2 ᠰᠠᠷ᠎ᠠ ᠵᠢᠨ 1᠎ᠤ ᠡᠳᠦᠷ᠂ ᠪᠦᠭᠦ ᠣᠷᠣᠨ᠎ᠤ ᠡᠨᠧᠷᠭᠢ ᠵᠢᠨ ᠴᠢᠬᠤᠯᠠ ᠶᠡᠭᠡ ᠲᠦᠷᠦᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ ᠬᠤᠷᠠᠯ ᠭᠦᠭᠡᠬᠤᠲᠠ᠎ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠪᠠᠶ᠋ᠢᠩᠭᠤ ᠵᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠩᠭᠤ ᠵᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃
ᠬᠤᠸᠠᠩ ᡁᠢ ᠴᠢᠶᠠᠩ᠂ ᠡᠨᠧᠷᠭᠢ ᠵᠢᠨ ᠴᠢᠬᠤᠯᠠ ᠶᠡᠭᠡ ᠲᠥᠷᠥᠯ ᠵᠦᠢ᠍ᠯ ᠪᠣᠯ ᠮᠠᠨ᠎ᠤ ᠣᠷᠣᠨ᠎ᠤ ᠠᠵᠤ ᠠᠬᠤᠢ ᠵᠢ ᠲᠣᠭᠲᠠᠪᠤᠷᠢᠵᠢᠭᠤᠯᠵᠤ ᠨᠡᠮᠡᠭᠳᠡᠯ᠎ᠢ ᠠᠬᠢᠭᠤᠯᠬᠤ 《ᠰᠠᠭᠤᠷᠢ ᠴᠢᠯᠠᠭᠤ》 ᠮᠥᠨ᠂ 《ᠲᠥᠷᠥᠯ ᠵᠦᠢ᠍ᠯ ᠵᠶ᠋ᠠᠷ ᠭᠤᠣᠯ ᠪᠤᠯᠭ᠋ᠠᠬᠤ》 ᠣᠶ᠋ᠢᠯᠠᠭ᠋ᠠᠭᠳᠠᠬᠤᠨ᠎ᠢ ᠪᠤᠶ ᠪᠤᠯᠭ᠋ᠠᠵᠤ᠂ ᠤᠯᠠᠮᠵᠢᠯᠠᠯᠲᠤ ᠡᠨᠧᠷᠭᠢ ᠵᠢᠨ ᠲᠥᠷᠥᠯ ᠵᠦᠢ᠍ᠯ᠎ᠢ ᠲᠣᠭᠲᠠᠭᠤᠨ᠎ᠤ ᠳᠤᠮᠳᠠ ᠠᠬᠢᠭᠤᠯᠵᠤ᠂ ᠤᠯᠤᠰ᠎ᠤᠨ ᠡᠨᠧᠷᠭᠢ ᠵᠢᠨ ᠠᠮᠤᠷ ᠲᠦᠪᠰᠢᠨ᠎ᠢ ᠪᠠᠲᠤᠯᠠᠬᠤ ᠭᠡᠷᠡᠭᠲᠡᠶ ; ᠰᠢᠨ᠎ᠡ ᠡᠨᠧᠷᠭᠢ ᠵᠢᠨ ᠲᠦᠷᠦᠯ ᠵᠦᠢ᠍ᠯ᠎ᠢ ᠶᠡᠭᠡ᠎ᠪᠠᠷ ᠬᠢᠵᠦ ᠲᠦᠷᠭᠡᠨ ᠬᠥᠭᠵᠢᠭᠦᠯᠵᠦ᠂ ᠬᠥᠭᠵᠢᠭᠦᠯᠦᠯᠲᠡ ᠵᠢᠨ ᠠᠰᠢᠭ ᠲᠤᠰᠠ ᠵᠢ ᠠᠮᠵᠢᠨ ᠠᠳᠬᠤᠬᠤ ᠭᠡᠷᠡᠭᠲᠡᠢ ; ᠡᠨᠧᠷᠭᠢ ᠵᠢᠨ ᠢᠵᠢ ᠪᠦᠷᠢᠳᠦᠭᠦᠯᠬᠦ ᠲᠥᠷᠥᠯ ᠵᠦᠢ᠍ᠯ᠎ᠢ ᠲᠠᠰ ᠳᠡᠪᠰᠢᠭᠦᠯᠵᠦ᠂ ᠪᠦᠭᠦ ᠠᠵᠤ ᠦᠢ᠍ᠯᠡᠰ᠎ᠤᠨ ᠬᠡᠯᠬᠢᠶ᠎ᠡ ᠵᠢ ᠲᠦᠷᠭᠡᠳᠬᠡᠨ ᠪᠦᠷᠢᠯᠳᠦᠭᠦᠯᠬᠦ ᠭᠡᠷᠡᠭᠳᠡᠢ ; ᠡᠨᠧᠷᠭᠢ ᠵᠢ ᠬᠤᠪᠢᠷᠠᠭᠤᠯᠬᠤ ᠲᠦᠷᠦᠯ ᠵᠦᠢ᠍ᠯ᠎ᠤᠨ ᠦᠷ᠎ᠡ ᠠᠰᠢᠭ᠎ᠢ ᠳᠡᠭᠡᠭᠰᠢᠯᠡᠭᠦᠯᠵᠦ᠂ ᠡᠬᠢ ᠪᠠᠶᠠᠯᠢᠭ᠎ᠤᠨ ᠦᠷᠲᠡᠭ᠎ᠢ ᠨᠡᠮᠡᠭᠳᠡᠭᠦᠯᠬᠦ ᠠᠵᠢᠯ᠎ᠢ ᠰᠠᠶ᠋ᠢᠲᠤᠷ ᠬᠢᠬᠦ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ 《ᠡᠭᠢᠯᠡᠯᠳᠡ ᠪᠣᠯ ᠳᠠᠷᠤᠢ ᠰᠢᠪᠲᠤᠯᠤᠯᠲᠠ ᠮᠥᠨ》 ᠭᠡᠬᠦ ᠡᠷᠴᠢ ᠵᠣᠷᠢᠭ᠎ᠢ ᠪᠠᠷᠢᠵᠤ᠂ ᠡᠯ᠎ᠡ ᠵᠦᠢ᠍ᠯ᠎ᠤᠨ ᠠᠵᠢᠯ᠎ᠤᠨ ᠬᠤᠷᠳᠤᠴᠠ ᠵᠢ ᠲᠦᠷᠭᠡᠳᠬᠡᠨ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠡᠨᠧᠷᠭᠢ ᠵᠢᠨ ᠲᠦᠷᠦᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢᠨ ᠰᠠᠶ᠋ᠢᠨ ᠡᠭᠢᠯᠡᠯᠲᠡ᠎ᠲᠠᠢ ᠪᠤᠯᠬᠤ ᠵᠢ ᠪᠠᠲᠤᠯᠠᠬᠤ ᠬᠡᠷᠡᠭᠲᠡᠢ ᠭᠡᠪᠡ᠃