ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠪᠥᠬᠥ ᠣᠷᠣᠨ᠎ᠤ ᠰᠣᠶᠣᠯ᠎ᠤᠨ ᠠᠵᠤ ᠦᠢ᠍ᠯᠡᠰ᠎ᠤᠨ ᠳᠡᠭᠡᠷ᠎ᠡ ᠬᠠᠭ᠋ᠠᠰ ᠵᠢᠯ᠎ᠤᠨ ᠨᠡᠮᠡᠭᠳᠡᠯ᠎ᠤᠨ ᠬᠠᠨᠳᠤᠰᠢ ᠬᠦᠴᠦᠲᠡᠢ ᠪᠠᠢ᠌ᠵᠤ ᠠᠳᠠᠯᠢ ᠬᠤᠭᠤᠴᠠᠭ᠋ᠠᠨ᠎ᠤ᠎ᠬᠢ᠎ᠠᠴᠠ 14.9%᠎ᠪᠠᠷ ᠨᠡᠮᠡᠭᠳᠡᠨ ᠪᠥᠬᠥ ᠤᠯᠤᠰ᠎ᠤᠨ ᠳᠤᠮᠳᠠᠴᠢ ᠬᠢᠷᠢ ᠲᠦᠪᠰᠢᠨ᠎ᠠᠴᠠ 7.6 ᠵᠠᠭᠤᠨ᠎ᠤ ᠨᠢᠭᠡᠴᠢ ᠥᠨᠳᠥᠷ ᠪᠤᠯᠪᠠ
ᠨᠡᠶᠢᠲᠡᠯᠡᠭᠰᠡᠨ ᠴᠠᠭ᠄ 2023-08-26

      ᠡᠨᠡ ᠵᠢᠯ᠎ᠤᠨ ᠳᠡᠭᠡᠷ᠎ᠡ ᠬᠠᠭ᠋ᠠᠰ ᠵᠢᠯ᠎ᠳᠤ᠂ ᠥᠪᠥᠷ ᠮᠣᠩᠭᠣᠯ᠎ᠤᠨ ᠡᠯ᠎ᠡ ᠭᠠᠵᠠᠷ᠎ᠤᠨ ᠰᠣᠶᠣᠯ᠎ᠤᠨ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠬᠤ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠵᠢᠨ ᠦᠷ᠎ᠡ ᠪᠦᠲᠦᠮᠵᠢ ᠤᠯᠠᠮ ᠨᠢᠭᠡ ᠠᠯᠬᠤᠮ ᠢᠯᠡᠷᠬᠡᠢ ᠪᠣᠯᠵᠤ᠂ ᠪᠥᠬᠥ ᠣᠷᠣᠨ᠎ᠤ ᠰᠣᠶᠣᠯ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠬᠠᠨᠳᠤᠰᠢ ᠰᠠᠢ᠌ᠨ ᠪᠠᠢ᠌ᠵᠤ᠂ ᠰᠣᠶᠣᠯ᠎ᠤᠨ ᠬᠡᠷᠡᠭᠯᠡᠭᠡᠨ᠎ᠤ ᠬᠡᠷᠡᠭᠴᠡᠭᠡ ᠦᠷᠬᠦᠯᠵᠢᠯᠡᠨ ᠨᠡᠮᠡᠭᠳᠡᠵᠡᠢ᠃ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠰᠣᠶᠣᠯ᠎ᠤᠨ ᠠᠵᠤ ᠦᠢ᠍ᠯᠡᠰ ᠦᠷᠭᠦᠯᠵᠢᠯᠡᠨ ᠨᠡᠮᠡᠭᠳᠡᠬᠦ ᠬᠠᠨᠳᠤᠰᠢ᠎ᠲᠠᠢ ᠪᠠᠢ᠌ᠵᠤ᠂ ᠡᠵᠡᠩᠨᠡᠯᠲᠡ ᠵᠢᠨ ᠣᠷᠣᠯᠭ᠎ᠠ ᠵᠢᠨ ᠨᠡᠮᠡᠭᠳᠡᠯ᠎ᠨᠢ ᠪᠥᠬᠥ ᠤᠯᠤᠰ᠎ᠤᠨ ᠳᠤᠮᠳᠠᠴᠢ ᠬᠢᠷᠢ ᠬᠡᠮᠵᠢᠶ᠎ᠡ᠎ᠠᠴᠠ ᠲᠦᠷᠭᠡᠨ ᠪᠠᠢ᠌ᠨ᠎ᠠ᠃
      ᠡᠨᠡ ᠵᠢᠯ᠎ᠤᠨ ᠳᠡᠭᠡᠷ᠎ᠡ ᠬᠠᠭ᠋ᠠᠰ ᠵᠢᠯ᠎ᠳᠤ᠂ ᠪᠥᠬᠥ ᠣᠷᠣᠨ᠎ᠤ 146 ᠬᠡᠪᠴᠢᠶᠡᠵᠢᠯ᠎ᠠᠴᠠ ᠳᠡᠭᠡᠭᠰᠢᠬᠢ ᠰᠣᠶᠣᠯ ᠵᠢᠴᠢ ᠬᠠᠮᠢᠶ᠎ᠠ ᠪᠦᠬᠦᠢ ᠠᠵᠤ ᠦᠢ᠍ᠯᠡᠰ᠎ᠤᠨ ᠠᠵᠤ ᠠᠬᠤᠢ᠌ᠯᠠᠯ (ᠳᠣᠷᠣᠭᠰᠢ 《ᠰᠣᠶᠣᠯ᠎ᠤᠨ ᠠᠵᠤ ᠠᠬᠤᠢ᠌ᠯᠠᠯ》 ᠭᠡᠵᠦ ᠲᠣᠪᠴᠢᠯᠠᠨ᠎ᠠ)᠎ᠤᠨ ᠡᠵᠡᠩᠨᠡᠯᠲᠡ ᠵᠢᠨ ᠣᠷᠣᠯᠭ᠎ᠠ ᠵᠢ 56.5 ᠳ᠋ᠦᠩᠰᠢᠭᠤᠷ ᠲᠥᠭᠥᠷᠢᠭ ᠪᠡᠶᠡᠯᠡᠭᠦᠯᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 14.9%᠎ᠪᠠᠷ ᠨᠡᠮᠡᠭᠳᠡᠨ᠂ ᠨᠡᠮᠡᠭᠳᠡᠯ᠎ᠤᠨ ᠬᠤᠷᠳᠤᠴᠠ᠎ᠨᠢ ᠨᠢᠭᠡᠳᠦᠭᠡᠷ ᠤᠯᠠᠷᠢᠯ᠎ᠤᠨ᠎ᠬᠢ᠎ᠠᠴᠠ 1.2 ᠵᠠᠭᠤᠨ᠎ᠤ ᠨᠢᠭᠡᠴᠢ ᠲᠦᠷᠭᠡᠨ ᠪᠣᠯᠵᠤ᠂ ᠪᠥᠬᠥ ᠤᠯᠤᠰ᠎ᠤᠨ ᠳᠤᠮᠳᠠᠴᠢ ᠬᠢᠷᠢ ᠲᠦᠪᠰᠢᠨ᠎ᠠᠴᠠ 7.6 ᠵᠠᠭᠤᠨ᠎ᠤ ᠨᠢᠭᠡᠴᠢ ᠥᠨᠳᠥᠷ ᠪᠣᠯᠵᠠᠢ᠃
      ᠰᠣᠶᠣᠯ᠎ᠤᠨ ᠪᠥᠭᠡᠮ ᠵᠶ᠋ᠡᠷ ᠬᠤᠳᠠᠯᠳᠤᠬᠤ ᠪᠠ ᠵᠢᠵᠢᠭᠯᠡᠨ ᠪᠤᠷᠤᠯᠠᠭᠤᠯᠬᠤ ᠦᠢ᠍ᠯᠡᠰ ᠬᠦᠴᠦᠲᠡᠢ ᠨᠡᠮᠡᠭᠳᠡᠯ᠎ᠤᠨ ᠬᠠᠨᠳᠤᠰᠢ᠎ᠪᠠᠨ ᠪᠠᠲᠤᠯᠠᠪᠠ᠃ ᠲᠦᠷᠦᠭᠦᠸ᠋ ᠬᠠᠭ᠋ᠠᠰ ᠵᠢᠯ᠎ᠳᠤ᠂ ᠪᠥᠬᠥ ᠣᠷᠣᠨ᠎ᠤ ᠰᠣᠶᠣᠯ᠎ᠤᠨ ᠪᠥᠭᠡᠮ ᠵᠶ᠋ᠡᠷ ᠬᠤᠳᠠᠯᠳᠤᠬᠤ ᠪᠠ ᠵᠢᠵᠢᠭᠯᠡᠨ   ᠪᠤᠷᠤᠯᠠᠭᠤᠯᠬᠤ ᠦᠢ᠍ᠯᠡᠰ᠎ᠤᠨ ᠡᠵᠡᠩᠨᠡᠯᠲᠡ ᠵᠢᠨ ᠣᠷᠣᠯᠭ᠎ᠠ 24.9 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 26.3%᠎ᠪᠠᠷ ᠨᠡᠮᠡᠭᠳᠡᠨ᠂ ᠨᠡᠮᠡᠭᠳᠡᠯ᠎ᠤᠨ ᠬᠤᠷᠳᠤᠴᠠ᠎ᠨᠢ ᠨᠢᠭᠡᠳᠦᠭᠡᠷ ᠤᠯᠠᠷᠢᠯ᠎ᠤᠨ᠎ᠬᠢ᠎ᠠᠴᠠ 5.1 ᠵᠠᠭᠤᠨ᠎ᠤ ᠨᠢᠭᠡᠴᠢ ᠲᠦᠷᠭᠡᠨ ᠪᠣᠯᠵᠤ᠂ ᠪᠥᠬᠥ ᠤᠯᠤᠰ᠎ᠤᠨ ᠳᠤᠮᠳᠠᠴᠢ ᠬᠢᠷᠢ ᠲᠦᠪᠰᠢᠨ᠎ᠠᠴᠠ 21.5 ᠵᠠᠭᠤᠨ᠎ᠤ ᠨᠢᠭᠡᠴᠢ ᠥᠨᠳᠥᠷ ᠪᠣᠯᠵᠠᠢ᠃
      ᠰᠣᠶᠣᠯ᠎ᠤᠨ ᠦᠢ᠍ᠯᠡᠴᠢᠯᠡᠭᠡᠨ᠎ᠤ ᠦᠢ᠍ᠯᠡᠰ ᠲᠣᠭᠲᠠᠭᠤᠨ ᠵᠶ᠋ᠠᠷ ᠨᠡᠮᠡᠭᠳᠡᠵᠦ᠂ ᠰᠣᠶᠣᠯ ᠴᠡᠩᠭᠡᠯ᠎ᠤᠨ ᠠᠵᠢᠯ ᠲᠥᠷᠥᠯ᠎ᠤᠨ ᠰᠠᠢ᠌ᠵᠢᠷᠠᠯᠲᠠ ᠵᠢᠨ ᠳᠠᠢ᠌ᠴᠢᠯᠠᠯᠲᠠ ᠢᠯᠡᠳᠲᠡ ᠪᠣᠯᠪᠠ᠃ ᠲᠦᠷᠦᠭᠦᠸ᠋ ᠬᠠᠭ᠋ᠠᠰ ᠵᠢᠯ᠎ᠳᠤ᠂ ᠰᠣᠶᠣᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠡᠵᠡᠩᠨᠡᠯᠲᠡ ᠵᠢᠨ ᠣᠷᠣᠯᠭ᠎ᠠ 25.4 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 20.5%᠎ᠪᠠᠷ ᠨᠡᠮᠡᠭᠳᠡᠨ᠂ ᠨᠡᠮᠡᠭᠳᠡᠯ᠎ᠤᠨ ᠬᠤᠷᠳᠤᠴᠠ᠎ᠨᠢ ᠨᠢᠭᠡᠳᠦᠭᠡᠷ ᠤᠯᠠᠷᠢᠯ᠎ᠤᠨ᠎ᠬᠢ᠎ᠠᠴᠠ 6.2 ᠵᠠᠭᠤᠨ᠎ᠤ ᠨᠢᠭᠡᠴᠢ ᠲᠦᠷᠭᠡᠨ ᠪᠣᠯᠵᠤ᠂ ᠪᠥᠬᠥ ᠤᠯᠤᠰ᠎ᠤᠨ ᠳᠤᠮᠳᠠᠴᠢ ᠬᠢᠷᠢ ᠲᠦᠪᠰᠢᠨ᠎ᠠᠴᠠ 5.6 ᠵᠠᠭᠤᠨ᠎ᠤ ᠨᠢᠭᠡᠴᠢ ᠥᠨᠳᠥᠷ ᠪᠣᠯᠵᠠᠢ᠃
ᠪᠥᠬᠥ ᠣᠷᠣᠨ᠎ᠤ ᠡᠯ᠎ᠡ ᠠᠢ᠌ᠮᠠᠭ ᠬᠣᠲᠠ ᠵᠢᠨ ᠰᠣᠶᠣᠯ᠎ᠤᠨ ᠠᠵᠤ ᠠᠬᠤᠢ᠌ᠯᠠᠯ᠎ᠤᠨ ᠡᠵᠡᠩᠨᠡᠯᠲᠡ ᠵᠢᠨ ᠣᠷᠣᠯᠭ᠎ᠠ ᠵᠢᠨ ᠨᠡᠮᠡᠭᠳᠡᠯ ᠨᠡᠢ᠌ᠳᠡᠮ ᠎ᠳᠤ᠎ᠪᠠᠨ ᠨᠡᠯᠢᠶᠡᠳ ᠲᠦᠷᠭᠡᠨ ᠪᠠᠢ᠌ᠵᠤ᠂ ᠡᠭᠦᠨ᠎ᠳᠤ ᠨᠡᠮᠡᠭᠳᠡᠯ᠎ᠤᠨ ᠬᠤᠷᠳᠤᠴᠠ ᠵᠢᠨ ᠡᠮᠦᠨ᠎ᠡ ᠭᠤᠷᠪᠠ᠎ᠳᠤ ᠣᠷᠣᠭᠰᠠᠨ ᠠᠢ᠌ᠮᠠᠭ ᠬᠣᠲᠠ᠎ᠨᠢ᠄ ᠠᠯᠠᠱ᠌ᠠ ᠠᠢ᠌ᠮᠠᠭ ᠠᠳᠠᠯᠢ ᠬᠤᠭᠤᠴᠠᠭ᠋ᠠᠨ᠎ᠤ᠎ᠬᠢ᠎ᠠᠴᠠ 1.1 ᠳᠠᠬᠢᠨ ᠨᠡᠮᠡᠭᠳᠡᠵᠦ᠂ ᠣᠷᠳᠣᠰ ᠬᠣᠲᠠ 63.4% ᠨᠡᠮᠡᠭᠳᠡᠵᠦ᠂ ᠤᠯᠠᠭ᠋ᠠᠨᠴᠠᠪ ᠬᠣᠲᠠ 57.0% ᠨᠡᠮᠡᠭᠳᠡᠪᠡ᠃
      ᠥᠪᠥᠷ ᠮᠣᠩᠭᠣᠯ᠎ᠤᠨ ᠬᠣᠷᠸ᠎ᠠ ᠠᠵᠤ ᠠᠬᠤᠢ ᠵᠢᠨ ᠰᠤᠳᠤᠯᠭ᠋ᠠᠨ᠎ᠤ ᠲᠥᠪ᠎ᠤᠨ ᠳᠡᠭᠡᠳᠦ ᠳᠡᠰ ᠎ᠤᠨ ᠠᠵᠤ ᠠᠬᠤᠢ᠌ᠴᠢ ᠼᠤᠤ ᠶᠦᠩ ᠫᠢᠩ  ᠂ ᠡᠨᠡ ᠵᠢᠯ᠎ᠠᠴᠠ ᠨᠠᠭ᠋ᠠᠰᠢ᠂ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠦᠢ᠍ᠯᠡᠰ᠎ᠤᠨ ᠪᠠᠢ᠌ᠳᠠᠯ ᠮᠠᠰᠢ ᠰᠠᠢ᠌ᠨ᠂ ᠬᠦᠴᠦᠷᠬᠡᠭ ᠶᠡᠬᠡ ᠠᠵᠤ ᠠᠬᠤᠢ ᠵᠢᠨ ᠳᠠᠢ᠌ᠴᠢᠯᠠᠯᠲᠠ ᠵᠢᠨ ᠴᠢᠳᠠᠪᠤᠷᠢ ᠵᠢ ᠢᠯᠡᠷᠡᠬᠦᠯᠵᠡᠢ; ᠣᠳᠣᠬᠠᠨ᠎ᠳᠤ ᠥᠪᠥᠷ ᠮᠣᠩᠭᠣᠯ᠎ᠤᠨ ᠰᠣᠶᠣᠯ᠎ᠤᠨ ᠠᠵᠤ ᠦᠢ᠍ᠯᠡᠰ ᠶᠠᠭ ᠬᠡᠯᠪᠡᠷᠢ᠎ᠪᠠᠨ ᠬᠤᠪᠢᠷᠠᠭᠤᠯᠵᠤ ᠪᠠᠢ᠌ᠨ᠎ᠠ᠂ ᠢᠷᠡᠭᠡᠳᠦᠢ᠎ᠳᠤ ᠨᠡᠩ ᠤᠯᠠᠨ ᠰᠣᠶᠣᠯ᠎ᠤᠨ ᠰᠢᠨ᠎ᠡ ᠡᠵᠡᠩᠨᠡᠯᠲᠡ ᠵᠢᠨ ᠬᠡᠯᠪᠡᠷᠢ ᠪᠠᠢ᠌ᠳᠠᠯ ᠢᠯᠡᠷᠡᠨ ᠭᠠᠷᠬᠤ ᠵᠢ ᠬᠦᠰᠡᠵᠦ ᠪᠠᠢ᠌ᠨ᠎ᠠ᠂ ᠵᠢᠱ᠌ᠢᠶᠡᠯᠡᠪᠡᠯ ᠣᠢ᠌ᠷ᠎ᠠ ᠵᠢᠨ ᠵᠢᠯ᠎ᠳᠤ ᠥᠷᠨᠢᠭᠰᠡᠨ ᠪᠡᠶᠡᠴᠢᠯᠡᠨ ᠤᠢ᠌ᠯᠠᠭ᠋ᠠᠬᠤ ᠮᠠᠶ᠋ᠢᠭ᠎ᠤᠨ ᠦᠵᠡᠰᠬᠦᠯᠡᠩ᠂ ᠲᠣᠭ᠋ᠠᠴᠢᠯᠠᠭᠰᠠᠨ ᠬᠡᠢ᠌ᠰᠪᠦᠷᠢ ᠦᠵᠡᠮᠵᠢ ᠵᠢᠨ ᠣᠷᠣᠨ᠂ 《ᠪᠠᠭ᠎ᠠ ᠮᠥᠷᠲᠡᠭᠡᠨ ᠰᠠᠢ᠌ᠬᠠᠨ》 ᠲᠣᠭᠯᠠᠯᠲᠠ ᠵᠢᠨ ᠰᠢᠨ᠎ᠡ ᠣᠷᠣᠨ ᠵᠠᠢ ᠵᠡᠷᠭᠡ ᠪᠣᠯᠣᠨ᠎ᠠ; ᠰᠢᠨ᠎ᠡ ᠡᠵᠡᠩᠨᠡᠯᠲᠡ ᠵᠢᠨ ᠬᠡᠯᠪᠡᠷᠢ ᠪᠠᠢ᠌ᠳᠠᠯ᠎ᠨᠢ ᠰᠣᠶᠣᠯ ᠵᠢᠭᠤᠯᠴᠢᠯᠠᠯ᠎ᠤᠨ ᠬᠡᠷᠡᠭᠯᠡᠭᠡᠨ᠎ᠤ ᠰᠢᠨ᠎ᠡ ᠠᠮᠢᠵᠢᠷᠠᠯ᠎ᠤᠨ ᠬᠦᠴᠦᠨ᠎ᠢ ᠤᠯᠠᠮ ᠴᠢᠨᠠᠭᠰᠢᠳᠠ ᠬᠥᠭᠵᠢᠭᠡᠬᠦ᠎ᠪᠠᠷ ᠪᠠᠷᠠᠬᠤ ᠦᠭᠡᠢ ᠪᠠᠰᠠ ᠬᠥᠮᠥᠰ᠎ᠲᠤ ᠰᠢᠨ᠎ᠡ ᠰᠣᠶᠣᠯ᠎ᠤᠨ ᠣᠢ᠌ᠯᠠᠭ᠋ᠠᠯᠲᠠ ᠵᠢ ᠣᠯᠭᠣᠵᠤ᠂ ᠬᠥᠮᠥᠰ᠎ᠤᠨ ᠰᠣᠶᠣᠯ᠎ᠤᠨ ᠵᠣᠯ ᠵᠢᠷᠭ᠋ᠠᠯᠲᠤ ᠲᠥᠷᠥᠭᠳᠡᠯ᠂ ᠬᠦᠷᠲᠡᠮᠵᠢ ᠵᠢᠨ ᠲᠥᠷᠥᠭᠳᠡᠯ᠎ᠢ ᠨᠡᠮᠡᠭᠳᠡᠭᠦᠯᠬᠦ ᠵᠢ ᠬᠦᠰᠡᠵᠦ ᠪᠠᠢ᠌ᠨ᠎ᠠ   ᠭᠡᠵᠦ ᠢᠯᠡᠷᠬᠡᠢ᠌ᠯᠡᠪᠡ᠃

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠲᠠᠢ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ᠎ᠳᠤ ᠰᠣᠶᠣᠯ ᠵᠢᠭᠤᠯᠴᠢᠯᠠᠯ᠎ᠤᠨ ᠬᠦᠴᠦᠨ ᠴᠢᠳᠠᠯ ᠵᠶ᠋ᠠᠨ ᠡᠷᠭᠦᠨ᠎ᠡ
ᠠᠷᠪᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠵᠢᠭᠤᠯᠴᠢᠯᠠᠯ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠣᠨ᠎ᠤ ᠬᠤᠷᠠᠯ ᠶᠠᠪᠤᠭᠳᠠᠪᠠ
ᠠᠷᠪᠠᠨ ᠨᠢᠭᠡᠳᠦᠭᠡᠷ ᠬᠤᠭᠤᠴᠠᠭ᠋ᠠᠨ᠎ᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠥᠷᠪᠡᠳᠦᠭᠡᠷ ᠡᠭᠡᠯᠵᠢ ᠵᠢᠨ ᠲᠣᠭᠣᠷᠢᠨ ᠪᠠᠢ᠌ᠴᠠᠭ᠋ᠠᠯᠲᠠ ᠵᠢᠨ ᠬᠠᠷᠢᠭᠤ ᠳᠤᠰᠬᠠᠯ ᠪᠡᠶᠡᠯᠡᠪᠡ
ᠠᠷᠪᠠᠨ ᠨᠢᠭᠡᠳᠦᠭᠡᠷ ᠬᠤᠭᠤᠴᠠᠭ᠋ᠠᠨ᠎ᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠥᠷᠪᠡᠳᠦᠭᠡᠷ ᠡᠭᠡᠯᠵᠢ ᠵᠢᠨ ᠲᠣᠭᠣᠷᠢᠨ ᠪᠠᠢ᠌ᠴᠠᠭ᠋ᠠᠯᠲᠠ ᠵᠢᠨ ᠬᠠᠷᠢᠭᠤ ᠳᠤᠰᠬᠠᠯ ᠪᠡᠶᠡᠯᠡᠪᠡ
ᠥᠪᠥᠷ ᠮᠣᠩᠭᠣᠯ᠎ᠠᠴᠠ ᠢᠷᠡᠭᠰᠡᠨ ᠮᠥᠰᠥ ᠴᠠᠰᠤᠨ᠎ᠤ ᠤᠷᠢᠯᠭ᠎ᠠ! ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠳᠠᠷᠤᠭ᠎ᠠ 《ᠪᠠᠷᠠᠭᠤᠨᠰᠢ ᠨᠢᠭᠡ ᠠᠯᠬᠤᠵᠤ ᠴᠠᠰᠤᠨ᠎ᠳᠤ ᠴᠠᠨᠠᠯᠠᠬᠤ᠎ᠪᠠᠷ ᠶᠠᠪᠤᠶ᠎ᠠ》 ᠭᠡᠵᠦ ᠳᠠᠢ᠌ᠴᠢᠯᠠᠪᠠ
 
            