ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠥᠪᠥᠷ ᠮᠣᠩᠭᠤᠯ᠎ᠤᠨ ᠪᠠᠩᠬᠢ ᠵᠢᠨ ᠦᠢ᠍ᠯᠡᠰ᠎ᠤᠨ ᠦᠢ᠍ᠯᠡᠴᠢᠯᠡᠭᠡᠨ᠎ᠤ ᠲᠠᠪᠤᠨ ᠶᠡᠭᠡ ᠡᠭᠦᠷᠭᠡ᠎ᠪᠠᠷ ᠠᠵᠤ ᠠᠬᠤᠢ ᠵᠢᠨ ᠴᠢᠨᠠᠷ ᠰᠠᠶ᠋ᠢᠲᠠᠢ ᠬᠥᠭᠵᠢᠯᠲᠡ ᠵᠢ ᠳᠡᠮᠵᠢᠬᠦ ᠶᠠᠷᠢᠯᠴᠠᠬᠤ ᠬᠤᠷᠠᠯ ᠬᠤᠷᠠᠯᠳᠤᠪᠠ ᠬᠤᠸᠠᠩ ᡁᠢ ᠴᠢᠶᠠᠩ ᠬᠤᠷᠠᠯ᠎ᠢ ᠡᠷᠭᠢᠯᠡᠵᠡᠢ
ᠨᠡᠶᠢᠲᠡᠯᠡᠭᠰᠡᠨ ᠴᠠᠭ᠄ 2023-02-10

 
    ᠨᠡᠶ᠋ᠢᠲᠡᠯᠡᠭᠰᠡᠨ ᠴᠠᠭ᠄ 2023/2/7
   1 ᠳ᠋ᠦ᠍ᠭᠡᠷ ᠰᠠᠷ᠎ᠠ ᠵᠢᠨ 30᠎ᠤ ᠡᠳᠦᠷ᠂ ᠥᠪᠥᠷ ᠮᠣᠩᠭᠤᠯ᠎ᠤᠨ ᠪᠠᠩᠬᠢ ᠵᠢᠨ ᠦᠢ᠍ᠯᠡᠰ᠎ᠤᠨ ᠦᠢ᠍ᠯᠡᠴᠢᠯᠡᠭᠡᠨ᠎ᠤ ᠲᠠᠪᠤᠨ ᠶᠡᠭᠡ ᠡᠭᠦᠷᠭᠡ᠎ᠪᠠᠷ ᠠᠵᠤ ᠠᠬᠤᠢ ᠵᠢᠨ ᠴᠢᠨᠠᠷ ᠰᠠᠶ᠋ᠢᠲᠠᠢ ᠬᠥᠭᠵᠢᠯᠲᠡ ᠵᠢ ᠳᠡᠮᠵᠢᠬᠦ ᠶᠠᠷᠢᠯᠴᠠᠬᠤ ᠬᠤᠷᠠᠯ ᠬᠥᠬᠡᠬᠤᠲᠠ᠎ᠳᠤ ᠬᠤᠷᠠᠯᠳᠤᠪᠠ᠃
    ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠪᠠᠶ᠋ᠢᠩᠭᠤ ᠵᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠩᠭᠤ ᠵᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠶᠠᠷᠢᠯᠴᠠᠬᠤ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃
    ᠬᠤᠸᠠᠩ ᡁᠢ ᠴᠢᠶᠠᠩ ᠬᠡᠯᠡᠬᠦ᠎ᠳᠤ᠎ᠪᠠᠨ᠂ ᠨᠢᠳᠤᠨᠤᠨ᠎ᠤ ᠥᠪᠥᠷ ᠮᠣᠩᠭᠤᠯ᠎ᠤᠨ ᠠᠵᠤ ᠠᠬᠤᠢ ᠵᠢᠨ ᠴᠢᠨᠠᠷ ᠰᠠᠶ᠋ᠢᠲᠠᠢ ᠬᠥᠭᠵᠢᠯᠲᠡ᠎ᠨᠢ ᠮᠥᠩᠭᠦᠨ ᠭᠦᠢ᠍ᠯᠭᠡᠭᠡᠨ᠎ᠤ ᠰᠢᠰᠲ᠋ᠧᠮ᠎ᠤᠨ ᠬᠦᠴᠦᠲᠡᠢ ᠳᠡᠮᠵᠢᠯᠭᠡ᠎ᠠᠴᠠ ᠰᠠᠯᠵᠤ ᠴᠢᠳᠠᠬᠤ ᠦᠭᠡᠢ ᠶᠤᠮ᠃ ᠡᠨᠡ ᠵᠢᠯ ᠥᠪᠥᠷ ᠮᠣᠩᠭᠤᠯ ᠶᠡᠭᠡ᠎ᠪᠠᠷ ᠠᠵᠢᠯᠯᠠᠵᠤ ᠲᠦᠷᠭᠡᠨ ᠤᠷᠤᠭᠰᠢᠯᠠᠵᠤ᠂ ᠪᠦᠬᠦ ᠬᠦᠴᠦᠨ ᠵᠶ᠋ᠠᠷ ᠵᠶ᠋ᠠᠨ ᠠᠵᠤ ᠠᠬᠤᠢ ᠵᠢᠨ ᠲᠥᠯᠥᠭᠡ ᠴᠢᠷᠮᠠᠶ᠋ᠢᠨ ᠠᠵᠢᠯᠯᠠᠬᠤ᠎ᠳᠤ᠂ ᠮᠥᠩᠭᠦᠨ ᠭᠦᠢ᠍ᠯᠭᠡᠭᠡᠨ᠎ᠤ ᠰᠢᠰᠲ᠋ᠧᠮ ᠬᠦᠨᠳᠦ ᠡᠭᠦᠷᠭᠡ ᠵᠢ ᠡᠭᠦᠷᠭᠡᠯᠡᠵᠦ᠂ ᠲᠡᠷᠢᠭᠦᠨ᠎ᠤ ᠡᠩᠨᠡᠭᠡᠨ᠎ᠳᠤ ᠭᠠᠪᠰᠢᠭ᠋ᠠᠶ᠋ᠢᠯᠠᠵᠦ᠂ ᠵᠢᠳᠬᠦᠯ ᠴᠢᠷᠮᠠᠶ᠋ᠢᠯᠭ᠎ᠠ ᠭᠠᠷᠭ᠋ᠠᠬᠤ ᠬᠡᠷᠡᠭᠲᠡᠢ᠃ ᠢᠲᠡᠭᠡᠮᠵᠢᠲᠦ ᠵᠢᠭᠡᠯᠡᠯᠭᠡ ᠵᠢᠨ ᠬᠡᠪᠴᠢᠶ᠎ᠡ ᠵᠢ ᠲᠠᠬᠢᠨ ᠥᠷᠭᠡᠳᠬᠡᠵᠦ᠂ ᠪᠦᠲᠦᠴᠡ ᠵᠢ ᠲᠠᠬᠢᠨ ᠰᠢᠯᠢᠳᠡᠭᠵᠢᠭᠦᠯᠵᠦ᠂ ᠥᠪᠡᠷ᠎ᠤᠨ ᠦᠷᠳᠡᠭ᠎ᠢ ᠲᠠᠬᠢᠨ ᠪᠠᠭᠤᠷᠠᠭᠤᠯᠵᠤ᠂ ᠦᠢ᠍ᠯᠡᠴᠢᠯᠡᠭᠡᠨ᠎ᠤ ᠲᠠᠯ᠎ᠠ᠎ᠪᠠᠷ ᠰᠢᠨ᠎ᠡ ᠵᠢ ᠡᠭᠦᠳᠬᠦ᠂ ᠠᠵᠤ ᠠᠬᠤᠶ᠋ᠢᠯᠠᠯ᠎ᠢ ᠬᠠᠪᠰᠤᠷᠤᠨ ᠬᠦᠴᠢᠷᠳᠡᠯ᠎ᠢ᠎ᠨᠢ ᠰᠢᠢ᠍ᠳᠪᠦᠷᠢᠯᠡᠬᠦ᠂ ᠨᠠᠶ᠋ᠢᠳᠠᠪᠦᠷᠢ ᠮᠠᠭᠤᠲᠠᠢ ᠵᠢᠭᠡᠯᠡᠯᠭᠡ ᠵᠢ ᠪᠠᠭ᠋ᠠᠰᠬᠠᠬᠤ᠂ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠵᠡᠷᠭᠡ ᠲᠠᠯ᠎ᠠ᠎ᠪᠠᠷ ᠬᠦᠴᠦᠯᠡᠨ ᠴᠢᠷᠮᠠᠶ᠋ᠢᠵᠤ᠂ ᠳᠤᠲᠠᠭᠤᠳᠠᠯ ᠵᠥᠷᠢᠶ᠎ᠡ᠎ᠪᠠᠨ ᠨᠥᠬᠦᠪᠦᠷᠢᠯᠡᠨ᠂ ᠠᠵᠤ ᠠᠬᠤᠢ ᠵᠢᠨ ᠶᠡᠷᠦᠩᠬᠡᠢ ᠬᠡᠮᠵᠢᠶ᠎ᠡ ᠵᠢ ᠪᠤᠵᠠᠭ᠋ᠠᠶ᠋ᠢᠷᠠᠭᠤᠯᠵᠤ᠂ ᠬᠥᠭᠵᠢᠯᠲᠡ ᠵᠢᠨ ᠶᠠᠰᠤ ᠴᠢᠨᠠᠷ᠎ᠢ ᠳᠡᠭᠡᠭᠰᠢᠯᠡᠭᠦᠯᠬᠦ᠎ᠳᠤ ᠨᠡᠩ ᠤᠯᠠᠨ 《ᠡᠬᠢ ᠪᠠᠶᠠᠯᠢᠭ》 ᠨᠡᠮᠡᠷᠢᠯᠡᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
    ᠪᠦᠬᠦ ᠣᠷᠣᠨ᠎ᠤ ᠡᠯ᠎ᠡ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠪᠣᠯᠣᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠭᠤᠣᠯ ᠬᠠᠷᠢᠭᠤᠴᠠᠯᠭ᠋ᠠᠲᠠᠨ ᠨᠥᠬᠦᠳ ᠬᠤᠷᠠᠯ᠎ᠳᠤ ᠣᠷᠣᠯᠴᠠᠪᠠ᠃
    ᠢᠷᠡᠯᠲᠡ᠄
   

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠪᠦᠭᠦ ᠣᠷᠣᠨ᠎ᠤ ᠡᠨᠧᠷᠭᠢ ᠵᠢᠨ ᠴᠢᠬᠤᠯᠠ ᠶᠡᠭᠡ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ ᠬᠤᠷᠠᠯ ᠬᠤᠷᠠᠯᠳᠤᠪᠠ ᠬᠤᠸᠠᠩ ᡁᠢ ᠴᠢᠶᠠᠩ ᠬᠤᠷᠠᠯ᠎ᠢ ᠡᠷᠭᠢᠯᠡᠪᠡ
ᠥᠪᠡᠷᠲᠡᠭᠡᠨ ᠵᠠᠰᠠᠬᠤ ᠣᠷᠣᠨ᠎ᠤ ᠵᠢᠷᠭᠤᠳᠤᠭ᠋ᠠᠷ ᠬᠤᠭᠤᠴᠠᠭ᠋ᠠᠨ᠎ᠤ ᠵᠡᠮᠳᠡᠭᠴᠦᠳ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ ᠵᠢᠴᠢ ᠣᠨᠴᠠᠭ᠋ᠠᠢ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠵᠣᠬᠢᠶᠠᠨ ᠪᠠᠶ᠋ᠢᠭᠤᠯᠬᠤ ᠺᠣᠮᠢᠰ᠎ᠤᠨ ᠠᠩᠬᠠᠳᠤᠭ᠋ᠠᠷ ᠤᠳᠠᠭ᠋ᠠᠨ᠎ᠤ ᠪᠦᠭᠦᠳᠡ ᠬᠤᠷᠠᠯ ᠬᠤᠷᠠᠯᠳᠤᠪᠠ ᠴᠢ᠊ ᠪᠠᠲᠤ ᠬᠤᠷᠠᠯ᠎ᠢ ᠡᠷᠬᠢᠯᠡᠬᠦ ᠵᠢᠨ ᠬᠠᠮᠲᠤ ᠶᠠᠷᠢᠶ᠎ᠠ ᠲᠠᠯᠪᠢᠵᠠᠢ
 
            