ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠠᠷᠪᠠᠨ ᠨᠢᠭᠡᠳᠦᠭᠡᠷ ᠬᠤᠭᠤᠴᠠᠭ᠋ᠠᠨ᠎ᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠥᠷᠪᠡᠳᠦᠭᠡᠷ ᠡᠭᠡᠯᠵᠢ ᠵᠢᠨ ᠲᠣᠭᠣᠷᠢᠨ ᠪᠠᠢ᠌ᠴᠠᠭ᠋ᠠᠯᠲᠠ ᠵᠢᠨ ᠬᠠᠷᠢᠭᠤ ᠳᠤᠰᠬᠠᠯ ᠪᠡᠶᠡᠯᠡᠪᠡ
ᠨᠡᠶᠢᠲᠡᠯᠡᠭᠰᠡᠨ ᠴᠠᠭ᠄ 2024-12-29

    ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠷᠢᠯᠠᠭᠤᠯᠤᠯᠲᠠ ᠶᠣᠰᠣᠭ᠋ᠠᠷ᠂ ᠠᠷᠪᠠᠨ ᠨᠢᠭᠡᠳᠦᠭᠡᠷ ᠬᠤᠭᠤᠴᠠᠭ᠋ᠠᠨ᠎ᠤ ᠨᠠᠮ᠎ᠤᠨ ᠬᠣᠷᠢᠶ᠎ᠠ ᠵᠢᠨ ᠳᠥᠷᠪᠡᠳᠦᠭᠡᠷ ᠡᠭᠡᠯᠵᠢ ᠵᠢᠨ ᠲᠣᠭᠣᠷᠢᠨ ᠪᠠᠢ᠌ᠴᠠᠭ᠋ᠠᠵᠤ ᠬᠠᠷᠢᠭᠤ ᠲᠤᠰᠬᠠᠬᠤ ᠠᠵᠢᠯ ᠣᠢ᠌ᠷ᠎ᠠ ᠵᠢᠨ ᠡᠳᠦᠷ ᠪᠦᠭᠦᠳᠡ ᠲᠡᠭᠦᠰᠪᠡ᠃ 2 ᠲᠣᠭᠣᠷᠢᠨ ᠪᠠᠢ᠌ᠴᠠᠭ᠋ᠠᠬᠤ ᠳᠤᠭᠤᠢ᠌ᠯᠠᠩ᠎ᠤᠨ᠎ᠬᠢᠨ 12 ᠠᠢ᠌ᠮᠠᠭ ᠬᠤᠳᠠ᠎ᠳᠤ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯ᠎ᠤᠨ ᠲᠤᠰᠬᠠᠢ ᠲᠣᠭᠣᠷᠢᠨ ᠪᠠᠢ᠌ᠴᠠᠭ᠋ᠠᠭᠰᠠᠨ ᠪᠠᠢ᠌ᠳᠠᠯ᠎ᠢ ᠬᠠᠷᠢᠭᠤ ᠲᠤᠰᠬᠠᠵᠤ᠂ 12 ᠲᠣᠭᠣᠷᠢᠨ ᠪᠠᠢ᠌ᠴᠠᠭ᠋ᠠᠬᠤ ᠳᠤᠭᠤᠢ᠌ᠯᠠᠩ᠎ᠤᠨ᠎ᠬᠢᠨ 24 ᠣᠷᠣᠨ᠎ᠤ ᠰᠢᠭᠤᠳ ᠬᠠᠷᠢᠶ᠎ᠠ ᠪᠠᠢ᠌ᠭᠤᠯᠭ᠎ᠠ ᠨᠢᠭᠡᠴᠢ ᠪᠣᠯᠣᠨ ᠶᠡᠬᠡ ᠳᠡᠭᠡᠳᠦ ᠰᠤᠷᠭ᠋ᠠᠭᠤᠯᠢ᠎ᠳᠤ ᠪᠠᠢ᠌ᠩᠭᠤ ᠵᠢᠨ ᠲᠣᠭᠣᠷᠢᠨ ᠪᠠᠢ᠌ᠴᠠᠭ᠋ᠠᠭᠰᠠᠨ ᠪᠠᠢ᠌ᠳᠠᠯ᠎ᠢ ᠬᠠᠷᠢᠭᠤ ᠲᠤᠰᠬᠠᠵᠠᠢ᠃ ᠲᠣᠭᠣᠷᠢᠨ ᠪᠠᠢ᠌ᠴᠠᠭ᠋ᠠᠬᠤ ᠠᠵᠢᠯ᠎ᠤᠨ ᠲᠣᠬᠢᠷᠠᠭᠤᠯᠤᠯᠲᠠ᠎ᠳᠤ ᠦᠨᠳᠦᠰᠦᠯᠡᠨ᠂ ᠲᠣᠭᠣᠷᠢᠨ ᠪᠠᠢ᠌ᠴᠠᠭ᠋ᠠᠭᠳᠠᠬᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠵᠢᠨ ᠲᠤᠰᠬᠠᠢ ᠰᠡᠳᠦᠪᠲᠦ ᠬᠤᠷᠠᠯ ᠳᠡᠭᠡᠷ᠎ᠡ ᠲᠣᠭᠣᠷᠢᠨ ᠪᠠᠢ᠌ᠴᠠᠭ᠋ᠠᠭᠰᠠᠨ ᠶᠡᠷᠦᠩᠬᠡᠢ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠬᠤ ᠦᠶ᠎ᠡ ᠵᠢᠨ ᠬᠣᠯᠪᠣᠭᠳᠠᠯ ᠪᠦᠬᠦᠢ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠪᠠ᠃
      ᠲᠣᠭᠣᠷᠢᠨ ᠪᠠᠢ᠌ᠴᠠᠭ᠋ᠠᠯᠲᠠ ᠵᠢᠨ ᠬᠠᠷᠢᠭᠤ ᠳᠤᠰᠬᠠᠭᠰᠠᠨ᠎ᠨᠢ᠂ ᠣᠢ᠌ᠷ᠎ᠠ ᠵᠢᠨ ᠵᠢᠯ᠎ᠠᠴᠠ ᠨᠠᠭ᠋ᠠᠰᠢ᠂ ᠡᠯ᠎ᠡ ᠠᠢ᠌ᠮᠠᠭ ᠬᠤᠳᠠ ᠵᠢᠨ᠎ᠬᠢᠨ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠦᠯᠦᠪᠵᠢᠭᠦᠯᠦᠨ᠂ ᠠᠮᠤᠷ ᠲᠦᠪᠰᠢᠨ᠎ᠤ ᠠᠶᠤᠯ ᠲᠦᠭᠰᠢᠭᠦᠷᠢ ᠵᠢᠨ ᠭᠡᠮ ᠰᠣᠭᠣᠭ᠎ᠢ ᠬᠦᠴᠦᠯᠡᠨ ᠰᠡᠷᠭᠡᠢ᠌ᠯᠡᠨ ᠠᠷᠢᠯᠭ᠋ᠠᠵᠤ᠂ ᠭᠣᠣᠯᠳᠠᠯᠭ᠎ᠠ᠎ᠲᠠᠢ ᠬᠦᠷᠢᠶᠡᠨ᠎ᠤ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠵᠢ ᠴᠢᠩᠭ᠋ᠠᠳᠬᠠᠨ᠂ ᠠᠶᠤᠯ ᠦᠭᠡᠢ ᠦᠢ᠍ᠯᠡᠳᠪᠦᠷᠢᠯᠡᠯ᠎ᠤᠨ ᠶᠡᠬᠡ ᠪᠠᠢ᠌ᠴᠠᠭ᠋ᠠᠯᠲᠠ ᠶᠡᠬᠡ ᠴᠡᠭᠴᠡᠯᠡᠨ ᠵᠠᠰᠠᠯᠲᠠ ᠵᠢ ᠠᠬᠢᠭᠤᠯᠬᠤ ᠲᠠᠯ᠎ᠠ᠎ᠪᠠᠷ ᠢᠳᠡᠪᠬᠢᠲᠡᠢ ᠠᠬᠢᠴᠠ᠎ᠲᠠᠢ ᠪᠣᠯᠪᠠ; ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢ᠌ᠭᠤᠯᠤᠯᠭ᠎ᠠ ᠨᠢᠭᠡᠴᠢ ᠪᠣᠯᠣᠨ ᠳᠡᠭᠡᠳᠦ ᠰᠤᠷᠭ᠋ᠠᠭᠤᠯᠢ᠎ᠨᠤᠭᠤᠳ ᠡᠭᠦᠷᠭᠡ ᠴᠢᠳᠠᠪᠤᠷᠢ ᠵᠢᠨ ᠬᠠᠷᠢᠭᠤᠴᠠᠯᠭ᠎ᠠ᠎ᠪᠠᠨ ᠨᠠᠷᠢᠨ ᠬᠢᠨᠠᠮᠠᠭ᠋ᠠᠢ ᠭᠦᠢ᠍ᠴᠡᠳᠬᠡᠵᠦ᠂ ᠶᠡᠬᠡ ᠲᠠᠯ᠎ᠠ ᠵᠢ ᠪᠣᠳᠣᠯᠬᠢᠯᠠᠨ ᠴᠢᠬᠤᠯᠠ ᠶᠡᠬᠡ ᠡᠭᠦᠷᠭᠡ ᠵᠢᠨ ᠨᠠᠢ᠌ᠳᠠᠪᠤᠷᠢᠵᠢᠭᠤᠯᠤᠯᠲᠠ ᠵᠢ   ᠠᠬᠢᠭᠤᠯᠤᠨ᠂ ᠨᠠᠮ᠎ᠢ ᠬᠠᠮᠢᠶᠠᠷᠴᠤ ᠨᠠᠮ᠎ᠢ ᠵᠠᠰᠠᠬᠤ ᠬᠠᠷᠢᠭᠤᠴᠠᠯᠭ᠎ᠠ ᠵᠢ ᠴᠢᠩᠭ᠋ᠠᠷᠠᠭᠤᠯᠵᠤ᠂ ᠡᠯ᠎ᠡ ᠵᠦᠢ᠍ᠯ᠎ᠤᠨ ᠠᠵᠢᠯ᠎ᠳᠤ ᠰᠢᠨ᠎ᠡ ᠠᠬᠢᠴᠠ᠎ᠲᠠᠢ ᠪᠣᠯᠪᠠ᠃
      ᠲᠣᠭᠣᠷᠢᠨ ᠪᠠᠢ᠌ᠴᠠᠭ᠋ᠠᠯᠲᠠ ᠵᠢᠨ ᠬᠠᠷᠢᠭᠤ ᠲᠤᠰᠬᠠᠯ ᠪᠠᠰᠠ ᠣᠷᠣᠰᠢᠵᠤ ᠪᠠᠢ᠌ᠭ᠎ᠠ ᠠᠰᠠᠭᠤᠳᠠᠯ᠎ᠢ ᠵᠢᠭ᠋ᠠᠵᠤ ᠭᠠᠷᠭ᠋ᠠᠪᠠ᠃ ᠲᠤᠰᠬᠠᠢ ᠵᠦᠢ᠍ᠯ᠎ᠤᠨ ᠲᠣᠭᠣᠷᠢᠨ ᠪᠠᠢ᠌ᠴᠠᠭ᠋ᠠᠯᠲᠠ ᠵᠢᠨ ᠪᠠᠢ᠌ᠳᠠᠯ᠎ᠠᠴᠠ ᠦᠵᠡᠪᠡᠯ᠂ ᠵᠠᠷᠢᠮ᠎ᠨᠢ ᠡᠯ᠎ᠡ ᠱᠠᠲᠤ ᠳᠠᠪᠬᠤᠷᠭ᠎ᠠ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ ᠪᠦᠬᠦ ᠬᠡᠯᠬᠢᠶ᠎ᠡ᠎ᠪᠠᠷ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯ᠎ᠢ ᠰᠠᠢ᠌ᠲᠤᠷ ᠠᠳᠬᠤᠬᠤ᠎ᠳᠤ ᠬᠦᠴᠦ ᠣᠷᠣᠭᠤᠯᠬᠤ ᠴᠢᠬᠤᠯᠠᠲᠠᠢ; ᠵᠠᠷᠢᠮ᠎ᠨᠢ ᠬᠢᠨᠠᠨ ᠬᠠᠮᠢᠶᠠᠷᠬᠤ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ᠂ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ ᠵᠢ ᠭᠦᠨᠵᠡᠭᠡᠢ᠌ᠷᠡᠭᠦᠯᠬᠦ ᠲᠠᠯ᠎ᠠ᠎ᠪᠠᠷ ᠡᠷᠴᠢᠮ ᠵᠶ᠋ᠡᠨ ᠴᠢᠩᠭ᠋ᠠᠷᠠᠭᠤᠯᠬᠤ ᠴᠢᠬᠤᠯᠠᠲᠠᠢ; ᠵᠠᠷᠢᠮ᠎ᠨᠢ ᠴᠡᠭᠴᠡᠯᠡᠨ ᠰᠠᠢ᠌ᠵᠢᠷᠠᠭᠤᠯᠵᠤ ᠨᠠᠢ᠌ᠳᠠᠪᠤᠷᠢᠵᠢᠭᠤᠯᠬᠤ ᠵᠢ ᠱᠠᠯᠠᠪᠳᠠᠭᠤᠯᠬᠤ᠂ ᠠᠰᠠᠭᠤᠳᠠᠯ ᠭᠡᠮ ᠰᠣᠭᠣᠭ᠎ᠢ ᠴᠡᠭᠴᠡᠯᠡᠨ ᠵᠠᠰᠠᠬᠤ ᠵᠢ ᠠᠬᠢᠭᠤᠯᠬᠤ ᠲᠠᠯ᠎ᠠ᠎ᠪᠠᠷ ᠬᠦᠴᠦᠯᠡᠬᠦ ᠴᠢᠬᠤᠯᠠᠲᠠᠢ; ᠵᠠᠷᠢᠮ᠎ᠨᠢ ᠠᠵᠢᠯ᠎ᠤᠨ ᠳᠤᠲᠠᠭᠤᠳᠠᠯ᠎ᠢ ᠨᠥᠬᠥᠪᠦᠷᠢᠯᠡᠬᠦ᠂ ᠡᠬᠢ ᠡᠭᠦᠰᠦᠯ᠎ᠠᠴᠠ᠎ᠨᠢ ᠵᠠᠰᠠᠬᠤ ᠵᠢ ᠴᠢᠩᠭ᠋ᠠᠳᠬᠠᠬᠤ ᠲᠠᠯ᠎ᠠ᠎ᠪᠠᠷ ᠴᠢᠷᠮᠠᠢ᠌ᠬᠤ ᠴᠢᠬᠤᠯᠠᠲᠠᠢ ᠪᠠᠢ᠌ᠨ᠎ᠠ᠃ ᠪᠠᠢ᠌ᠩᠭᠤ ᠵᠢᠨ ᠲᠣᠭᠣᠷᠢᠨ ᠪᠠᠢ᠌ᠴᠠᠭ᠋ᠠᠯᠲᠠ ᠵᠢᠨ ᠪᠠᠢ᠌ᠳᠠᠯ᠎ᠠᠴᠠ ᠦᠵᠡᠪᠡᠯ᠂ ᠵᠠᠷᠢᠮ᠎ᠨᠢ ᠤᠯᠤᠰ ᠲᠦᠷᠦ ᠵᠢᠨ ᠪᠠᠢ᠌ᠭᠤᠯᠤᠯᠲᠠ ᠵᠢ ᠴᠢᠩᠭ᠋ᠠᠳᠬᠠᠬᠤ ᠲᠠᠯ᠎ᠠ᠎ᠪᠠᠷ ᠬᠦᠷᠦᠯᠴᠡᠬᠦ ᠦᠭᠡᠢ; ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠪᠠᠢ᠌ᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠠᠭ᠋ᠠᠷᠳᠠᠯᠭ᠎ᠠ ᠵᠢ   ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠲᠠᠯ᠎ᠠ᠎ᠪᠠᠷ ᠵᠥᠷᠢᠶ᠎ᠡ᠎ᠲᠠᠢ; ᠵᠠᠷᠢᠮ᠎ᠨᠢ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠎ᠳᠤ ᠠᠩᠬᠠᠷᠤᠯ ᠵᠶ᠋ᠠᠨ ᠲᠦᠪᠯᠡᠷᠡᠭᠦᠯᠬᠦ ᠲᠠᠯ᠎ᠠ᠎ᠪᠠᠷ ᠡᠭᠦᠷᠭᠡ ᠴᠢᠳᠠᠪᠤᠷᠢ ᠵᠢᠨ ᠦᠢ᠍ᠯᠡᠳᠦᠯ ᠵᠶ᠋ᠡᠨ ᠭᠦᠢ᠍ᠴᠡᠳ ᠪᠠᠳᠠᠷᠠᠭᠤᠯᠤᠭᠰᠠᠨ ᠦᠭᠡᠢ᠂ ᠭᠣᠣᠯᠳᠠᠯᠭ᠎ᠠ᠎ᠲᠠᠢ ᠠᠵᠢᠯ᠎ᠢ ᠠᠬᠢᠭᠤᠯᠬᠤ᠎ᠳᠤ ᠦᠷᠭᠦᠯᠵᠢᠯᠡᠨ ᠬᠦᠴᠦ ᠨᠡᠮᠡᠬᠦ ᠴᠢᠬᠤᠯᠠᠲᠠᠢ ᠪᠠᠢ᠌ᠨ᠎ᠠ; ᠵᠠᠷᠢᠮ᠎ᠨᠢ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠬᠠᠷᠢᠭᠤᠴᠠᠯᠭ᠎ᠠ ᠵᠢ ᠪᠣᠳᠠᠲᠠᠢ ᠨᠠᠢ᠌ᠳᠠᠪᠤᠷᠢᠵᠢᠭᠤᠯᠤᠭᠰᠠᠨ ᠵᠶ᠋ᠠᠷ ᠬᠦᠷᠦᠯᠴᠡᠬᠦ ᠦᠭᠡᠢ᠂ ᠳᠠᠷᠤᠯᠲᠠ ᠵᠢ ᠭᠦᠢ᠍ᠴᠡᠳ ᠳᠠᠮᠵᠢᠭᠤᠯᠤᠭᠰᠠᠨ ᠦᠭᠡᠢ;        《ᠲᠦᠷᠪᠡᠨ ᠰᠤᠷᠲᠠᠯ》᠎ᠤᠨ ᠠᠰᠠᠭᠤᠳᠠᠯ ᠮᠦᠨ ᠬᠦ᠌ ᠡᠭᠦᠰᠴᠦ᠂ 《ᠤᠳᠠᠭ᠋ᠠᠨ》᠂ 《ᠪᠦᠳᠦᠭᠦᠯᠢᠭ》᠂ 《ᠬᠡᠢ᠌ᠰᠪᠦᠷᠢ》 ᠬᠡᠯᠪᠡᠷᠢᠯ ᠪᠠᠢ᠌ᠨ ᠪᠠᠢ᠌ᠨ ᠢᠯᠡᠷᠡᠵᠦ ᠪᠠᠢ᠌ᠨ᠎ᠠ; ᠵᠠᠷᠢᠮ ᠺᠠᠳ᠋ᠷ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ᠎ᠳᠤ ᠪᠠᠭᠤᠷᠠᠢ ᠭᠣᠭᠴᠣᠭ᠎ᠠ ᠣᠷᠣᠰᠢᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠤᠯᠤᠰ ᠲᠦᠷᠦ ᠵᠢᠨ ᠴᠢᠳᠠᠮᠵᠢ ᠵᠢ ᠮᠥᠨ ᠯᠡ ᠴᠢᠩᠭ᠋ᠠᠳᠬᠠᠬᠤ ᠴᠢᠬᠤᠯᠠᠲᠠᠢ ᠪᠠᠢ᠌ᠨ᠎ᠠ᠃
      ᠬᠠᠷᠢᠭᠤ ᠳᠤᠰᠬᠠᠯ ᠱᠠᠭ᠋ᠠᠷᠳᠠᠭᠰᠠᠨ᠎ᠨᠢ᠂ ᠲᠣᠭᠣᠷᠢᠨ ᠪᠠᠢ᠌ᠴᠠᠭ᠋ᠠᠯᠲᠠ ᠵᠢ ᠬᠦᠯᠢᠶᠡᠭᠰᠡᠨ ᠨᠠᠮ᠎ᠤᠨ ᠵᠣᠬᠢᠶᠠᠨ ᠪᠠᠢ᠌ᠭᠤᠯᠤᠯᠲᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠦᠵᠢ ᠵᠢᠨ ᠲᠤᠰᠬᠠᠢ ᠰᠡᠳᠦᠪᠲᠦ ᠬᠤᠷᠠᠯ᠎ᠤᠨ ᠵᠣᠷᠢᠭ ᠰᠠᠨᠠᠭ᠎ᠠ ᠣᠨᠴᠠᠭ᠋ᠠᠢ᠌ᠯᠠᠨ ᠰᠦᠨ ᠱᠤᠤ ᠴᠧᠩ ᠱᠦᠵᠢ ᠵᠢᠨ ᠶᠠᠷᠢᠶᠠᠨ᠎ᠤ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠴᠡᠭᠴᠡᠯᠡᠨ ᠰᠠᠢ᠌ᠵᠢᠷᠠᠭᠤᠯᠬᠤ ᠤᠯᠤᠰ ᠲᠦᠷᠦ ᠵᠢᠨ ᠬᠠᠷᠢᠭᠤᠴᠠᠯᠭ᠎ᠠ ᠵᠢ ᠰᠢᠭᠤᠷᠬᠠᠢ ᠡᠭᠦᠷᠭᠡᠯᠡᠨ᠂ ᠬᠠᠷᠢᠭᠤ ᠲᠤᠰᠬᠠᠭᠰᠠᠨ ᠰᠠᠨᠠᠯ᠎ᠢ ᠴᠢᠩᠭ᠎ᠠ ᠬᠠᠷᠢᠴᠠᠭᠤᠯᠵᠤ᠂ ᠠᠰᠠᠭᠤᠳᠠᠯ᠎ᠤᠨ ᠨᠠᠷᠢᠨ ᠳᠠᠩᠰᠠ᠂ ᠡᠭᠦᠷᠭᠡ ᠵᠢᠨ ᠨᠠᠷᠢᠨ ᠳᠠᠩᠰᠠ ᠪᠣᠯᠣᠨ ᠬᠠᠷᠢᠭᠤᠴᠠᠯᠭ᠎ᠠ ᠵᠢᠨ ᠨᠠᠷᠢᠨ ᠳᠠᠩᠰᠠ ᠵᠢ ᠪᠠᠢ᠌ᠭᠤᠯᠵᠤ᠂ ᠴᠡᠭᠴᠡᠯᠡᠨ ᠰᠠᠢ᠌ᠵᠢᠷᠠᠭᠤᠯᠬᠤ ᠠᠵᠢᠯ᠎ᠢ ᠴᠢᠩᠭ᠎ᠠ ᠪᠣᠳᠠᠲᠠᠢ ᠰᠠᠢ᠌ᠲᠤᠷ ᠠᠳᠬᠤᠬᠤ ᠬᠡᠷᠡᠭᠲᠡᠢ᠃ ᠡᠯ᠎ᠡ ᠠᠢ᠌ᠮᠠᠭ ᠬᠤᠳᠠ᠎ᠨᠤᠭᠤᠳ ᠬᠦᠯᠢᠶᠡᠵᠦ ᠪᠣᠯᠬᠤ ᠦᠭᠡᠢ᠂ ᠤᠳᠠᠵᠤ ᠪᠣᠯᠬᠤ ᠦᠭᠡᠢ ᠲᠤᠯᠭ᠋ᠠᠮ ᠪᠤᠳᠤᠯ ᠵᠶ᠋ᠠᠷ ᠠᠶᠤᠯ ᠦᠭᠡᠢ ᠦᠢ᠍ᠯᠡᠳᠪᠦᠷᠢᠯᠡᠯ᠎ᠤᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠵᠢ ᠲᠦᠯᠬᠢᠨ ᠠᠬᠢᠭᠤᠯᠵᠤ᠂ ᠭᠣᠣᠯᠳᠠᠯᠭ᠎ᠠ᠎ᠲᠠᠢ ᠬᠦᠷᠢᠶ᠎ᠡ ᠪᠣᠯᠣᠨ ᠭᠣᠣᠯᠳᠠᠯᠭ᠎ᠠ᠎ᠲᠠᠢ ᠠᠵᠢᠯ ᠳᠦᠷᠦᠯ᠎ᠢ ᠴᠢᠩᠭ᠎ᠠ ᠠᠩᠬᠠᠷᠴᠤ᠂ ᠡᠯ᠎ᠡ ᠳᠦᠷᠦᠯ᠎ᠤᠨ ᠠᠶᠤᠯ ᠲᠦᠭᠰᠢᠭᠦᠷᠢ ᠵᠢᠨ ᠲᠠᠯᠳᠠ ᠭᠡᠮ ᠰᠤᠭᠤᠭ᠎ᠢ ᠪᠦᠬᠦ ᠲᠠᠯ᠎ᠠ᠎ᠪᠠᠷ ᠵᠢᠭᠰᠠᠭ᠋ᠠᠨ ᠪᠠᠢ᠌ᠴᠠᠭ᠋ᠠᠵᠤ ᠠᠷᠢᠯᠭ᠋ᠠᠨ᠂ ᠠᠰᠠᠭᠤᠳᠠᠯ᠎ᠢ ᠵᠦᠢ᠍ᠯ ᠵᠤᠷᠪᠤᠰ ᠵᠶ᠋ᠡᠷ ᠳᠠᠷᠠᠭ᠋ᠠᠯᠠᠭᠤᠯᠤᠨ ᠰᠢᠢ᠍ᠳᠪᠦᠷᠢᠯᠡᠵᠦ᠂ ᠳᠠᠨᠭ᠌ᠰᠠ᠎ᠲᠠᠢ ᠬᠠᠷᠭᠤᠭᠤᠯᠤᠨ ᠳ᠋ᠤᠭ᠋ᠠᠷ ᠬᠠᠰᠤᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢ᠌ᠭᠤᠯᠭ᠎ᠠ ᠨᠢᠭᠡᠴᠢ ᠪᠣᠯᠣᠨ ᠶᠡᠬᠡ ᠳᠡᠭᠡᠳᠦ ᠰᠤᠷᠭ᠋ᠠᠭᠤᠯᠢ᠎ᠨᠤᠭᠤᠳ ᠲᠣᠭᠣᠷᠢᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠵᠢ ᠠᠵᠢᠯ ᠵᠶ᠋ᠠᠨ ᠬᠠᠯᠠᠨ ᠰᠠᠢ᠌ᠵᠢᠷᠠᠭᠤᠯᠵᠤ᠂ ᠨᠠᠮ᠎ᠢ ᠬᠠᠮᠢᠶᠠᠷᠴᠤ ᠨᠠᠮ᠎ᠢ ᠵᠠᠰᠠᠬᠤ ᠵᠢ ᠴᠢᠩᠭ᠋ᠠᠳᠬᠠᠬᠤ ᠴᠢᠬᠤᠯᠠ ᠭᠠᠷᠳᠠᠴᠠ᠎ᠪᠠᠨ ᠪᠣᠯᠭ᠋ᠠᠨ᠂ 《ᠣᠳᠣᠬᠠᠨ᠎ᠳᠤ ᠥᠭᠡᠷᠡᠴᠢᠯᠡᠬᠦ》 ᠪᠠ 《ᠣᠷᠳᠣ ᠬᠤᠭᠤᠴᠠᠭ᠎ᠠ᠎ᠪᠠᠷ ᠪᠠᠶ᠋ᠢᠭᠤᠯᠬᠤ》 ᠵᠢ ᠬᠠᠷᠢᠯᠴᠠᠨ ᠤᠶᠠᠯᠳᠤᠭᠤᠯᠬᠤ ᠵᠢ ᠴᠢᠬᠤᠯᠠᠴᠢᠯᠠᠨ᠂ ᠨᠢᠭᠡ ᠱᠠᠲᠤ᠎ᠨᠢ ᠨᠢᠭᠡ ᠱᠠᠲᠤ᠎ᠪᠠᠨ ᠠᠳᠬᠤᠵᠤ᠂ ᠱᠠᠲᠤ ᠱᠠᠲᠤ᠎ᠪᠠᠷ ᠨᠠᠢ᠌ᠳᠠᠪᠤᠷᠢᠵᠢᠭᠤᠯᠬᠤ ᠵᠢ ᠠᠳᠬᠤᠬᠤ ᠬᠡᠷᠡᠭᠲᠡᠢ᠃ ᠬᠣᠯᠪᠣᠭᠳᠠᠯ ᠪᠦᠬᠦᠢ ᠭᠣᠣᠯᠯᠠᠨ ᠬᠠᠮᠢᠶᠠᠷᠬᠤ ᠬᠢᠨᠠᠨ ᠬᠠᠮᠢᠶᠠᠷᠬᠤ ᠰᠠᠯᠠᠭ᠎ᠠ ᠮᠥᠴᠢᠷ᠎ᠤᠨ᠎ᠬᠢᠨ ᠲᠣᠭᠣᠷᠢᠨ ᠪᠠᠢ᠌ᠴᠠᠭ᠋ᠠᠭᠰᠠᠨ ᠦᠷ᠎ᠡ ᠪᠦᠲᠦᠭᠡᠯ᠎ᠢ ᠰᠠᠢ᠌ᠲᠤᠷ ᠠᠰᠢᠭᠯᠠᠵᠤ᠂ ᠬᠣᠯᠪᠤᠭ᠋ᠠᠯᠠᠨ ᠬᠥᠳᠡᠯᠦᠯᠴᠡᠵᠦ ᠴᠡᠭᠴᠡᠯᠡᠨ ᠰᠠᠢ᠌ᠵᠢᠷᠠᠭᠤᠯᠬᠤ᠂ ᠰᠢᠰᠲ᠋ᠧᠮ᠎ᠲᠠᠢ ᠴᠡᠭᠴᠡᠯᠡᠨ ᠰᠠᠢ᠌ᠵᠢᠷᠠᠭᠤᠯᠬᠤ ᠵᠢ ᠠᠬᠢᠭᠤᠯᠤᠨ᠂ ᠲᠣᠭᠣᠷᠢᠨ ᠪᠠᠢ᠌ᠴᠠᠭ᠋ᠠᠯᠲᠠ ᠵᠢᠨ 《ᠰᠡᠭᠦᠯᠴᠢ ᠵᠢᠨ ᠬᠠᠭ᠋ᠠᠰ ᠶᠠᠪᠤᠳᠠᠯ》᠎ᠢ ᠬᠦᠴᠦ᠎ᠪᠠᠨ ᠬᠠᠮᠲᠤᠳᠬᠠᠨ ᠰᠠᠢ᠌ᠲᠤᠷ ᠬᠢᠬᠦ ᠬᠡᠷᠡᠭᠲᠡᠢ᠃ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠪᠠᠢ᠌ᠭᠤᠯᠭ᠎ᠠ᠎ᠨᠤᠭᠤᠳ ᠡᠳᠦᠷ ᠲᠤᠳᠤᠮ᠎ᠤᠨ ᠬᠢᠨᠠᠯᠲᠠ᠎ᠪᠠᠨ ᠴᠢᠩᠭ᠋ᠠᠳᠬᠠᠵᠤ᠂ ᠡᠯ᠎ᠡ ᠭᠠᠵᠠᠷ ᠣᠷᠣᠨ ᠡᠯ᠎ᠡ ᠨᠢᠭᠡᠴᠢ ᠵᠢ ᠰᠢᠪᠠᠳᠠᠵᠤ ᠪᠠᠢ᠌ᠭ᠋ᠠᠳ ᠦᠨᠡᠨ ᠬᠦ᠌ ᠥᠭᠡᠷᠡᠴᠢᠯᠡᠭᠦᠯᠵᠦ ᠪᠣᠳᠠᠲᠠᠢ ᠥᠭᠡᠷᠡᠴᠢᠯᠡᠭᠦᠯᠵᠦ᠂ ᠪᠣᠳᠠᠲᠤ ᠦᠷ᠎ᠡ ᠪᠦᠲᠦᠮᠵᠢ ᠣᠯᠭᠤᠬᠤ ᠬᠡᠷᠡᠭᠲᠡᠢ᠃


ᠢᠷᠡᠯᠲᠡ᠄ ᠥᠪᠥᠷ ᠮᠣᠩᠭᠣᠯ᠎ᠤᠨ ᠲᠣᠭᠣᠷᠢᠨ ᠪᠠᠢ᠌ᠴᠠᠭ᠋ᠠᠬᠤ ᠪᠠ ᠴᠠᠭᠳᠠᠨ ᠪᠠᠢ᠌ᠴᠠᠭ᠋ᠠᠬᠤ
          
ᠬᠠᠮᠢᠶ᠎ᠡ ᠪᠦᠬᠦᠢ ᠰᠣᠨᠢᠨ
ᠠᠷᠪᠠᠨ ᠨᠢᠭᠡᠳᠦᠭᠡᠷ ᠬᠤᠭᠤᠴᠠᠭ᠋ᠠᠨ᠎ᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠥᠷᠪᠡᠳᠦᠭᠡᠷ ᠡᠭᠡᠯᠵᠢ ᠵᠢᠨ ᠲᠣᠭᠣᠷᠢᠨ ᠪᠠᠢ᠌ᠴᠠᠭ᠋ᠠᠯᠲᠠ ᠵᠢᠨ ᠬᠠᠷᠢᠭᠤ ᠳᠤᠰᠬᠠᠯ ᠪᠡᠶᠡᠯᠡᠪᠡ
ᠥᠪᠥᠷ ᠮᠣᠩᠭᠣᠯ᠎ᠠᠴᠠ ᠢᠷᠡᠭᠰᠡᠨ ᠮᠥᠰᠥ ᠴᠠᠰᠤᠨ᠎ᠤ ᠤᠷᠢᠯᠭ᠎ᠠ! ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠳᠠᠷᠤᠭ᠎ᠠ 《ᠪᠠᠷᠠᠭᠤᠨᠰᠢ ᠨᠢᠭᠡ ᠠᠯᠬᠤᠵᠤ ᠴᠠᠰᠤᠨ᠎ᠳᠤ ᠴᠠᠨᠠᠯᠠᠬᠤ᠎ᠪᠠᠷ ᠶᠠᠪᠤᠶ᠎ᠠ》 ᠭᠡᠵᠦ ᠳᠠᠢ᠌ᠴᠢᠯᠠᠪᠠ
ᠥᠪᠥᠷ ᠮᠣᠩᠭᠤᠯ᠎ᠤᠨ ᠪᠠᠩᠬᠢ ᠵᠢᠨ ᠦᠢ᠍ᠯᠡᠰ᠎ᠤᠨ ᠦᠢ᠍ᠯᠡᠴᠢᠯᠡᠭᠡᠨ᠎ᠤ ᠲᠠᠪᠤᠨ ᠶᠡᠭᠡ ᠡᠭᠦᠷᠭᠡ᠎ᠪᠠᠷ ᠠᠵᠤ ᠠᠬᠤᠢ ᠵᠢᠨ ᠴᠢᠨᠠᠷ ᠰᠠᠶ᠋ᠢᠲᠠᠢ ᠬᠥᠭᠵᠢᠯᠲᠡ ᠵᠢ ᠳᠡᠮᠵᠢᠬᠦ ᠶᠠᠷᠢᠯᠴᠠᠬᠤ ᠬᠤᠷᠠᠯ ᠬᠤᠷᠠᠯᠳᠤᠪᠠ ᠬᠤᠸᠠᠩ ᡁᠢ ᠴᠢᠶᠠᠩ ᠬᠤᠷᠠᠯ᠎ᠢ ᠡᠷᠭᠢᠯᠡᠵᠡᠢ
 
            