ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠡᠷᠢᠶᠡᠨ ᠬᠤᠲᠠ ᠳᠥᠷᠪᠡᠨ ᠵᠦᠢ᠍ᠯ᠎ᠤᠨ ᠠᠷᠭ᠎ᠠ ᠬᠡᠮᠵᠢᠶ᠎ᠡ᠎ᠪᠠᠷ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠡᠵᠡᠩᠨᠡᠯᠲᠡ ᠵᠢᠨ ᠠᠵᠢᠯᠯᠠᠭ᠎ᠠ ᠵᠢ ᠵᠢᠷᠤᠮᠵᠢᠭᠤᠯᠵᠤ ᠪᠠᠢ᠌ᠨ᠎ᠠ
ᠨᠡᠶᠢᠲᠡᠯᠡᠭᠰᠡᠨ ᠴᠠᠭ᠄ 2024-11-21


      ᠲᠠᠪᠤᠨ ᠰᠠᠷ᠎ᠠ ᠵᠢᠨ ᠨᠢᠭᠡᠨ᠎ᠤ ᠠᠮᠠᠷᠠᠯᠲᠠ ᠣᠶ᠋ᠢᠷᠠᠳᠴᠤ᠂ ᠡᠷᠢᠶᠡᠨ ᠬᠤᠲᠠ ᠳᠥᠷᠪᠡᠨ ᠵᠦᠢ᠍ᠯ᠎ᠤᠨ ᠠᠷᠭ᠎ᠠ ᠬᠡᠮᠵᠢᠶ᠎ᠡ ᠠᠪᠴᠤ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠡᠵᠡᠩᠨᠡᠯᠲᠡ ᠵᠢᠨ ᠠᠵᠢᠯᠯᠠᠭ᠎ᠠ ᠵᠢ ᠵᠢᠷᠤᠮᠵᠢᠭᠤᠯᠤᠨ᠂ ᠬᠡᠷᠡᠭᠯᠡᠭᠴᠢᠳ᠎ᠤᠨ ᠬᠠᠨᠤᠮᠵᠢ ᠵᠢᠨ ᠬᠡᠮᠵᠢᠶ᠎ᠡ ᠵᠢ ᠳᠡᠭᠡᠭᠰᠢᠯᠡᠭᠦᠯᠵᠦ ᠪᠠᠢ᠌ᠨ᠎ᠠ

      ᠨᠢᠭᠡ᠎ᠳᠤ ᠠᠭᠤᠯᠭ᠎ᠠ ᠦᠨᠡᠨ ᠪᠣᠳᠠᠲᠠᠢ ᠪᠤᠰᠤ᠂ ᠣᠯᠠᠨ᠎ᠢ ᠲᠥᠭᠡᠷᠢᠭᠳᠡᠭᠦᠯᠦᠭᠰᠡᠨ᠂ ᠬᠡᠷᠡᠭᠯᠡᠭᠴᠢᠳ᠎ᠢ ᠮᠡᠬᠡᠯᠡᠭᠰᠡᠨ ᠬᠤᠳᠠᠯ ᠬᠠᠭᠤᠷᠮᠠᠭ ᠤᠬᠠᠭᠤᠯᠭ᠎ᠠ ᠵᠢᠨ ᠵᠠᠷ ᠮᠡᠳᠡᠭᠡ ᠵᠢ ᠴᠢᠩᠭ᠎ᠠ ᠪᠠᠢ᠌ᠴᠠᠭ᠋ᠠᠨ᠎ᠠ᠃ ᠵᠢᠭᠤᠯᠴᠢᠯᠠᠯ ᠡᠵᠡᠩᠨᠡᠬᠦ ᠠᠵᠤ ᠠᠬᠤᠢ᠌ᠯᠠᠯ᠎ᠤᠳ᠎ᠢ ᠵᠢᠭᠤᠯᠴᠢᠯᠠᠯ᠎ᠤᠨ ᠤᠬᠠᠭᠤᠯᠭ᠎ᠠ ᠲᠠᠨᠢᠯᠴᠠᠭᠤᠯᠭ᠎ᠠ ᠬᠢᠬᠦ ᠶᠠᠪᠤᠴᠠ᠎ᠳᠤ᠎ᠪᠠᠨ᠂ ᠦᠨᠡᠨ ᠪᠣᠳᠠᠲᠤ ᠴᠢᠨᠠᠷ᠂ ᠬᠠᠨᠳᠤᠯᠭ᠋ᠠᠲᠤ ᠴᠢᠨᠠᠷ᠂ ᠣᠯᠠᠨ ᠶᠠᠩᠵᠤᠲᠤ ᠴᠢᠨᠠᠷ᠎ᠤᠨ ᠵᠠᠷᠴᠢᠮ᠎ᠢ ᠪᠠᠷᠢᠮᠲᠠᠯᠠᠬᠤ ᠬᠡᠷᠡᠭᠲᠡᠢ᠂ ᠤᠬᠠᠭᠤᠯᠭ᠎ᠠ ᠵᠢᠨ ᠳᠤᠮᠳᠠ᠎ᠪᠠᠨ ᠬᠡᠷᠡᠭᠯᠡᠭᠴᠢᠳ᠎ᠢ ᠤᠯᠳᠤᠨ ᠬᠠᠭᠤᠷᠴᠤ ᠪᠠᠢ᠌ᠭ᠋ᠠᠳ ᠵᠢᠭᠤᠯᠴᠢᠯᠠᠯ᠎ᠤᠨ ᠠᠵᠢᠯᠯᠠᠭ᠎ᠠ᠎ᠳᠤ ᠣᠷᠣᠯᠴᠠᠭᠤᠯᠵᠤ ᠪᠣᠯᠬᠤ ᠦᠭᠡᠢ ᠭᠡᠵᠦ ᠱᠠᠭ᠋ᠠᠷᠳᠠᠪᠠ; ᠬᠡᠷᠡᠭᠯᠡᠭᠴᠢᠳ᠎ᠢ ᠴᠤᠤᠳᠠᠮᠨᠠᠬᠤ᠂ ᠪᠠᠰᠢᠷᠯᠠᠬᠤ᠂ ᠲᠥᠭᠡᠷᠢᠭᠳᠡᠭᠦᠯᠬᠦ ᠦᠭᠡᠢ ᠪᠠᠢ᠌ᠬᠤ ᠵᠡᠷᠭᠡ ᠪᠣᠯᠣᠨ᠎ᠠ᠃

      ᠬᠣᠶᠠᠷ᠎ᠲᠤ ᠵᠢᠭᠤᠯᠴᠢᠯᠠᠯ ᠦᠢ᠍ᠯᠡᠴᠢᠯᠡᠭᠡᠨ᠎ᠤ ᠭᠠᠵᠠᠷ᠎ᠤᠨ ᠭᠡᠷ᠎ᠡ ᠵᠢᠨ ᠬᠡᠯᠪᠡᠷᠢᠵᠢᠭᠰᠡᠨ ᠵᠢᠭ᠋ᠠᠯᠲᠠ ᠵᠢ ᠬᠢᠨᠠᠨ ᠬᠠᠮᠢᠶᠠᠷᠬᠤ᠎ᠪᠠᠨ ᠡᠷᠴᠢᠮᠵᠢᠭᠦᠯᠦᠨ᠎ᠡ᠃ ᠵᠢᠭᠤᠯᠴᠢᠯᠠᠯ ᠦᠢ᠍ᠯᠡᠴᠢᠯᠡᠭᠡᠨ᠎ᠤ ᠭᠠᠵᠠᠷ᠎ᠤᠳ᠎ᠢ ᠢᠳᠡᠪᠬᠢᠲᠡᠢ ᠬᠥᠲᠥᠯᠥᠨ ᠵᠢᠯᠤᠭᠣᠳᠴᠤ ᠵᠢᠱ᠌ᠢᠶ᠎ᠡ ᠦᠵᠡᠭᠦᠯᠦᠯᠲᠡ ᠵᠢ ᠬᠡᠷᠡᠭᠯᠡᠭᠦᠯᠦᠨ ᠭᠡᠷ᠎ᠡ ᠲᠣᠭᠲᠠᠭ᠋ᠠᠯᠭ᠋ᠠᠵᠤ᠂ ᠵᠢᠭᠤᠯᠴᠢᠯᠠᠯ᠎ᠤᠨ ᠭᠡᠷ᠎ᠡ᠎ᠳᠤ ᠲᠣᠭᠲᠠᠭᠰᠠᠨ᠎ᠠᠴᠠ ᠭᠠᠳᠠᠭᠤᠷ ᠪᠤᠰᠤᠳ ᠲᠥᠯᠥᠪᠦᠷᠢ᠎ᠲᠠᠢ ᠦᠢ᠍ᠯᠡᠴᠢᠯᠡᠭᠡ ᠬᠠᠩᠭ᠋ᠠᠬᠤ ᠦᠭᠡᠢ᠂ ᠵᠢᠭᠤᠯᠴᠢᠯᠠᠯ᠎ᠤᠨ ᠭᠡᠷ᠎ᠡ ᠵᠢ ᠳᠤᠷ᠎ᠠ᠎ᠪᠠᠷ ᠥᠭᠡᠷᠡᠴᠢᠯᠡᠨ ᠠᠶᠠᠯᠠᠯ ᠲᠣᠬᠢᠷᠠᠭᠤᠯᠬᠤ ᠦᠭᠡᠢ᠃ ᠵᠢᠭᠤᠯᠴᠢᠯᠠᠯ ᠡᠵᠡᠩᠨᠡᠭᠴᠢᠳ ᠭᠡᠷ᠎ᠡ ᠵᠢᠨ ᠬᠡᠯᠪᠡᠷᠢᠵᠢᠭᠰᠡᠨ ᠵᠢᠭ᠋ᠠᠯᠲᠠ ᠵᠢ ᠠᠰᠢᠭᠯᠠᠨ ᠥᠪᠡᠷ᠎ᠤᠨ ᠡᠭᠦᠷᠭᠡ᠎ᠪᠠᠨ ᠬᠡᠯᠲᠦᠷᠢᠭᠦᠯᠬᠦ᠂ ᠬᠡᠷᠡᠭᠯᠡᠭᠴᠢᠳ᠎ᠤᠨ ᠬᠠᠷᠢᠭᠤᠴᠠᠯᠭ᠎ᠠ ᠵᠢ ᠬᠦᠨᠳᠦᠷᠡᠭᠦᠯᠬᠦ᠂ ᠬᠡᠷᠡᠭᠯᠡᠭᠴᠢᠳ᠎ᠤᠨ ᠭᠣᠣᠯ ᠡᠷᠬᠡ ᠠᠰᠢᠭ᠎ᠢ ᠦᠭᠡᠶ᠋ᠢᠰᠬᠡᠬᠦ ᠵᠡᠷᠭᠡ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠨᠤᠭᠤᠳ᠎ᠢ ᠴᠢᠩᠭ᠎ᠠ ᠪᠠᠢ᠌ᠴᠠᠭ᠋ᠠᠨ᠎ᠠ᠃

      ᠭᠤᠷᠪᠠ᠎ᠳᠤ ᠵᠢᠭᠤᠯᠴᠢᠯᠠᠯ᠎ᠤᠨ ᠠᠵᠢᠯ ᠲᠥᠷᠥᠯ᠎ᠤᠨ ᠰᠦᠯᠵᠢᠶᠡᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠨ᠎ᠠ᠃ ᠰᠦᠯᠵᠢᠶᠡᠨ ᠳᠡᠭᠡᠷᠡᠬᠢ ᠪᠠ ᠰᠦᠯᠵᠢᠶᠡᠨ᠎ᠠᠴᠠ ᠭᠠᠳᠠᠭᠤᠷᠬᠢ ᠦᠢ᠍ᠯᠡᠴᠢᠯᠡᠭᠡᠨ᠎ᠤ ᠠᠵᠤ ᠠᠬᠤᠢ᠌ᠯᠠᠯ᠂ ᠰᠦᠯᠵᠢᠶᠡᠨ᠎ᠤ ᠲᠠᠪᠴᠠᠩ᠂ ᠭᠠᠷ ᠤᠲᠠᠰᠤᠨ᠎ᠤ APP ᠵᠡᠷᠭᠡ ᠵᠢᠨ ᠬᠤᠳᠠᠯ ᠬᠠᠭᠤᠷᠮᠠᠭ ᠤᠬᠠᠭᠤᠯᠭ᠎ᠠ᠂ ᠬᠢᠮᠳᠠ ᠦᠨ᠎ᠡ᠎ᠪᠠᠷ ᠬᠡᠷᠡᠭᠯᠡᠭᠴᠢᠳ᠎ᠢ ᠲᠠᠲᠠᠬᠤ᠂ ᠪᠦᠯᠬᠦᠮ ᠵᠶ᠋ᠠᠷ ᠮᠠᠢ᠌ᠮᠠᠢ᠌ᠯᠠᠬᠤ ᠵᠡᠷᠭᠡ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠨᠤᠭᠤᠳ᠎ᠢ ᠴᠢᠩᠭ᠎ᠠ ᠪᠠᠢ᠌ᠴᠠᠭ᠋ᠠᠨ᠎ᠠ᠃ ᠵᠢᠭᠤᠯᠴᠢᠯᠠᠯ᠎ᠤᠨ ᠠᠵᠢᠯ ᠲᠥᠷᠥᠯ᠎ᠤᠨ ᠢᠨᠲ᠋ᠧᠷ ᠰᠦᠯᠵᠢᠶ᠎ᠡ ᠵᠢ ᠠᠰᠢᠭᠯᠠᠨ ᠬᠤᠳᠠᠯ ᠬᠠᠭᠤᠷᠮᠠᠭ ᠤᠬᠠᠭᠤᠯᠭ᠎ᠠ ᠬᠢᠭᠰᠡᠨ᠂ ᠲᠥᠪ ᠪᠤᠰᠤ᠎ᠪᠠᠷ ᠥᠷᠢᠰᠦᠯᠳᠦᠭᠰᠡᠨ ᠵᠡᠷᠭᠡ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠨᠤᠭᠤᠳ᠎ᠲᠤ ᠬᠠᠤᠯᠢ ᠶᠣᠰᠣᠭ᠋ᠠᠷ ᠴᠣᠬᠢᠯᠲᠠ ᠥᠭᠴᠦ᠂ ᠵᠢᠭᠤᠯᠴᠢᠯᠠᠯ᠎ᠤᠨ ᠠᠵᠢᠯ ᠲᠥᠷᠥᠯ᠎ᠤᠨ ᠰᠦᠯᠵᠢᠶᠡᠨ᠎ᠤ ᠵᠠᠬ᠎ᠠ ᠳᠡᠯᠭᠡᠭᠦᠷ᠎ᠤᠨ ᠬᠠᠤᠯᠢ ᠶᠣᠰᠣᠴᠢ᠂ ᠦᠨᠡᠨᠴᠢ ᠢᠲᠡᠭᠡᠮᠵᠢᠲᠡᠢ ᠡᠵᠡᠩᠨᠡᠯᠲᠡ ᠵᠢ ᠠᠬᠢᠭᠤᠯᠤᠨ᠎ᠠ᠃

      ᠳᠥᠷᠪᠡ᠎ᠳᠤ ᠬᠡᠭᠡᠷ᠎ᠡ ᠵᠢᠨ ᠠᠮᠢᠲᠠᠳ ᠵᠢᠴᠢ ᠲᠡᠳᠡᠭᠡᠷ ᠵᠶ᠋ᠠᠷ ᠬᠢᠭᠰᠡᠨ ᠪᠦᠲᠦᠭᠡᠭᠳᠡᠬᠦᠨ᠎ᠨᠦᠭᠦᠳ᠎ᠲᠠᠬᠢ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠨ᠎ᠠ᠃ ᠲᠤᠬᠠᠢ ᠵᠢᠨ ᠭᠠᠵᠠᠷ᠎ᠲᠤ᠎ᠨᠢ ᠬᠢᠨᠠᠨ ᠪᠠᠢ᠌ᠴᠠᠭ᠋ᠠᠬᠤ ᠪᠠ ᠰᠦᠯᠵᠢᠶ᠎ᠡ᠎ᠪᠠᠷ ᠬᠢᠨᠠᠨ ᠬᠡᠮᠵᠢᠬᠦ ᠠᠷᠭ᠎ᠠ ᠵᠢ ᠠᠪᠴᠤ᠂ ᠵᠢᠭᠤᠯᠴᠢᠯᠠᠯ᠎ᠤᠨ ᠵᠠᠬ᠎ᠠ ᠳᠡᠯᠭᠡᠭᠦᠷ᠎ᠲᠠᠬᠢ ᠬᠡᠭᠡᠷ᠎ᠡ ᠵᠢᠨ ᠠᠮᠢᠲᠠᠳ ᠵᠢᠴᠢ ᠲᠡᠳᠡᠭᠡᠷ ᠵᠶ᠋ᠠᠷ ᠬᠢᠭᠰᠡᠨ ᠪᠦᠲᠦᠭᠡᠭᠳᠡᠬᠦᠨ᠎ᠨᠦᠭᠦᠳ᠎ᠢ ᠬᠠᠤᠯᠢ ᠪᠤᠰᠤ᠎ᠪᠠᠷ ᠪᠣᠷᠣᠯᠠᠭᠤᠯᠤᠭᠰᠠᠨ ᠦᠢ᠍ᠯᠡ ᠠᠵᠢᠯᠯᠠᠭ᠎ᠠ ᠵᠢ ᠪᠠᠢ᠌ᠴᠠᠭ᠋ᠠᠨ᠂ ᠡᠵᠡᠩᠨᠡᠭᠴᠢ ᠵᠢᠨ ᠭᠡᠷᠡᠴᠢ ᠦᠨᠡᠮᠯᠡᠯ᠎ᠤᠳ᠎ᠨᠢ ᠪᠦᠷᠢᠨ ᠭᠦᠢ᠍ᠴᠡᠳ ᠪᠥᠭᠡᠳ ᠬᠠᠤᠯᠢ᠎ᠳᠤ ᠨᠡᠢ᠌ᠴᠡᠬᠦ ᠡᠰᠡᠬᠦ᠂ ᠬᠤᠳᠠᠯ ᠬᠠᠭᠤᠷᠮᠠᠭ ᠤᠬᠠᠭᠤᠯᠭ᠎ᠠ ᠵᠢᠨ ᠦᠢ᠍ᠯᠡ ᠠᠵᠢᠯᠯᠠᠭ᠎ᠠ ᠣᠷᠣᠰᠢᠬᠤ ᠡᠰᠡᠬᠦ ᠵᠢ ᠪᠠᠢ᠌ᠴᠠᠭ᠋ᠠᠨ᠎ᠠ᠃

ᠢᠷᠡᠯᠲᠡ᠄ ᠦᠪᠦᠷ ᠮᠣᠩᠭᠤᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
《ᠲᠦᠮᠡᠨ ᠭᠠᠵᠠᠷ᠎ᠤᠨ ᠴᠠᠢ ᠵᠢᠨ ᠵᠠᠮ᠎ᠢ ᠮᠦᠷᠳᠡᠵᠦ᠂ ᠭᠤᠷᠪᠠᠨ ᠤᠯᠤᠰ᠎ᠤᠨ ᠨᠥᠬᠥᠷᠯᠡᠯ ᠵᠶ᠋ᠠᠨ ᠪᠠᠲᠤᠳᠬᠠᠶ᠎ᠠ》 ᠳᠤᠮᠳᠠᠳᠤ ᠣᠷᠣᠰ ᠮᠣᠩᠭᠣᠯ᠎ᠤᠨ ᠥᠪᠡᠷ ᠵᠶ᠋ᠡᠨ ᠲᠡᠷᠭᠡ ᠵᠢᠯᠤᠭᠣᠳᠬᠤ ᠵᠢᠭᠤᠯᠴᠢᠯᠠᠯ ᠠᠶᠠᠯᠠᠯ ᠵᠶ᠋ᠠᠨ ᠡᠬᠢᠯᠡᠪᠡ
ᠰᠦᠨ ᠱᠤᠤ ᠴᠧᠩ ᠱᠠᠩᠬᠠᠢ ᠵᠢᠨ ᠡᠳ᠋᠎ᠤᠨ ᠵᠠᠰᠠᠭ ᠠᠵᠤ ᠠᠬᠤᠢ ᠵᠢᠨ ᠶᠡᠭᠡ ᠰᠤᠷᠭ᠋ᠠᠭᠤᠯᠢ ᠵᠢᠨ ᠵᠠᠬᠢᠷᠤᠯ ᠯᠢᠦ ᠶᠤᠸᠠᠨ ᠴᠦᠨ ᠪᠤᠯᠤᠨ ᠲᠥᠪ᠎ᠤᠨ ᠷᠠᠳᠢᠣ᠋ ᠲᠧᠯᠸᠢᠰ᠎ᠤᠨ ᠶᠡᠷᠦᠩᠬᠡᠶ ᠬᠤᠷᠢᠶ᠎ᠠ ᠵᠢᠨ ᠬᠥᠲᠥᠯᠥᠭᠴᠢ ᠪᠠᠶ ᠶᠠᠨ ᠰᠥᠩ᠎ᠲᠠᠢ ᠠᠭᠤᠯᠵᠠᠪᠠ
ᠰᠦᠨ ᠱᠤᠤ ᠴᠧᠩ ᠱᠠᠩᠬᠠᠢ ᠵᠢᠨ ᠡᠳ᠋᠎ᠤᠨ ᠵᠠᠰᠠᠭ ᠠᠵᠤ ᠠᠬᠤᠢ ᠵᠢᠨ ᠶᠡᠭᠡ ᠰᠤᠷᠭ᠋ᠠᠭᠤᠯᠢ ᠵᠢᠨ ᠵᠠᠬᠢᠷᠤᠯ ᠯᠢᠦ ᠶᠤᠸᠠᠨ ᠴᠦᠨ ᠪᠤᠯᠤᠨ ᠲᠥᠪ᠎ᠤᠨ ᠷᠠᠳᠢᠣ᠋ ᠲᠧᠯᠸᠢᠰ᠎ᠤᠨ ᠶᠡᠷᠦᠩᠬᠡᠶ ᠬᠤᠷᠢᠶ᠎ᠠ ᠵᠢᠨ ᠬᠥᠲᠥᠯᠥᠭᠴᠢ ᠪᠠᠶ ᠶᠠᠨ ᠰᠥᠩ᠎ᠲᠠᠢ ᠠᠭᠤᠯᠵᠠᠪᠠ
 
            