ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠲᠠᠢ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ᠎ᠳᠤ ᠰᠣᠶᠣᠯ ᠵᠢᠭᠤᠯᠴᠢᠯᠠᠯ᠎ᠤᠨ ᠬᠦᠴᠦᠨ ᠴᠢᠳᠠᠯ ᠵᠶ᠋ᠠᠨ ᠡᠷᠭᠦᠨ᠎ᠡ
ᠨᠡᠶᠢᠲᠡᠯᠡᠭᠰᠡᠨ ᠴᠠᠭ᠄ 2023-08-13

      ᠡᠨᠡ ᠵᠢᠯ᠎ᠠᠴᠠ ᠨᠠᠭ᠋ᠠᠰᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠡᠬᠢ ᠪᠠᠶᠠᠯᠢᠭ᠎ᠤᠨ ᠳᠠᠪᠠᠭᠤᠯᠢᠭ᠎ᠲᠤ᠎ᠪᠠᠨ ᠰᠠᠭᠤᠷᠢᠯᠠᠨ᠂ ᠲᠥᠷᠥ ᠵᠢᠨ ᠪᠣᠳᠣᠯᠭ᠎ᠠ ᠵᠢᠨ ᠳᠡᠮᠵᠢᠯᠭᠡ᠎ᠪᠠᠨ ᠲᠠᠰᠤᠷᠠᠯᠲᠠ ᠦᠭᠡᠢ ᠨᠡᠮᠡᠭᠳᠡᠭᠦᠯᠵᠦ᠂ ᠵᠢᠭᠤᠯᠴᠢᠯᠠᠯ᠎ᠤᠨ ᠪᠦᠲᠦᠭᠡᠭᠳᠡᠬᠦᠨ᠎ᠤ ᠬᠠᠩᠭ᠋ᠠᠯᠭ᠎ᠠ ᠵᠢ ᠪᠠᠶᠠᠯᠢᠭᠵᠢᠭᠤᠯᠤᠨ᠂ ᠨᠠᠷᠠᠲᠤ ᠲᠥᠷᠥᠯ ᠲᠡᠮᠳᠡᠭᠲᠦ ᠵᠢᠨ ᠤᠬᠠᠭᠤᠯᠭ᠎ᠠ ᠳᠡᠯᠭᠡᠷᠡᠭᠦᠯᠦᠯᠲᠡ ᠵᠢ ᠴᠢᠩᠭ᠋ᠠᠳᠬᠠᠵᠤ᠂ ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠲᠣᠭᠲᠠᠭᠤᠨ ᠵᠶ᠋ᠠᠷ ᠬᠥᠭᠵᠢᠵᠦ᠂ ᠦᠷᠭᠦᠯᠵᠢᠯᠡᠨ ᠰᠠᠢ᠌ᠵᠢᠷᠠᠬᠤ ᠵᠢ ᠠᠬᠢᠭᠤᠯᠤᠭᠰᠠᠨ ᠵᠶ᠋ᠡᠷ ᠳᠡᠭᠡᠷ᠎ᠡ ᠬᠠᠭ᠋ᠠᠰ ᠵᠢᠯ᠎ᠤᠨ ᠤᠯᠤᠰ᠎ᠤᠨ ᠳᠣᠲᠣᠭ᠋ᠠᠳᠤ ᠵᠢᠨ ᠵᠢᠭᠤᠯᠴᠢᠯᠠᠭᠴᠢᠳ᠎ᠢ ᠭᠥᠯᠢᠶᠡᠨ ᠠᠪᠤᠭᠰᠠᠨ ᠬᠡᠮᠵᠢᠶ᠎ᠡ ᠪᠠ ᠵᠢᠭᠤᠯᠴᠢᠯᠠᠯ᠎ᠤᠨ ᠣᠷᠣᠯᠭ᠎ᠠ᠎ᠨᠢ ᠲᠣᠰ ᠲᠣᠰ 2022 ᠣᠨ᠎ᠤ 2.55 ᠳᠠᠬᠢᠨ   ᠪᠠ 3 ᠳᠠᠬᠢᠨ ᠪᠣᠯᠵᠠᠢ᠃
      ᠲᠠᠷᠠᠭ᠋ᠠᠴᠢ ᠵᠢᠨ ᠠᠯᠬᠤᠮ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ᠎ᠬᠢᠨ ᠰᠡᠳᠬᠢᠯ ᠵᠶ᠋ᠡᠨ ᠨᠢᠭᠡᠳᠬᠡᠨ ᠬᠦᠴᠦᠨ ᠵᠶ᠋ᠡᠨ ᠲᠥᠪᠯᠡᠷᠡᠭᠦᠯᠵᠦ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠲᠤᠰᠢᠶᠠᠭᠰᠠᠨ   《ᠲᠠᠪᠤᠨ ᠶᠡᠬᠡ ᠡᠭᠦᠷᠭᠡ》 ᠪᠣᠯᠣᠨ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠬᠣᠶᠠᠷ ᠶᠡᠬᠡ ᠶᠠᠪᠤᠳᠠᠯ᠎ᠢ ᠪᠦᠬᠦ ᠲᠠᠯ᠎ᠠ᠎ᠪᠠᠷ ᠰᠠᠢ᠌ᠲᠤᠷ ᠪᠡᠶᠡᠯᠡᠭᠦᠯᠬᠦ ᠠᠵᠢᠯ᠎ᠢ ᠬᠢᠨ᠎ᠡ᠃ ᠠᠮᠢ ᠠᠬᠤᠢ ᠵᠢ ᠲᠡᠷᠢᠭᠦᠨ᠎ᠳᠤ ᠲᠠᠯᠪᠢᠵᠤ  ᠂ ᠪᠣᠬᠢᠷᠲᠤᠯ ᠦᠭᠡᠢ᠎ᠪᠠᠷ ᠬᠥᠭᠵᠢᠭᠦᠯᠬᠦ ᠵᠢ ᠪᠠᠷᠢᠮᠲᠠᠯᠠᠨ᠂ ᠰᠠᠭᠤᠷᠢ ᠪᠡᠯᠡᠳᠬᠡᠮᠵᠢ ᠵᠢ ᠬᠦᠴᠦᠯᠡᠨ ᠲᠡᠭᠦᠯᠳᠡᠷᠵᠢᠭᠦᠯᠵᠦ᠂ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠦᠨ᠂ ᠡᠵᠡᠩᠨᠡᠯᠲᠡ ᠵᠢᠨ ᠬᠡᠯᠪᠡᠷᠢ ᠪᠠᠢ᠌ᠳᠠᠯ᠎ᠤᠨ ᠬᠠᠩᠭ᠋ᠠᠯᠭ᠎ᠠ ᠵᠢ ᠪᠠᠶᠠᠯᠢᠭᠵᠢᠭᠤᠯᠵᠤ᠂ ᠪᠥᠬᠥ ᠬᠦᠴᠦᠨ ᠵᠶ᠋ᠡᠷ ᠵᠶ᠋ᠡᠨ ᠥᠪᠥᠷ ᠮᠣᠩᠭᠣᠯ᠎ᠢ ᠦᠪᠡᠰᠦᠪᠡᠨ ᠮᠠᠰᠢᠨ ᠵᠢᠯᠤᠭᠤᠳᠴᠤ ᠵᠢᠭᠤᠯᠴᠢᠯᠠᠬᠤ ᠲᠡᠷᠢᠭᠦᠨ᠎ᠤ ᠰᠣᠩᠭᠣᠯᠲᠠ ᠵᠢᠨ ᠭᠠᠵᠠᠷ᠂ ᠬᠡᠭᠡᠷ᠎ᠡ ᠪᠠᠭᠤᠳᠠᠯᠯᠠᠬᠤ ᠵᠢᠭᠤᠯᠴᠢᠯᠠᠯ᠎ᠤᠨ ᠰᠢᠯᠢᠳᠡᠭ ᠰᠣᠩᠭᠣᠯᠲᠠ ᠵᠢᠨ ᠭᠠᠵᠠᠷ᠂ ᠠᠮᠠᠷᠠᠯᠲᠠ ᠵᠢᠨ ᠵᠢᠭᠤᠯᠴᠢᠯᠠᠯ᠎ᠤᠨ ᠵᠠᠪᠠᠯ ᠰᠣᠩᠭᠣᠬᠤ ᠭᠠᠵᠠᠷ᠂ ᠡᠷᠡᠭᠦᠯᠵᠢᠯ ᠰᠤᠪᠢᠯᠠᠯᠲᠠ ᠵᠢᠨ ᠵᠢᠭᠤᠯᠴᠢᠯᠠᠯ᠎ᠤᠨ ᠰᠢᠯᠢᠳᠡᠭ ᠰᠣᠩᠭᠣᠯᠲᠠ ᠵᠢᠨ ᠭᠠᠵᠠᠷ ᠪᠣᠯᠭ᠋ᠠᠨ᠎ᠠ; ᠦᠨᠳᠦᠰᠦᠨ᠎ᠠᠴᠠ᠎ᠨᠢ ᠴᠡᠭᠴᠡᠯᠡᠨ ᠵᠠᠰᠠᠵᠤ᠂ ᠰᠢᠨ᠎ᠡ ᠵᠢ ᠡᠭᠦᠳᠬᠦ ᠵᠢ ᠪᠠᠷᠢᠮᠲᠠᠯᠠᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠭᠣᠣᠯ ᠰᠢᠵᠢᠮ ᠪᠣᠯᠭ᠋ᠠᠵᠤ᠂ ᠤᠳᠬ᠎ᠠ ᠤᠷᠠᠯᠢᠭ᠎ᠤᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠬᠦ᠂ ᠤᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡ᠂ ᠰᠣᠶᠣᠯ᠎ᠤᠨ ᠥᠪ᠎ᠤᠨ ᠬᠠᠮᠠᠭ᠋ᠠᠯᠠᠯᠲᠠ ᠵᠢ ᠰᠠᠢ᠌ᠲᠤᠷ ᠠᠳᠬᠤᠵᠤ᠂ 《ᠤᠮᠠᠷᠠᠲᠤ ᠵᠢᠨ ᠰᠣᠶᠣᠯ》 ᠎ᠤᠨ ᠲᠦᠷᠦᠯ ᠲᠡᠮᠳᠡᠭᠲᠦ ᠵᠢ ᠰᠢᠯᠢᠳᠡᠭᠵᠢᠭᠦᠯᠵᠦ᠂ ᠤᠮᠠᠷᠠᠲᠤ ᠵᠢᠨ ᠰᠣᠶᠣᠯ᠎ᠤᠨ ᠦᠢ᠍ᠯᠡᠰ᠂ ᠰᠣᠶᠣᠯ᠎ᠤᠨ ᠠᠵᠤ ᠦᠢ᠍ᠯᠡᠰ᠎ᠤᠨ ᠴᠡᠴᠡᠭᠯᠡᠨ ᠬᠥᠭᠵᠢᠬᠦ ᠵᠢ ᠠᠬᠢᠭᠤᠯᠤᠨ᠎ᠠ; ᠥᠨᠳᠥᠷ᠎ᠲᠤ ᠵᠣᠭᠰᠣᠨ ᠠᠯᠤᠰ᠎ᠢ ᠪᠠᠷᠠᠯᠠᠬᠤ᠂ ᠰᠣᠯᠢᠯᠴᠠᠭ᠎ᠠ ᠬᠢᠵᠦ ᠬᠠᠷᠢᠯᠴᠠᠨ ᠲᠣᠯᠢᠯᠠᠬᠤ ᠵᠢ ᠪᠠᠷᠢᠮᠲᠠᠯᠠᠵᠤ᠂ ᠳᠤᠮᠳᠠᠳᠤ ᠣᠷᠣᠰ ᠮᠣᠩᠭᠣᠯ᠎ᠤᠨ ᠣᠯᠠᠨ ᠤᠯᠤᠰ᠎ᠤᠨ ᠵᠢᠭᠤᠯᠴᠢᠯᠠᠯ᠎ᠤᠨ ᠬᠠᠮᠲᠤᠷᠠᠯᠴᠠᠭ᠋ᠠᠨ᠎ᠤ ᠲᠣᠭᠲᠠᠴᠠ ᠵᠢ ᠲᠡᠭᠦᠯᠳᠡᠷᠵᠢᠭᠦᠯᠦᠨ᠂ ᠥᠪᠥᠷ ᠮᠣᠩᠭᠣᠯ᠎ᠤᠨ ᠮᠠᠨᠵᠤᠤᠷ᠎ᠤᠨ ᠬᠢᠯᠢ ᠵᠢᠨ ᠵᠢᠭᠤᠯᠴᠢᠯᠠᠯ᠎ᠤᠨ ᠲᠤᠷᠰᠢᠯᠲᠠ ᠵᠢᠨ ᠣᠷᠣᠨ ᠵᠡᠷᠭᠡ ᠪᠣᠭᠣᠮᠲᠠ ᠵᠢᠨ ᠬᠣᠲᠠ ᠵᠢᠨ ᠦᠢ᠍ᠯᠡᠳᠦᠯ᠎ᠢ ᠪᠠᠳᠠᠷᠠᠭᠤᠯᠵᠤ᠂ ᠲᠣᠮᠣ ᠬᠡᠯᠪᠡᠷᠢ ᠵᠢᠨ ᠰᠣᠶᠣᠯ ᠵᠢᠭᠤᠯᠴᠢᠯᠠᠯ᠎ᠤᠨ ᠠᠵᠢᠯᠯᠠᠭ᠎ᠠ ᠵᠢ ᠡᠷᠭᠢᠯᠡᠨ᠂ ᠬᠢᠯᠢ ᠠᠯᠤᠰᠯᠠᠭᠰᠠᠨ ᠵᠢᠭᠤᠯᠴᠢᠯᠠᠯ᠎ᠢ ᠬᠥᠭᠵᠢᠭᠦᠯᠵᠦ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠥᠷᠭᠡᠨ ᠪᠡᠬᠢᠯᠡᠯᠲᠡ ᠵᠢ ᠪᠠᠶ᠋ᠢᠭᠤᠯᠬᠤ᠎ᠳᠤ ᠰᠣᠶᠣᠯ ᠵᠢᠭᠤᠯᠴᠢᠯᠠᠯ᠎ᠤᠨ ᠬᠤᠪᠢ ᠨᠡᠮᠡᠷᠢ ᠦᠵᠡᠭᠦᠯᠦᠨ᠎ᠡ᠃

ᠢᠷᠡᠯᠲᠡ᠄ ᠠᠷᠠᠳ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠠᠷᠪᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠵᠢᠭᠤᠯᠴᠢᠯᠠᠯ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠣᠨ᠎ᠤ ᠬᠤᠷᠠᠯ ᠶᠠᠪᠤᠭᠳᠠᠪᠠ
ᠠᠷᠪᠠᠨ ᠨᠢᠭᠡᠳᠦᠭᠡᠷ ᠬᠤᠭᠤᠴᠠᠭ᠋ᠠᠨ᠎ᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠥᠷᠪᠡᠳᠦᠭᠡᠷ ᠡᠭᠡᠯᠵᠢ ᠵᠢᠨ ᠲᠣᠭᠣᠷᠢᠨ ᠪᠠᠢ᠌ᠴᠠᠭ᠋ᠠᠯᠲᠠ ᠵᠢᠨ ᠬᠠᠷᠢᠭᠤ ᠳᠤᠰᠬᠠᠯ ᠪᠡᠶᠡᠯᠡᠪᠡ
ᠠᠷᠪᠠᠨ ᠨᠢᠭᠡᠳᠦᠭᠡᠷ ᠬᠤᠭᠤᠴᠠᠭ᠋ᠠᠨ᠎ᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠥᠷᠪᠡᠳᠦᠭᠡᠷ ᠡᠭᠡᠯᠵᠢ ᠵᠢᠨ ᠲᠣᠭᠣᠷᠢᠨ ᠪᠠᠢ᠌ᠴᠠᠭ᠋ᠠᠯᠲᠠ ᠵᠢᠨ ᠬᠠᠷᠢᠭᠤ ᠳᠤᠰᠬᠠᠯ ᠪᠡᠶᠡᠯᠡᠪᠡ
ᠥᠪᠥᠷ ᠮᠣᠩᠭᠣᠯ᠎ᠠᠴᠠ ᠢᠷᠡᠭᠰᠡᠨ ᠮᠥᠰᠥ ᠴᠠᠰᠤᠨ᠎ᠤ ᠤᠷᠢᠯᠭ᠎ᠠ! ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠳᠠᠷᠤᠭ᠎ᠠ 《ᠪᠠᠷᠠᠭᠤᠨᠰᠢ ᠨᠢᠭᠡ ᠠᠯᠬᠤᠵᠤ ᠴᠠᠰᠤᠨ᠎ᠳᠤ ᠴᠠᠨᠠᠯᠠᠬᠤ᠎ᠪᠠᠷ ᠶᠠᠪᠤᠶ᠎ᠠ》 ᠭᠡᠵᠦ ᠳᠠᠢ᠌ᠴᠢᠯᠠᠪᠠ
 
            