5 ᠳ᠋ᠤᠭ᠋ᠠᠷ ᠰᠠᠷ᠎ᠠ ᠵᠢᠨ 30᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠶ᠋ᠢᠩᠭᠤ ᠵᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠩᠭᠤ ᠵᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠡᠷᠭᠢᠯᠡᠨ ᠬᠤᠷᠠᠯᠳᠤᠭᠤᠯᠵᠤ᠂ ᠪᠥᠬᠦ ᠣᠷᠣᠨ᠎ᠤ ᠠᠶᠤᠯᠲᠠᠢ ᠬᠢᠮᠢ ᠵᠢᠨ ᠪᠣᠳᠠᠰ᠎ᠤᠨ ᠠᠮᠤᠷ ᠲᠦᠪᠰᠢᠨ᠎ᠤ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠠᠵᠢᠯ᠎ᠳᠤ ᠲᠣᠬᠢᠷᠠᠭᠤᠯᠤᠯᠲᠠ ᠬᠢᠪᠡ᠃ ᠬᠤᠷᠠᠯ ᠳᠡᠭᠡᠷ᠎ᠡ᠂ ᠣᠶ᠋ᠢᠷ᠎ᠠ ᠵᠢᠨ ᠵᠢᠯ᠎ᠤᠨ ᠲᠤᠷᠰᠢᠬᠢ ᠣᠷᠣᠨ᠎ᠤ ᠳᠣᠲᠣᠷ᠎ᠠ ᠭᠠᠳᠠᠨᠠᠬᠢ ᠠᠶᠤᠯᠲᠠᠢ ᠬᠢᠮᠢ ᠵᠢᠨ ᠪᠣᠳᠠᠰ᠎ᠤᠨ ᠨᠡᠶ᠋ᠢᠲᠡᠯᠢᠭ ᠠᠮᠤᠷ ᠲᠦᠪᠰᠢᠨ᠎ᠤ ᠠᠳᠡᠯ᠎ᠳᠤ ᠭᠦᠨᠵᠡᠭᠡᠢ ᠵᠠᠳᠠᠯᠤᠯᠲᠠ ᠬᠢᠵᠡᠢ᠃
ᠬᠤᠸᠠᠩ ᡁᠢ ᠴᠢᠶᠠᠩ᠂ ᠮᠠᠨ᠎ᠤ ᠣᠷᠣᠨ ᠪᠣᠯ ᠪᠥᠬᠦ ᠤᠯᠤᠰ᠎ᠤᠨ ᠠᠶᠤᠯᠲᠠᠢ ᠬᠢᠮᠢ ᠵᠢᠨ ᠠᠵᠤ ᠦᠢ᠍ᠯᠡᠳᠪᠦᠷᠢ ᠵᠢᠨ ᠭᠤᠣᠯᠳᠠᠯᠭ᠎ᠠ᠎ᠲᠠᠢ ᠭᠠᠵᠠᠷ ᠣᠷᠣᠨ ᠪᠠ ᠴᠢᠬᠤᠯᠠ ᠬᠢᠮᠢ ᠵᠢᠨ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ᠎ᠤᠨ ᠭᠠᠵᠠᠷ ᠣᠷᠣᠨ ᠪᠠᠶ᠋ᠢᠵᠤ᠂ ᠠᠶᠤᠯᠲᠠᠢ ᠬᠢᠮᠢ ᠵᠢᠨ ᠪᠣᠳᠠᠰ᠎ᠤᠨ ᠠᠮᠤᠷ ᠲᠦᠪᠰᠢᠨ᠎ᠤ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ᠎ᠳᠤ ᠥᠴᠥᠬᠡᠨ ᠴᠦ᠍ ᠴᠠᠯᠠᠭ᠋ᠠᠶ᠋ᠢᠷᠠᠵᠤ ᠪᠣᠯᠬᠤ ᠦᠭᠡᠢ᠂ ᠥᠴᠥᠬᠡᠨ ᠴᠦ᠍ ᠣᠮᠲᠣᠭ᠋ᠠᠶ᠋ᠢᠯᠠᠵᠤ ᠪᠣᠯᠬᠤ ᠦᠭᠡᠢ᠃ ᠡᠯ᠎ᠡ ᠭᠠᠵᠠᠷ ᠣᠷᠣᠨ᠎ᠤ ᠡᠯ᠎ᠡ ᠰᠠᠯᠠᠭ᠎ᠠ ᠮᠥᠴᠢᠷ᠎ᠤᠨ᠎ᠬᠢᠨ ᠬᠢᠨᠠᠮᠠᠭ᠋ᠠᠢ ᠬᠠᠨᠳᠤᠵᠤ᠂ ᠠᠰᠠᠭᠤᠳᠠᠯ᠎ᠢ ᠢᠯᠡᠷᠡᠭᠦᠯᠬᠦ᠂ ᠠᠰᠠᠭᠤᠳᠠᠯ᠎ᠢ ᠰᠢᠢ᠍ᠳᠪᠦᠷᠢᠯᠡᠬᠦ ᠪᠣᠳᠣᠯ ᠪᠣᠯᠣᠨ ᠴᠢᠳᠠᠪᠤᠷᠢ ᠵᠢᠨ ᠲᠦᠪᠰᠢᠨ ᠵᠶ᠋ᠠᠨ ᠦᠨᠡᠨ ᠬᠦ᠌ ᠳᠡᠭᠡᠭᠰᠢᠯᠡᠭᠦᠯᠵᠦ᠂ ᠠᠶᠤᠯᠲᠠᠢ ᠬᠢᠮᠢ ᠵᠢᠨ ᠪᠣᠳᠠᠰ᠎ᠢ ᠦᠢ᠍ᠯᠡᠳᠪᠦᠷᠢᠯᠡᠬᠦ᠂ ᠬᠠᠳᠠᠭ᠋ᠠᠯᠠᠬᠤ᠂ ᠲᠡᠭᠡᠭᠡᠪᠦᠷᠢᠯᠡᠬᠦ᠂ ᠬᠡᠷᠡᠭᠯᠡᠬᠦ ᠵᠡᠷᠭᠡ ᠭᠤᠣᠯᠳᠠᠯᠭ᠎ᠠ᠎ᠲᠠᠢ ᠭᠤᠭᠴᠤᠭ᠎ᠠ ᠵᠢ ᠴᠢᠩᠭ᠎ᠠ ᠠᠩᠬᠠᠷᠴᠤ᠂ ᠬᠢᠮᠢ ᠵᠢᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ ᠵᠡᠷᠭᠡ ᠭᠤᠣᠯᠳᠠᠯᠭ᠎ᠠ᠎ᠲᠠᠢ ᠣᠷᠣᠨ ᠪᠦᠰᠡ ᠵᠢ ᠴᠢᠩᠭ᠎ᠠ ᠠᠩᠬᠠᠷᠴᠤ᠂ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠪᠣᠭᠤᠮᠲᠠ᠂ ᠬᠤᠯᠪᠣᠭ᠋ᠠᠯᠠᠨ ᠬᠢᠨᠠᠵᠤ ᠬᠤᠯᠪᠣᠭ᠋ᠠᠯᠠᠨ ᠵᠥᠪᠰᠢᠶᠡᠷᠡᠬᠦ ᠪᠣᠭᠤᠮᠲᠠ᠂ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠬᠤ ᠪᠣᠭᠤᠮᠲᠠ᠂ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠪᠣᠭᠤᠮᠲᠠ᠂ ᠡᠬᠢ ᠪᠠᠶᠠᠯᠢᠭ᠎ᠤᠨ ᠣᠷᠣᠭᠤᠯᠤᠯᠲᠠ ᠵᠢᠨ ᠪᠣᠭᠤᠮᠲᠠ ᠵᠡᠷᠭᠡ ᠣᠯᠠᠨ ᠲᠠᠯ᠎ᠠ᠎ᠠᠴᠠ ᠭᠠᠷᠳᠠᠵᠤ᠂ ᠠᠶᠤᠯᠲᠠᠢ ᠬᠢᠮᠢ ᠵᠢᠨ ᠪᠣᠳᠠᠰ᠎ᠤᠨ ᠠᠮᠤᠷ ᠲᠦᠪᠰᠢᠨ᠎ᠤ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠠᠵᠢᠯ᠎ᠢ ᠰᠢᠰᠲ᠋ᠧᠮ᠎ᠲᠠᠢ ᠰᠠᠶ᠋ᠢᠲᠤᠷ ᠬᠢᠵᠦ᠂ ᠬᠦᠨᠳᠦ ᠶᠡᠭᠡ ᠣᠨᠴᠠ ᠶᠡᠭᠡ ᠠᠳᠡᠯ ᠡᠭᠦᠰᠬᠦ ᠵᠢ ᠡᠷᠡᠰ ᠰᠡᠷᠭᠡᠶ᠋ᠢᠯᠡᠨ ᠬᠤᠷᠢᠭᠯᠠᠬᠤ ᠬᠡᠷᠡᠭᠲᠡᠢ ᠭᠡᠵᠡᠢ᠃