ᠠᠷᠪᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠵᠢᠭᠤᠯᠴᠢᠯᠠᠯ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠣᠨ᠎ᠤ ᠬᠤᠷᠠᠯ ᠲᠦᠷᠦᠭᠦᠬᠡᠨ ᠵᠢᠶᠠᠩᠰᠢ ᠮᠤᠵᠢ ᠵᠢᠨ ᠭᠠᠨᠵᠸᠤ ᠬᠣᠲᠠ᠎ᠳᠤ ᠶᠠᠪᠤᠭᠳᠠᠪᠠ᠃ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠳᠡᠳ᠋ ᠰᠠᠢ᠌ᠳ ᠳ᠋ᠦ᠋ ᠵᠢᠶᠠᠩ᠂ ᠳᠤᠮᠳᠠᠳᠤ ᠤᠯᠤᠰ᠎ᠤᠨ ᠰᠣᠨᠢᠨ᠎ᠤ ᠦᠢ᠍ᠯᠡᠰ᠎ᠤᠨ ᠨᠡᠢ᠌ᠭᠡᠮᠯᠢᠭ᠎ᠤᠨ ᠬᠡᠷᠡᠭ ᠡᠷᠬᠢᠯᠡᠭᠴᠢᠳ᠎ᠤᠨ ᠳᠠᠷᠤᠭ᠎ᠠ ᠵᠠᠩ ᠵᠢᠶᠠᠨ ᠰᠢᠩ ᠨᠠᠷ ᠡᠬᠢᠯᠡᠯᠲᠡ ᠵᠢᠨ ᠶᠣᠰᠣᠯᠠᠯ᠎ᠳᠤ ᠣᠷᠣᠯᠴᠠᠵᠤ ᠪᠠᠶᠠᠷ᠎ᠤᠨ ᠦᠭᠡ ᠬᠡᠯᠡᠵᠡᠢ᠃
ᠲᠤᠰ ᠬᠤᠭᠤᠴᠠᠭ᠋ᠠᠨ᠎ᠤ ᠣᠨ᠎ᠤ ᠬᠤᠷᠠᠯ᠎ᠨᠢ ᠰᠢ ᠵᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠰᠢ ᠵᠢᠨ ᠫᠢᠩ ᠶᠡᠷᠦᠩᠬᠡᠢ ᠱᠦᠵᠢ ᠵᠢᠨ ᠰᠣᠶᠣᠯ ᠪᠠ ᠵᠢᠭᠤᠯᠴᠢᠯᠠᠯ᠎ᠤᠨ ᠠᠵᠢᠯ᠎ᠤᠨ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠲᠤᠭᠤᠰᠢᠯᠠᠭᠤᠯᠵᠤ᠂ 《ᠵᠢᠭᠤᠯᠴᠢᠯᠠᠯ᠎ᠤᠨ ᠬᠡᠷᠡᠭᠯᠡᠭᠡᠨ᠎ᠤ ᠳᠠᠯᠳᠠ ᠬᠦᠴᠦᠨ᠎ᠢ ᠪᠠᠳᠠᠷᠠᠭᠤᠯᠵᠤ ᠵᠢᠭᠤᠯᠴᠢᠯᠠᠯ᠎ᠤᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠲᠤᠬᠠᠢ ᠠᠷᠭ᠎ᠠ ᠬᠡᠮᠵᠢᠶ᠎ᠡ᠎ᠨᠦᠭᠦᠳ》 《ᠤᠯᠤᠰ᠎ᠤᠨ ᠳᠣᠲᠣᠭ᠋ᠠᠳᠤ ᠵᠢᠨ ᠵᠢᠭᠤᠯᠴᠢᠯᠠᠯ᠎ᠢ ᠳᠡᠭᠡᠭᠰᠢᠯᠡᠭᠦᠯᠬᠦ ᠲᠥᠯᠥᠪᠯᠡᠭᠡ (2023 — 2025 ᠣᠨ)》 ᠵᠢᠨ ᠱᠠᠭ᠋ᠠᠷᠳᠠᠯᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠤᠨ᠂ 《ᠬᠡᠷᠡᠭᠯᠡᠭᠡ ᠵᠢ ᠠᠬᠢᠭᠤᠯᠬᠤ᠂ ᠭᠦᠨᠵᠡᠭᠡᠢ ᠠᠭᠤᠰᠤᠯᠴᠠᠭᠤᠯᠬᠤ᠂ ᠬᠥᠭᠵᠢᠭᠦᠯᠬᠦ᠎ᠪᠠᠷ ᠴᠢᠷᠮᠠᠢ᠌ᠬᠤ》᠎ᠪᠠᠷ ᠭᠣᠣᠯ ᠰᠡᠳᠦᠪ ᠪᠣᠯᠭ᠋ᠠᠵᠤ᠂ ᠬᠥᠭᠵᠢᠯᠲᠡ ᠵᠢᠨ ᠬᠠᠮᠲᠤ ᠵᠢᠨ ᠲᠠᠨᠢᠯᠲᠠ ᠵᠢ ᠨᠢᠭᠲᠠᠷᠠᠭᠤᠯᠤᠨ᠂ ᠬᠥᠭᠵᠢᠯᠲᠡ ᠵᠢᠨ ᠠᠷᠭ᠎ᠠ ᠵᠠᠮ᠎ᠢ ᠬᠠᠢ᠌ᠨ ᠰᠦᠪᠡᠭᠴᠢᠯᠡᠵᠦ᠂ ᠠᠵᠢᠯ ᠲᠥᠷᠥᠯ᠎ᠤᠨ ᠵᠣᠷᠢᠭ ᠰᠠᠨᠠᠭ᠎ᠠ ᠵᠢ ᠪᠠᠳᠠᠷᠠᠭᠤᠯᠬᠤ᠎ᠪᠠᠷ ᠵᠤᠷᠢᠵᠠᠢ᠃
ᠣᠨ᠎ᠤ ᠬᠤᠷᠠᠯ᠎ᠤᠨ ᠬᠤᠭᠤᠴᠠᠭ᠋ᠠᠨ᠎ᠳᠤ᠂ ᠭᠣᠣᠯᠯᠠᠨ ᠡᠷᠬᠢᠯᠡᠭᠰᠡᠨ ᠲᠠᠯ᠎ᠠ ᠵᠢᠨ ᠬᠢᠨ 《ᠰᠣᠶᠣᠯ ᠵᠢᠭᠤᠯᠴᠢᠯᠠᠯ᠎ᠤᠨ ᠳᠠᠯᠳᠠ ᠬᠦᠴᠦᠨ᠎ᠢ ᠬᠥᠭᠵᠢᠭᠡᠵᠦ ᠬᠡᠷᠡᠭᠯᠡᠭᠡ ᠵᠢ ᠠᠬᠢᠭᠤᠯᠬᠤ》᠂ 《ᠵᠢᠭᠤᠯᠴᠢᠯᠠᠯ᠎ᠤᠨ ᠬᠠᠩᠭ᠋ᠠᠯᠭ᠎ᠠ ᠵᠢ ᠪᠠᠶᠠᠯᠢᠭᠵᠢᠭᠤᠯᠵᠤ ᠵᠢᠭᠤᠯᠴᠢᠯᠠᠯ᠎ᠤᠨ ᠣᠷᠣᠨ ᠵᠠᠢ ᠵᠢ ᠥᠷᠭᠡᠳᠬᠡᠬᠦ》᠂ 《ᠬᠥᠳᠡᠭᠡ ᠲᠣᠰᠬᠣᠨ᠎ᠤ ᠵᠢᠭᠤᠯᠴᠢᠯᠠᠯ᠎ᠤᠨ ᠰᠢᠨ᠎ᠡ ᠵᠢ ᠡᠭᠦᠳᠬᠦ ᠬᠥᠭᠵᠢᠯᠲᠡ》 ᠭᠡᠬᠦ 3 ᠲᠠᠯᠠᠪᠤᠷ ᠰᠣᠯᠢᠯᠴᠠᠭ᠋ᠠᠨ᠎ᠤ ᠠᠵᠢᠯᠯᠠᠭ᠎ᠠ ᠵᠢ ᠵᠣᠬᠢᠶᠠᠨ ᠪᠠᠢ᠌ᠭᠤᠯᠵᠤ᠂ ᠬᠤᠷᠠᠯ᠎ᠳᠤ ᠣᠷᠣᠯᠴᠠᠭᠰᠠᠨ ᠬᠡᠰᠡᠭ ᠵᠣᠴᠢᠳ᠎ᠢ ᠤᠷᠢᠨ 《ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠬᠥᠭᠵᠢᠭᠡᠵᠦ ᠳᠣᠲᠣᠭ᠋ᠠᠳᠤ ᠬᠡᠷᠡᠭᠴᠡᠭᠡ ᠵᠢ ᠥᠷᠭᠡᠳᠬᠡᠵᠦ ᠬᠡᠷᠡᠭᠯᠡᠭᠡ ᠵᠢ ᠠᠬᠢᠭᠤᠯᠬᠤ》᠂ 《ᠰᠢᠯᠢᠳᠡᠭ ᠵᠢᠭᠤᠯᠴᠢᠯᠠᠯ᠎ᠤᠨ ᠬᠠᠩᠭ᠋ᠠᠯᠭ᠎ᠠ ᠵᠢ ᠪᠠᠶᠠᠯᠢᠭᠵᠢᠭᠤᠯᠵᠤ᠂ ᠬᠡᠷᠡᠭᠯᠡᠭᠡ ᠵᠢᠨ ᠪᠠᠭᠲᠠᠭ᠋ᠠᠮᠵᠢ ᠵᠢ ᠥᠷᠭᠡᠳᠬᠡᠵᠦ ᠲᠡᠰ ᠳᠡᠪᠰᠢᠭᠦᠯᠬᠦ ᠵᠢ ᠠᠬᠢᠭᠤᠯᠬᠤ》᠂ 《ᠤᠯᠠᠨ ᠡᠰᠢᠲᠦ ᠡᠵᠡᠩᠨᠡᠯᠲᠡ ᠵᠢᠨ ᠬᠡᠯᠪᠡᠷᠢ ᠪᠠᠢ᠌ᠳᠠᠯ᠎ᠲᠠᠢ ᠬᠥᠳᠡᠭᠡ ᠲᠣᠰᠬᠣᠨ᠎ᠤ ᠵᠢᠭᠤᠯᠴᠢᠯᠠᠯ᠎ᠤᠨ ᠰᠢᠨ᠎ᠡ ᠪᠠᠢ᠌ᠷᠢᠰᠢᠯ᠎ᠢ ᠬᠡᠷᠬᠢᠨ ᠪᠤᠢ ᠪᠣᠯᠭ᠋ᠠᠬᠤ》 ᠭᠣᠣᠯ ᠰᠡᠳᠦᠪ᠎ᠤᠨ ᠲᠣᠭᠣᠷᠢᠨ᠎ᠳᠤ ᠭᠣᠣᠯ ᠰᠡᠳᠦᠪᠲᠦ ᠶᠠᠷᠢᠶ᠎ᠠ ᠢᠯᠡᠳᠬᠡᠯ ᠪᠠ ᠶᠠᠷᠢᠯᠴᠠᠭ᠎ᠠ ᠰᠣᠯᠢᠯᠴᠠᠭ᠎ᠠ ᠬᠢᠯᠭᠡᠪᠡ; ᠭᠣᠣᠯᠯᠠᠨ ᠡᠷᠬᠢᠯᠡᠭᠰᠡᠨ ᠲᠠᠯ᠎ᠠ ᠵᠢᠨ᠎ᠬᠢᠨ ᠪᠠᠰᠠ 《2023 ᠳᠤᠮᠳᠠᠳᠤ ᠤᠯᠤᠰ᠎ᠤᠨ ᠵᠢᠭᠤᠯᠴᠢᠯᠠᠯ᠎ᠤᠨ ᠠᠵᠤ ᠦᠢ᠍ᠯᠡᠰ᠎ᠤᠨ ᠨᠥᠯᠥᠭᠡᠯᠡᠬᠦ ᠬᠦᠴᠦᠨ᠎ᠤ ᠮᠡᠳᠡᠭᠦᠯᠦᠯᠲᠡ》᠂ ᠳᠤᠮᠳᠠᠳᠤ ᠤᠯᠤᠰ᠎ᠤᠨ ᠰᠣᠶᠣᠯ ᠵᠢᠭᠤᠯᠴᠢᠯᠠᠯ ᠢ ᠤᠯᠠᠨ ᠤᠯᠤᠰ ᠲᠤ ᠤᠬᠠᠭᠤᠯᠤᠨ ᠳᠡᠯᠭᠡᠷᠡᠬᠦᠯᠬᠦ ᠦᠢ᠍ᠯᠡᠴᠢᠯᠡᠭᠡᠨ᠎ᠤ ᠲᠥᠯᠥᠪᠯᠡᠭᠡ ᠵᠢ ᠨᠡᠢ᠌ᠲᠡᠯᠡᠵᠦ᠂ 《2023 ᠳᠤᠮᠳᠠᠳᠤ ᠤᠯᠤᠰ᠎ᠤᠨ ᠵᠢᠭᠤᠯᠴᠢᠯᠠᠯ᠎ᠤᠨ ᠠᠵᠤ ᠦᠢ᠍ᠯᠡᠰ᠎ᠤᠨ ᠨᠥᠯᠥᠭᠡᠯᠡᠬᠦ ᠬᠦᠴᠦᠨ᠎ᠤ ᠬᠡᠷᠡᠭ᠎ᠤᠨ ᠵᠢᠱ᠌ᠢᠶ᠎ᠡ》 ᠵᠢ ᠵᠠᠷᠯᠠᠵᠤ᠂ 《ᠤᠳᠤᠨ ᠣᠭᠲᠠᠷᠭᠤᠢ ᠵᠢᠨ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠤᠨ ᠬᠥᠭᠵᠢᠯᠲᠡ ᠰᠣᠯᠢᠯᠴᠠᠭ᠋ᠠᠨ᠎ᠤ ᠠᠵᠢᠯᠯᠠᠭ᠎ᠠ ᠵᠢᠴᠢ ᠤᠳᠤᠨ ᠣᠭᠲᠠᠷᠭᠤᠢ ᠵᠢᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠤᠷᠠᠯᠢᠭ᠎ᠤᠨ ᠤᠯᠠᠷᠢᠯ》᠂ 《ᠳᠠᠭᠤᠤ ᠬᠥᠭᠵᠢᠮ᠎ᠤᠨ ᠳᠤᠮᠳᠠᠳᠤ ᠤᠯᠤᠰ᠎ᠤᠨ ᠠᠶᠠᠯᠠᠯ》 ᠤᠨ ᠲᠦᠷᠦᠯ ᠵᠦᠢ᠍ᠯ᠎ᠢ ᠡᠬᠢᠯᠡᠭᠦᠯᠵᠡᠢ᠃ (ᠹᠠᠨ ᠴᠤᠤ ᠡᠾᠦ᠋ᠢ᠂ ᠬᠤᠸᠠᠩ ᠭᠤᠤ ᠶᠤᠸᠠᠨ᠂ ᠨᠢᠦ ᠵᠢᠶᠠ ᠰᠢᠨ)