎ᠠ ᠵᠢ ᠡᠪᠳᠡᠵᠦ᠂ ᠬᠥᠯᠥᠰᠥᠨ ᠮᠠᠯᠴᠢᠨ ᠪᠣᠯᠤᠨ ᠮᠠᠯ᠎ᠤᠨ ᠡᠵᠡᠨ ᠬᠤᠶᠠᠷ ᠡᠲᠡᠭᠡᠳ᠎ᠤᠨ ᠦᠢ᠍ᠯᠡᠳᠪᠦᠷᠢᠯᠡᠯ᠎ᠤᠨ ᠢᠳᠡᠪᠬᠢᠵᠢᠯ᠎ᠢ ᠭᠦᠢ᠍ᠴᠡᠳ ᠳᠠᠶ᠋ᠢᠴᠢᠯᠠᠨ᠂ ᠮᠠᠯᠵᠢᠬᠤ ᠣᠷᠣᠨ᠎ᠤ ᠠᠷᠠᠳᠴᠢᠯᠠᠭᠰᠠᠨ ᠥᠭᠡᠷᠡᠴᠢᠯᠡᠯᠲᠡ ᠵᠢᠨ ᠤᠷᠤᠭᠰᠢᠲᠠᠶ ᠪᠡᠶᠡᠯᠡᠭᠳᠡᠬᠦ ᠵᠢ ᠪᠠᠲᠤᠯᠠᠭᠰᠠᠨ ᠪᠠᠶ᠋ᠢᠨ᠎ᠠ᠃
《ᠰᠣᠶᠣᠯ᠎ᠤᠨ ᠶᠡᠭᠡ ᠬᠤᠪᠢᠰᠬᠠᠯ》᠎ᠤᠨ ᠬᠤᠭᠤᠴᠠᠭ᠋ᠠᠨ᠎ᠳᠤ᠂ ᠥᠪᠥᠷ ᠮᠣᠩᠭᠤᠯ᠎ᠳᠤ ᠶᠡᠭᠡ ᠬᠡᠮᠵᠢᠶᠡᠨ᠎ᠤ ᠬᠢᠯᠢᠰ ᠬᠤᠳᠠᠯ ᠪᠤᠷᠤᠭᠤ ᠬᠡᠷᠡᠭ ᠭᠠᠷᠴᠤ᠂ ᠠᠵᠤ ᠠᠬᠤᠢ ᠨᠡᠶ᠋ᠢᠭᠡᠮ᠎ᠤᠨ ᠬᠥᠭᠵᠢᠯᠲᠡ ᠬᠦᠨᠳᠦ ᠨᠣᠴᠢᠲᠠᠢ ᠡᠪᠳᠡᠯᠡᠭᠡ᠎ᠳᠤ ᠤᠴᠠᠷᠠᠪᠠ᠃ ᠬᠤᠵᠢᠮ᠎ᠨᠢ ᠨᠠᠮ᠎ᠤᠨ ᠲᠥᠪ ᠬᠤᠷᠢᠶᠠᠨ᠎ᠤ ᠵᠥᠪ ᠱᠤᠭᠤᠮ ᠴᠢᠭᠯᠡᠯᠲᠡ ᠲᠦᠷᠦ ᠵᠢᠨ ᠪᠤᠳᠤᠯᠭ᠎ᠠ ᠵᠢᠨ ᠵᠢᠯᠤᠭᠤᠳᠤᠯᠭ᠎ᠠ ᠳᠣᠣᠷ᠎ᠠ᠂ ᠥᠪᠥᠷ ᠮᠣᠩᠭᠤᠯ᠎ᠤᠨ᠎ᠬᠢᠨ ᠦᠨᠡᠨ᠎ᠠᠴᠠ ᠵᠥᠪ᠎ᠢ ᠡᠷᠢᠬᠦ᠂ ᠪᠤᠷᠤᠭᠤ ᠪᠠᠶ᠋ᠢᠪᠠᠯ ᠵᠠᠪᠠᠯ ᠵᠠᠯᠠᠷᠠᠭᠤᠯᠬᠤ ᠵᠠᠷᠴᠢᠮ ᠵᠶ᠋ᠠᠷ ᠬᠢᠯᠢᠰ ᠬᠤᠳᠠᠯ ᠪᠤᠷᠤᠭᠤ ᠬᠡᠷᠡᠭ᠎ᠢ ᠴᠠᠭ᠋ᠠᠳᠬᠠᠵᠤ᠂ ᠲᠡᠦᠬᠡᠨ᠎ᠠᠴᠠ ᠦᠯᠡᠳᠡᠭᠳᠡᠵᠦ ᠢᠷᠡᠭᠰᠡᠨ ᠠᠰᠠᠭᠤᠳᠠᠯ᠎ᠢ ᠰᠢᠢ᠍ᠳᠪᠦᠷᠢᠯᠡᠭᠰᠡᠨ ᠵᠶ᠋ᠠᠷ ᠡᠯ᠎ᠡ ᠲᠠᠯ᠎ᠠ ᠵᠢᠨ᠎ᠬᠢᠨ ᠰᠠᠶᠢ ᠰᠠᠮᠠᠭᠤᠷᠠᠯ᠎ᠢ ᠵᠠᠰᠠᠨ ᠵᠦᠭᠰᠢᠷᠡᠭᠦᠯᠪᠡ᠃
ᠥᠩᠭᠡᠷᠡᠭᠰᠡᠨ ᠨᠢᠭᠡ ᠬᠤᠭᠤᠴᠠᠭ᠋ᠠᠨ᠎ᠳᠤ᠂ ᠮᠠᠨ᠎ᠤ ᠣᠷᠣᠨ᠎ᠤ ᠵᠠᠷᠢᠮ ᠭᠠᠵᠠᠷ ᠣᠷᠣᠨ᠎ᠤ᠎ᠬᠢᠨ ᠡᠳ᠋᠎ᠤᠨ ᠵᠠᠰᠠᠭ᠎ᠤᠨ ᠳᠠᠭ᠋ᠠᠭ᠋ᠠᠬᠤ ᠴᠢᠳᠠᠪᠤᠷᠢ ᠵᠢ ᠦᠯᠦ ᠬᠠᠶ᠋ᠢᠬᠤᠷᠤᠨ ᠰᠣᠬᠤᠷ ᠪᠠᠯᠠᠢ᠎ᠪᠠᠷ ᠪᠦᠳᠦᠭᠡᠨ ᠪᠠᠶ᠋ᠢᠭᠤᠯᠵᠤ᠂ ᠲᠦᠷᠦᠯ ᠵᠦᠢ᠍ᠯ ᠡᠷᠬᠢᠯᠡᠨ᠂ ᠥᠷᠢ ᠥᠭᠴᠡᠭᠡ ᠶᠡᠬᠡᠲᠡᠢ ᠨᠡᠮᠡᠭᠳᠡᠯ᠎ᠢ ᠪᠠᠲᠤᠯᠠᠬᠤ ᠵᠠᠮ ᠵᠶ᠋ᠠᠷ ᠵᠠᠮᠨᠠᠵᠤ᠂ ᠶᠡᠭᠡ ᠬᠡᠮᠵᠢᠶᠡᠨ᠎ᠤ ᠠᠶᠤᠯ ᠲᠦᠭᠰᠢᠭᠦᠷᠢ ᠭᠡᠮ ᠰᠣᠭᠤᠭ᠎ᠢ ᠬᠤᠷᠠᠮᠳᠤᠭᠤᠯᠤᠭᠰᠠᠨ ᠪᠠᠶ᠋ᠢᠨ᠎ᠠ᠃ 2017 ᠣᠨ᠎ᠠᠴᠠ ᠨᠠᠭ᠋ᠠᠰᠢ᠂ ᠶᠡᠷᠦᠩᠬᠡᠶ ᠱᠦᠵᠢ ᠰᠢ ᠵᠢᠨ ᠫᠢᠩ ᠥᠪᠥᠷ ᠮᠣᠩᠭᠤᠯ᠎ᠤᠨ ᠵᠠᠰᠠᠭ᠎ᠤᠨ ᠣᠷᠳᠣᠨ᠎ᠤ ᠥᠷᠢ ᠥᠭᠴᠡᠭᠡ ᠵᠢᠨ ᠠᠰᠠᠭᠤᠳᠠᠯ᠎ᠤᠨ ᠲᠤᠬᠠᠶ ᠣᠯᠠᠨ ᠤᠳᠠᠭ᠎ᠠ ᠴᠢᠬᠤᠯᠠ ᠵᠢᠭ᠋ᠠᠪᠤᠷᠢ ᠥᠭᠴᠦ᠂ ᠵᠠᠩᠭᠢᠯᠠᠭ᠎ᠠ ᠵᠢᠨ ᠦᠶ᠎ᠡ᠎ᠳᠤ ᠪᠢᠳᠡᠨ᠎ᠳᠤ 《ᠰᠡᠩᠬᠡᠷᠡᠬᠦᠯᠬᠦ ᠡᠮ》 ᠥᠭᠴᠦ᠂ 《ᠲᠣᠷᠮᠤᠰᠣᠯᠠᠭᠤᠷ》᠎ᠢ ᠣᠭᠵᠣᠮ ᠭᠢᠰᠭᠢᠪᠡ᠃ ᠨᠠᠮ᠎ᠤᠨ ᠲᠥᠪ ᠬᠤᠷᠢᠶᠠᠨ᠎ᠤ ᠤᠳᠤᠷᠢᠳᠤᠯᠭ᠎ᠠ ᠪᠠ ᠵᠢᠯᠣᠭᠤᠳᠣᠯᠭ᠎ᠠ ᠳᠤᠤᠷ᠎ᠠ᠂ ᠪᠥᠬᠦ ᠣᠷᠣᠨ᠎ᠤ ᠳᠡᠭᠡᠷ᠎ᠠ ᠳᠤᠤᠷ᠎ᠠ ᠱᠠᠲᠤ᠎ᠪᠠᠷ ᠵᠶ᠋ᠠᠨ ᠰᠤᠷᠭ᠋ᠠᠮᠵᠢ ᠠᠪᠴᠤ᠂ ᠡᠷᠡᠰ ᠴᠡᠭᠴᠡᠯᠡᠨ ᠰᠠᠶ᠋ᠢᠵᠢᠷᠠᠭᠤᠯᠵᠤ᠂ ᠨᠢᠭᠡ᠎ᠠᠴᠠ ᠨᠥᠭᠦᠭᠡ ᠵᠢ ᠵᠦᠶᠴᠢᠯᠡᠨ ᠮᠡᠳᠡᠵᠦ᠂ ᠶᠡᠷᠦᠩᠬᠡᠶ᠋ᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ ᠬᠡᠯᠪᠡᠶ᠋ᠢᠭᠦᠦ ᠵᠢ ᠵᠠᠯᠠᠷᠠᠭᠤᠯᠬᠤ ᠵᠢ ᠠᠬᠢᠭᠤᠯᠤᠨ᠂ ᠦᠨᠳᠦᠰᠦ ᠰᠠᠭᠤᠷᠢ ᠵᠢ ᠪᠠᠬᠢᠵᠢᠭᠦᠯᠵᠦ᠂ ᠣᠷᠳᠣ ᠬᠤᠭᠤᠴᠠᠭ᠎ᠠ᠎ᠪᠠᠷ ᠬᠤᠷᠠᠮᠳᠤᠭᠤᠯᠤᠨ ᠪᠣᠶ ᠪᠣᠯᠭ᠋ᠠᠭᠰᠠᠨ ᠵᠠᠷᠢᠮ ᠠᠰᠠᠭᠤᠳᠠᠯ᠎ᠢ ᠶᠡᠷᠦᠩᠬᠡᠶ᠎ᠳᠡᠭᠡᠨ ᠰᠢᠶᠳᠪᠦᠷᠢᠯᠡᠪᠡ᠃
ᠥᠪᠥᠷ ᠮᠣᠩᠭᠤᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠢᠮᠠᠭᠲᠠ ᠨᠠᠮ ᠵᠶ᠋ᠠᠨ ᠬᠦᠷᠢᠶᠡᠯᠡᠵᠦ᠂ ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠳᠠᠭ᠋ᠠᠨ᠎ᠠ
ᠥᠪᠥᠷ ᠮᠣᠩᠭᠤᠯ ᠪᠣᠯ ᠬᠠᠮᠤᠭ᠎ᠤᠨ ᠡᠷᠲᠡ ᠨᠠᠮ᠎ᠤᠨ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠭᠰᠠᠨ ᠦᠨᠳᠦᠰᠦᠲᠡᠨ᠎ᠤ ᠣᠷᠣᠨ ᠪᠣᠯᠤᠨ᠎ᠠ᠃ ᠨᠠᠮ ᠵᠶ᠋ᠠᠨ ᠳᠠᠭ᠋ᠠᠬᠤ᠂ ᠲᠥᠪ ᠬᠤᠷᠢᠶ᠎ᠠ᠎ᠪᠠᠨ ᠳᠠᠭ᠋ᠠᠬᠤ᠂ ᠪᠡᠭᠡᠵᠢᠩ ᠵᠶ᠋ᠠᠨ ᠳᠠᠭ᠋ᠠᠬᠤ ᠪᠣᠯ ᠥᠪᠥᠷ ᠮᠣᠩᠭᠤᠯ᠎ᠤᠨ ᠢᠷᠠᠭᠤ ᠠᠯᠳᠠᠷᠲᠤ ᠤᠯᠠᠮᠵᠢᠯᠠᠯ ᠮᠥᠨ᠃ 75 ᠵᠢᠯ᠎ᠤᠨ ᠡᠮᠦᠨ᠎ᠡ᠂ ᠥᠪᠥᠷ ᠮᠣᠩᠭᠤᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠂ ᠭᠠᠭᠴᠠ ᠬᠦ᠌ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠵᠢ ᠬᠦᠯᠢᠶᠡᠵᠦ᠂ ᠭᠠᠭᠴᠠ ᠬᠦ᠌ ᠪᠥᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠲᠠᠢ ᠬᠠᠮᠲᠤ᠎ᠪᠠᠷ ᠲᠡᠮᠡᠴᠡᠵᠦ᠂ ᠬᠠᠮᠲᠤ᠎ᠪᠠᠷ ᠴᠢᠯᠥᠭᠡᠯᠡᠯᠲᠡ ᠵᠢ ᠡᠷᠢᠯᠬᠢᠯᠡᠪᠡᠯ ᠥᠪᠥᠷ ᠮᠣᠩᠭᠤᠯ ᠰᠠᠶᠢ ᠢᠷᠡᠭᠡᠳᠦᠶ ᠪᠠ ᠬᠦᠰᠡᠯ ᠡᠷᠡᠮᠡᠯᠵᠡᠯ᠎ᠲᠠᠢ ᠪᠣᠯᠵᠣ ᠴᠢᠳᠠᠨ᠎ᠠ ᠭᠡᠳᠡᠭ᠎ᠢ ᠭᠦᠨᠵᠡᠭᠡᠶ ᠲᠠᠨᠢᠵᠤ ᠣᠯᠤᠭᠰᠠᠨ ᠪᠠᠶ᠋ᠢᠨ᠎ᠠ᠃ ᠣᠷᠳᠣ ᠬᠤᠭᠤᠴᠠᠭ᠋ᠠᠨ᠎ᠤ ᠬᠤᠪᠢᠰᠬᠠᠯ᠂ ᠪᠥᠲᠥᠭᠡᠨ ᠪᠠᠶ᠋ᠢᠭᠤᠯᠤᠯᠲᠠ᠂ ᠥᠭᠡᠷᠡᠴᠢᠯᠡᠯᠲᠡ ᠵᠢ ᠥᠩᠭᠡᠷᠡᠭᠡᠭᠡᠳ᠂ ᠥᠪᠥᠷ ᠮᠣᠩᠭᠤᠯ᠎ᠤᠨ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ ᠶᠡᠭᠡ ᠶᠣᠰᠣ ᠵᠢ ᠮᠡᠳᠡᠬᠦ᠂ ᠶᠡᠭᠡ ᠲᠠᠯ᠎ᠠ ᠵᠢ ᠬᠠᠷᠠᠭ᠋ᠠᠯᠵᠠᠬᠤ᠂ ᠬᠡᠪ ᠰᠤᠷᠲᠠᠯ᠎ᠢ ᠡᠷᠬᠢᠮᠯᠡᠬᠦ᠂ ᠬᠤᠪᠢ ᠨᠡᠮᠡᠷᠢ ᠦᠵᠡᠭᠦᠯᠬᠦ᠎ᠪᠠᠷ ᠴᠢᠷᠮᠠᠶ᠋ᠢᠬᠤ᠂ ᠬᠠᠷᠢᠭᠤᠴᠠᠯᠭ᠎ᠠ ᠡᠭᠦᠷᠭᠡᠯᠡᠬᠦ ᠭᠦᠨ ᠭᠦᠨᠵᠡᠭᠡᠶ ᠬᠠᠮᠲᠤ ᠵᠢᠨ ᠲᠠᠨᠢᠯᠲᠠ ᠪᠠ ᠡᠷᠬᠢᠮ ᠨᠠᠨᠳᠢᠨ ᠵᠠᠩ ᠴᠢᠨᠠᠷ᠎ᠢ ᠪᠦᠷᠢᠯᠳᠦᠭᠦᠯᠵᠦ᠂ 《ᠬᠠᠮᠤᠭ᠎ᠤᠨ ᠰᠠᠶ᠋ᠢᠨ ᠮᠠᠯᠵᠢᠯ᠎ᠤᠨ ᠲᠠᠯᠠᠪᠠᠶ᠎ᠪᠠᠨ ᠰᠠᠨᠰᠠᠷ᠎ᠤᠨ ᠠᠶᠠᠯᠠᠯ᠎ᠤᠨ ᠲᠥᠯᠥᠭᠡ ᠵᠤᠷᠢᠭᠤᠯᠤᠭᠰᠠᠨ》᠂ 《ᠭᠤᠷᠪᠠᠨ ᠮᠢᠩᠭ᠋ᠠᠨ ᠥᠨᠥᠴᠢᠨ ᠬᠡᠦᠬᠡᠳ᠎ᠢ ᠦᠷᠡᠴᠢᠯᠡᠨ ᠲᠡᠵᠢᠭᠡᠭᠰᠡᠨ》᠂ 《ᠬᠦᠴᠢᠷ ᠪᠡᠷᠬᠡᠰᠢᠶᠡᠯ᠎ᠢ ᠢᠯᠡᠨ ᠳᠠᠪᠠᠵᠤ ᠠᠮᠤ ᠪᠤᠳᠠᠭ᠎ᠠ ᠮᠠᠯ ᠣᠨᠤᠭ᠎ᠠ᠎ᠪᠠᠨ ᠬᠠᠨᠳᠢᠪᠯᠠᠭᠰᠠᠨ》᠂ 《ᠦᠨᠳᠦᠰᠦᠲᠡᠨ᠎ᠨᠦᠭᠦᠳ᠎ᠤᠨ ᠠᠷᠠᠳ ᠲᠦᠮᠡᠨ ᠪᠤᠭᠤᠲᠤ ᠵᠢᠨ ᠪᠣᠯᠣᠳ ᠲᠡᠮᠦᠷ᠎ᠤᠨ ᠪᠦᠯᠦᠭᠯᠡᠯ᠎ᠢ ᠪᠠᠶ᠋ᠢᠭᠤᠯᠤᠭᠰᠠᠨ》 ᠵᠡᠷᠭᠡ ᠦᠨᠳᠦᠰᠦᠲᠡᠨ᠎ᠤ ᠪᠦᠯᠬᠦᠮᠳᠡᠯ᠎ᠤᠨ ᠲᠡᠦᠬᠡ ᠵᠢᠨ ᠰᠠᠶ᠋ᠢᠬᠠᠨ ᠳᠠᠭᠤᠷᠢᠰᠬᠠᠯᠢ ᠪᠢᠴᠢᠭᠯᠡᠵᠦ᠂ ᠰᠢᠨ᠎ᠡ ᠳᠤᠮᠳᠠᠳᠤ ᠤᠯᠤᠰ᠎ᠤᠨ ᠦᠨᠳᠦᠰᠦᠲᠡᠨ᠎ᠤ ᠠᠵᠢᠯ᠎ᠤᠨ ᠲᠡᠦᠬᠡᠨ ᠳᠡᠭᠡᠷᠡᠬᠢ ᠠᠯᠢ ᠣᠯᠠᠨ 《ᠨᠢᠭᠡᠳᠦᠭᠡᠷ》 ᠪᠠ ᠡᠷᠬᠢᠮ ᠨᠠᠨᠳᠢᠨ ᠲᠤᠷᠰᠢᠯᠭ᠎ᠠ ᠵᠢ ᠡᠭᠦᠳᠴᠡᠶ᠃ 75 ᠵᠢᠯ᠎ᠤᠨ ᠲᠤᠷᠰᠢ᠂ ᠥᠪᠥᠷ ᠮᠣᠩᠭᠤᠯ᠎ᠤᠨ ᠬᠥᠭᠵᠢᠯᠲᠡ ᠵᠢᠨ ᠲᠡᠦᠬᠡ᠂ ᠦᠨᠳᠦᠰᠦᠲᠡᠨ᠎ᠤ ᠲᠡᠦᠬᠡ᠎ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠠᠶ᠋ᠢᠬᠤ ᠦᠭᠡᠢ ᠪᠣᠯ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ ᠪᠠᠶ᠋ᠢᠭᠤᠯᠤᠭᠳᠠᠵᠤ ᠴᠢᠳᠠᠬᠤ ᠦᠭᠡᠢ᠂ ᠥᠪᠡᠷᠲᠡᠭᠡᠨ ᠵᠠᠰᠠᠬᠤ ᠣᠷᠣᠨ ᠪᠠᠶ᠋ᠢᠭᠤᠯᠤᠭᠳᠠᠭᠰᠠᠨ᠎ᠠᠴᠠ ᠨᠠᠭ᠋ᠠᠰᠢᠬᠢ ᠬᠥᠭᠵᠢᠯᠲᠡ ᠪᠠ ᠥᠨᠥᠳᠦᠷ᠎ᠤᠨ ᠠᠮᠵᠢᠯᠲᠠ ᠪᠠᠶ᠋ᠢᠵᠤ ᠴᠢᠳᠠᠬᠤ ᠦᠭᠡᠢ᠂ ᠤᠳᠤ ᠵᠢᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠬᠠᠮᠲᠤ᠎ᠪᠠᠷ ᠪᠦᠯᠬᠦᠮᠳᠡᠨ ᠲᠠᠪᠰᠢᠵᠤ᠂ ᠬᠠᠮᠲᠤ᠎ᠪᠠᠷ ᠴᠡᠴᠡᠭᠯᠡᠨ ᠬᠥᠭᠵᠢᠭᠰᠡᠨ ᠶᠡᠭᠡ ᠰᠠᠶ᠋ᠢᠨ ᠪᠠᠶ᠋ᠢᠳᠠᠯ ᠪᠠᠶ᠋ᠢᠵᠤ ᠴᠢᠳᠠᠬᠤ ᠦᠭᠡᠢ ᠭᠡᠳᠡᠭ᠎ᠢ ᠲᠡᠮᠦᠷ ᠮᠡᠲᠦ ᠪᠣᠳᠠᠲᠤ ᠶᠠᠪᠤᠳᠠᠯ ᠵᠶ᠋ᠠᠷ ᠭᠡᠷᠡᠴᠢᠯᠡᠭᠰᠡᠨ ᠪᠠᠶ᠋ᠢᠨ᠎ᠠ᠃ ᠡᠨᠡ ᠪᠣᠯ ᠲᠡᠦᠬᠡ ᠵᠢᠨ ᠵᠠᠶ᠋ᠢᠯᠠᠰᠢ ᠦᠭᠡᠢ ᠳ᠋ᠦᠩᠨᠡᠯᠲᠡ ᠮᠥᠨ᠂ ᠪᠠᠰᠠ ᠴᠤ᠌ ᠪᠣᠳᠠᠲᠤ ᠠᠬᠤᠢ ᠵᠢᠨ ᠭᠦᠨᠵᠡᠭᠡᠢ ᠰᠡᠩᠬᠡᠷᠡᠭᠦᠯᠦᠯ ᠮᠥᠨ᠃
ᠨᠠᠮ᠎ᠤᠨ ᠠᠷᠪᠠᠨ ᠨᠠᠶᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠣᠷᠣᠨ ᠳᠠᠶᠠᠭ᠋ᠠᠷ ᠶᠡᠷᠦᠩᠬᠡᠶ ᠱᠦᠵᠢ ᠰᠢ ᠵᠢᠨ ᠫᠢᠩ᠎ᠤᠨ ᠬᠦᠰᠡᠯ ᠨᠠᠶ᠋ᠢᠳᠠᠯᠭ᠎ᠠ ᠵᠢ ᠢᠮᠠᠭᠲᠠ ᠪᠠᠲᠤ ᠴᠡᠭᠡᠵᠢᠯᠡᠵᠦ᠂ ᠶᠡᠷᠦᠩᠬᠡᠶ ᠱᠦᠵᠢ ᠵᠢᠨ ᠥᠪᠥᠷ ᠮᠣᠩᠭᠤᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠤᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠦᠨᠳᠦᠰᠦᠲᠡᠨ᠎ᠤ ᠠᠵᠢᠯ᠎ᠢ ᠲᠠᠰᠤᠷᠠᠯᠲᠠ ᠥᠬᠡᠶ ᠴᠢᠩᠭ᠋ᠠᠳᠬᠠᠨ ᠰᠠᠶ᠋ᠢᠵᠢᠷᠠᠭᠤᠯᠪᠠ᠃ ᠥᠪᠡᠷᠲᠡᠭᠡᠨ ᠵᠠᠰᠠᠬᠤ ᠣᠷᠣᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠡᠨᠡ ᠬᠦ᠌ ᠭᠤᠤᠯ ᠰᠢᠵᠢᠮ᠎ᠲᠠᠢ ᠨᠢᠭᠲᠠ ᠤᠶᠠᠯᠳᠤᠭᠤᠯᠤᠨ᠂ ᠦᠨᠳᠦᠰᠦᠲᠡᠨ᠎ᠤ ᠬᠦᠷᠢᠶᠡᠨ᠎ᠳᠠᠬᠢ ᠠᠯᠢ ᠣᠯᠠᠨ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠢ ᠵᠠᠰᠠᠪᠤᠷᠢ ᠣᠷᠣᠭᠤᠯᠤᠨ ᠨᠡᠶ᠋ᠢᠲᠡᠯᠡᠵᠦ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠯᠢ ᠣᠯᠠᠨ ᠬᠥᠮᠦᠵᠢᠯ᠎ᠤᠨ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠦᠨᠳᠦᠰᠦᠲᠡᠨ᠎ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠴᠢᠩᠭ᠋ᠠᠳᠬᠠᠬᠤ ᠠᠯᠢ ᠣᠯᠠᠨ ᠪᠣᠳᠠᠲᠠᠶ ᠵᠢ ᠡᠷᠬᠢᠮᠯᠡᠬᠦ ᠠᠷᠭ᠎ᠠ ᠬᠡᠮᠵᠢᠶ᠎ᠡ ᠵᠢ ᠰᠤᠳᠤᠯᠤᠨ ᠲᠣᠭᠲᠠᠭ᠋ᠠᠵᠤ᠂ ᠪᠥᠬᠦ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠶᠡᠭᠡ ᠲᠠᠯ᠎ᠠ ᠵᠢᠨ ᠦᠷᠭᠦᠯᠵᠢᠯᠡᠨ ᠪᠠᠬᠢᠵᠢᠬᠦ ᠵᠢ ᠠᠬᠢᠭᠤᠯᠪᠠ᠃ ᠬᠡᠳᠦᠶ᠋ᠢᠪᠡᠷ ᠣᠶ᠋ᠢᠷ᠎ᠠ ᠵᠢᠨ ᠵᠢᠯ᠎ᠤᠳ᠎ᠲᠤ ᠥᠪᠥᠷ ᠮᠣᠩᠭᠤᠯ᠎ᠤᠨ ᠦᠨᠳᠦᠰᠦᠲᠡᠨ᠎ᠤ ᠠᠵᠢᠯ᠎ᠳᠤ ᠪᠠᠰᠠ ᠵᠠᠷᠢᠮ ᠠᠰᠠᠭᠤᠳᠠᠯ ᠭᠠᠷᠴᠤ ᠥᠩᠭᠡᠷᠡᠭᠰᠡᠨ᠂ ᠦᠨᠳᠦᠰᠦᠲᠡᠨ᠎ᠤ ᠬᠦᠷᠢᠶᠡᠨ᠎ᠳᠤ ᠪᠠᠰᠠ ᠴᠥᠭᠡᠨ ᠪᠤᠰᠤ ᠠᠶᠤᠯ ᠲᠦᠭᠰᠢᠭᠦᠷᠢ ᠪᠠ ᠬᠡᠮ ᠰᠤᠭᠤᠭ ᠣᠷᠣᠰᠢᠵᠤ ᠪᠠᠶ᠋ᠢᠭ᠎ᠠ ᠪᠣᠯᠪᠠᠴᠤ ᠪᠥᠬᠦ ᠣᠷᠣᠨ᠎ᠤ ᠦᠨᠳᠦᠰᠦᠲᠡᠨ᠎ᠤ ᠠᠵᠢᠯ᠎ᠤᠨ ᠶᠡᠭᠡ ᠣᠷᠴᠢᠨ ᠲᠣᠭᠤᠷᠢᠨ ᠮᠥᠨ ᠬᠦ᠌ ᠰᠠᠶ᠋ᠢᠨ ᠪᠠᠶ᠋ᠢᠵᠤ᠂ ᠦᠨᠳᠦᠰᠦᠲᠡᠨ᠎ᠨᠦᠭᠦᠳ᠎ᠤᠨ ᠶᠡᠭᠡ ᠪᠦᠯᠬᠦᠮᠳᠡᠯ᠎ᠤᠨ ᠪᠠᠶ᠋ᠢᠳᠠᠯ ᠬᠤᠪᠢᠷᠠᠭ᠎ᠠ ᠥᠬᠡᠶ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ ᠬᠡᠨ ᠠᠯᠢᠨ᠎ᠨᠢ ᠭᠡᠵᠦ ᠢᠯᠭ᠋ᠠᠬᠤ ᠥᠬᠡᠶ᠂ ᠠᠬ᠎ᠠ ᠳᠡᠭᠦᠦ ᠮᠡᠲᠦ ᠳᠣᠲᠣᠨᠣ᠂ ᠨᠢᠭᠡ ᠬᠡᠷ᠎ᠤᠨ ᠬᠦᠮᠦᠨ ᠮᠡᠲᠦ ᠳᠣᠲᠣᠨᠣ ᠪᠠᠶ᠋ᠢᠬᠤ ᠪᠠᠶ᠋ᠢᠳᠠᠯ ᠬᠤᠪᠢᠷᠠᠭ᠎ᠠ ᠥᠬᠡᠶ᠂ ᠦᠨᠳᠦᠰᠦᠲᠡᠨ᠎ᠤ ᠠᠵᠢᠯ᠎ᠤᠨ ᠥᠭᠡᠳᠡᠯᠡᠨ ᠰᠠᠶ᠋ᠢᠵᠢᠷᠠᠬᠤ ᠬᠠᠨᠳᠤᠰᠢ ᠬᠤᠪᠢᠷᠠᠭ᠎ᠠ ᠥᠬᠡᠶ ᠶᠤᠮ᠃ ᠥᠨᠥᠳᠦᠷ᠎ᠤᠨ ᠥᠪᠥᠷ ᠮᠣᠩᠭᠤᠯ ᠦᠨᠳᠦᠰᠦᠲᠡᠨ᠎ᠨᠦᠭᠦᠳ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠠᠶᠠᠷ ᠬᠦᠷ ᠵᠶ᠋ᠠᠷ ᠪᠢᠯᠬᠠᠵᠤ᠂ ᠠᠨᠠᠷ᠎ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠡᠬᠡ ᠤᠯᠤᠰ᠎ᠤᠨ ᠬᠢᠯᠢ ᠬᠢᠵᠠᠭ᠋ᠠᠷ᠎ᠢ ᠬᠠᠮᠲᠤ᠎ᠪᠠᠷ ᠰᠠᠬᠢᠨ ᠬᠠᠮᠠᠭ᠋ᠠᠯᠠᠵᠤ᠂ ᠰᠠᠶ᠋ᠢᠨ ᠰᠠᠶ᠋ᠢᠬᠠᠨ ᠠᠮᠢᠳᠤᠷᠠᠯ᠎ᠢ ᠬᠠᠮᠲᠤ᠎ᠪᠠᠷ ᠴᠣᠭᠴᠠᠯᠠᠵᠤ ᠪᠤᠢ᠃
ᠶᠡᠷᠦᠩᠬᠡᠢ ᠱᠦᠵᠢ ᠰᠢ ᠵᠢᠨ ᠫᠢᠩ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯ᠎ᠤᠨ ᠥᠪᠥᠷ ᠮᠣᠩᠭᠤᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ᠎ᠳᠠᠭᠠᠨ᠂ ᠦᠨᠳᠦᠰᠦᠲᠡᠨ᠎ᠤ ᠪᠦᠯᠬᠦᠮᠳᠡᠯ᠎ᠤᠨ ᠢᠷᠠᠭᠤ ᠠᠯᠳᠠᠷᠲᠤ ᠤᠯᠠᠮᠵᠢᠯᠠᠯ ᠪᠣᠯᠤᠨ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠤ ᠡᠷᠬᠢᠮ ᠳᠡᠭᠡᠳᠦ ᠢᠷᠠᠭᠤ ᠠᠯᠳᠠᠷ᠎ᠢ ᠮᠠᠰᠢ ᠨᠠᠨᠳᠢᠩᠨᠠᠵᠤ᠂ ᠦᠷᠭᠦᠯᠵᠢᠯᠡᠨ ᠪᠠᠷᠢᠮᠲᠠᠯᠠᠵᠤ᠂ ᠦᠨᠳᠦᠰᠦᠲᠡᠨ᠎ᠤ ᠪᠦᠯᠬᠦᠮᠳᠡᠯ᠎ᠤᠨ ᠶᠡᠭᠡ ᠲᠠᠯ᠎ᠠ ᠵᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠥᠪᠥᠷ ᠮᠣᠩᠭᠤᠯ ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠪᠣᠯᠤᠭᠰᠠᠨ᠎ᠤ ᠬᠤᠪᠢ᠎ᠳᠤ᠂ ᠵᠢᠱ᠌ᠢᠶᠡᠴᠢ ᠪᠤᠯᠤᠭᠰᠠᠨ᠎ᠨᠢ ᠨᠠᠮ᠎ᠤᠨ ᠦᠭᠡ ᠵᠢ ᠰᠣᠨᠣᠰᠳᠠᠭ᠎ᠠᠴᠠ ᠪᠤᠯᠵᠠᠢ ᠭᠡᠵᠦ ᠪᠢ ᠤᠶ᠋ᠢᠯᠠᠭ᠋ᠠᠵᠤ ᠪᠠᠶ᠋ᠢᠨ᠎ᠠ᠃
ᠰᠢᠨ᠎ᠡ ᠴᠠᠭ ᠦᠶ᠎ᠡ ᠰᠢᠨ᠎ᠡ ᠠᠶᠠᠨ᠎ᠳᠤ᠂ ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠳᠠᠭ᠋ᠠᠬᠤ᠎ᠳᠤ᠂ ᠶᠠᠭᠤ ᠬᠢᠬᠦ᠂ ᠶᠠᠭ᠋ᠠᠬᠢᠵᠤ ᠬᠢᠬᠦ ᠪᠤᠢ? ᠪᠢᠳᠡᠨ᠎ᠳᠤ ᠠᠪᠴᠤ ᠬᠡᠯᠡᠪᠡᠯ᠂ ᠬᠠᠮᠤᠭ᠎ᠤᠨ ᠴᠢᠬᠤᠯᠠ᠎ᠨᠢ ᠬᠤᠶᠠᠷ ᠶᠡᠭᠡ ᠶᠠᠪᠤᠳᠠᠯ᠎ᠢ ᠰᠠᠶ᠋ᠢᠲᠤᠷ ᠠᠳᠬᠤᠨ᠎ᠠ᠄ ᠨᠢᠭᠡ᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠵᠤ᠂ ᠨᠥᠭᠦᠭᠡ᠎ᠨᠢ 《ᠬᠤᠶᠠᠷ ᠬᠠᠯᠬᠠᠪᠴᠢ》᠂ 《ᠬᠤᠶᠠᠷ ᠰᠠᠭᠤᠷᠢᠨ》᠂ 《ᠨᠢᠭᠡ ᠪᠠᠬᠢᠯᠡᠯᠲᠡ》 ᠵᠢ ᠰᠠᠶ᠋ᠢᠲᠤᠷ ᠪᠥᠲᠥᠭᠡᠨ ᠪᠠᠶ᠋ᠢᠭᠤᠯᠤᠨ᠎ᠠ᠃ ᠪᠢᠳᠡ ᠶᠡᠷᠦᠩᠬᠡᠶ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠡᠨᠡ ᠬᠦ᠌ ᠭᠤᠤᠯ ᠰᠢᠵᠢᠮ᠎ᠲᠠᠢ ᠨᠢᠭᠲᠠ ᠤᠶᠠᠯᠳᠤᠭᠤᠯᠤᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠣᠶᠤᠨ ᠰᠠᠨᠠᠭ᠋ᠠᠨ᠎ᠤ ᠬᠡᠷ ᠣᠷᠣᠨ᠎ᠤ ᠪᠠᠶ᠋ᠢᠭᠤᠯᠤᠯᠲᠠ ᠵᠢ ᠪᠥᠬᠦ ᠲᠠᠯ᠎ᠠ᠎ᠪᠠᠷ ᠠᠬᠢᠭᠤᠯᠵᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠢᠳᠡᠪᠬᠢᠲᠡᠶ ᠠᠬᠢᠭᠤᠯᠤᠨ᠂ ᠦᠨᠳᠦᠰᠦᠲᠡᠨ᠎ᠤ ᠭᠠᠵᠠᠷ ᠣᠷᠣᠨ᠎ᠤ ᠣᠳᠣᠬᠢᠴᠢᠯᠠᠭᠰᠠᠨ ᠪᠥᠲᠥᠭᠡᠨ ᠪᠠᠶ᠋ᠢᠭᠤᠯᠤᠯᠲᠠ ᠵᠢᠨ ᠠᠯᠬᠤᠴᠠ ᠵᠢ ᠲᠦᠷᠭᠡᠳᠭᠡᠨ ᠠᠬᠢᠭᠤᠯᠵᠤ᠂ ᠦᠨᠳᠦᠰᠦᠲᠡᠨ᠎ᠤ ᠬᠡᠷᠡᠭ ᠶᠠᠪᠤᠳᠠᠯ᠎ᠤᠨ ᠵᠠᠰᠠᠯᠲᠠ ᠵᠢᠨ ᠬᠠᠤᠯᠢᠵᠢᠯ᠎ᠤᠨ ᠲᠦᠪᠰᠢᠨ᠎ᠢ ᠬᠦᠴᠦᠯᠡᠨ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠤᠨ᠂ ᠦᠨᠳᠦᠰᠦᠲᠡᠨ᠎ᠤ ᠪᠦᠯᠬᠦᠮᠳᠡᠯ᠎ᠤᠨ ᠴᠡᠴᠡᠭᠡᠰ᠎ᠢ ᠡᠭᠦᠷᠢᠳᠡ ᠳᠡᠯᠭᠡᠷᠡᠭᠦᠯᠦᠨ᠎ᠡ᠃ ᠪᠢᠳᠡ ᠶᠡᠷᠦᠩᠬᠡᠢ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠤᠷᠢᠶ᠎ᠠ᠎ᠠᠴᠠ ᠥᠪᠥᠷ ᠮᠣᠩᠭᠤᠯ᠎ᠳᠤ ᠲᠤᠭᠳᠠᠭ᠋ᠠᠵᠦ ᠦᠭᠭᠦᠭᠰᠡᠨ ᠪᠠᠶ᠋ᠢᠯᠳᠤᠬᠤ ᠪᠤᠳᠤᠯᠭ᠎ᠠ ᠵᠢᠨ ᠪᠠᠶ᠋ᠢᠷᠢ ᠲᠣᠭᠲᠠᠭ᠋ᠠᠯᠲᠠ ᠵᠢ ᠰᠠᠶ᠋ᠢᠲᠤᠷ ᠨᠠᠶ᠋ᠢᠳᠠᠪᠤᠷᠢᠵᠢᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠦᠨ ᠬᠦᠴᠦᠨ ᠵᠶ᠋ᠠᠨ ᠲᠥᠪᠯᠡᠷᠡᠭᠦᠯᠵᠦ᠂ ᠲᠠᠪᠤᠨ ᠲᠠᠯ᠎ᠠ ᠵᠢᠨ ᠪᠠᠶ᠋ᠢᠯᠳᠤᠬᠤ ᠪᠤᠳᠤᠯᠭ᠎ᠠ ᠵᠢᠨ ᠪᠠᠶ᠋ᠢᠷᠢ ᠲᠣᠭᠲᠠᠭ᠋ᠠᠯᠲᠠ ᠵᠢ ᠨᠠᠶ᠋ᠢᠳᠠᠪᠤᠷᠢᠵᠢᠭᠤᠯᠬᠤ ᠪᠣᠳᠠᠲᠠᠢ ᠲᠥᠰᠦᠯ᠎ᠢ ᠲᠣᠭᠲᠠᠭ᠋ᠠᠵᠤ᠂ ᠵᠢᠷᠤᠭ ᠲᠥᠯᠥᠪᠯᠡᠭᠡ ᠲᠤᠭᠳᠠᠭ᠋ᠠᠨ ᠪᠠᠶ᠋ᠢᠯᠳᠤᠬᠤ᠂ ᠵᠢᠷᠤᠭ ᠲᠥᠯᠥᠪᠯᠡᠭᠡ ᠶᠣᠰᠣᠭ᠋ᠠᠷ ᠠᠵᠢᠯᠯᠠᠬᠤ ᠵᠢ ᠪᠠᠷᠢᠮᠲᠠᠯᠠᠵᠤ᠂ ᠡᠳᠦᠷ ᠪᠣᠯᠭ᠋ᠠᠨ ᠴᠢᠷᠮᠠᠶ᠋ᠢᠨ ᠠᠵᠢᠯᠯᠠᠵᠤ᠂ ᠤᠳᠠᠭ᠋ᠠᠨ ᠳᠠᠭ᠋ᠠᠭ᠋ᠠᠮᠠᠭ᠋ᠠᠢ᠎ᠪᠠᠷ ᠴᠢᠷᠮᠠᠶ᠋ᠢᠬᠤ ᠵᠢ ᠪᠠᠷᠢᠮᠲᠠᠯᠠᠵᠤ᠂ ᠶᠡᠷᠦᠩᠬᠡᠢ ᠱᠦᠵᠢ ᠵᠢᠨ ᠥᠪᠥᠷ ᠮᠣᠩᠭᠤᠯ᠎ᠳᠤ ᠵᠢᠷᠤᠭᠯᠠᠵᠤ ᠥᠭᠭᠦᠭᠰᠡᠨ ᠠᠤᠭ᠎ᠠ ᠲᠥᠰᠦᠪ᠎ᠢ ᠰᠠᠶ᠋ᠢᠨ ᠰᠠᠶ᠋ᠢᠬᠠᠨ ᠪᠣᠳᠠᠲᠤ ᠠᠬᠤᠢ ᠪᠣᠯᠭ᠋ᠠᠨ ᠬᠤᠪᠢᠷᠠᠭᠤᠯᠬᠤ ᠵᠢ ᠪᠦᠬᠦ ᠬᠦᠴᠦᠨ ᠵᠶ᠋ᠠᠷ ᠵᠶ᠋ᠠᠨ ᠠᠬᠢᠭᠤᠯᠵᠤ᠂ ᠬᠢᠯᠢ ᠬᠢᠵᠠᠭ᠋ᠠᠷ᠎ᠤᠨ ᠦᠨᠳᠦᠰᠦᠲᠡᠨ᠎ᠤ ᠣᠷᠣᠨ᠎ᠤ ᠨᠡᠶ᠋ᠢᠭᠡᠮ ᠵᠢᠷᠤᠮᠳᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠶᠠᠪᠤᠴᠠ᠎ᠳᠠᠬᠢ ᠴᠢᠬᠤᠯᠠ ᠶᠡᠭᠡ ᠬᠠᠷᠢᠭᠤᠴᠠᠯᠭ᠎ᠠ ᠪᠣᠯᠤᠨ ᠢᠷᠠᠭᠤ ᠠᠯᠳᠠᠷᠲᠤ ᠡᠭᠦᠷᠭᠡ ᠵᠢ ᠨᠡᠩ ᠰᠠᠶ᠋ᠢᠲᠤᠷ ᠡᠭᠦᠷᠭᠡᠯᠡᠨ᠎ᠡ᠃