9 ᠳ᠋ᠦ᠍ᠭᠡᠷ ᠰᠠᠷ᠎ᠠ ᠵᠢᠨ 4᠎ᠤ ᠡᠳᠦᠷ᠂ ᠪᠥᠬᠦ ᠣᠷᠣᠨ᠎ᠤ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠨᠡᠮᠡᠭᠳᠡᠯ ᠬᠠᠰᠤᠭᠳᠠᠯ᠎ᠢ ᠬᠤᠯᠪᠣᠭᠳᠠᠭᠤᠯᠬᠤ ᠫᠷᠤᠵᠧᠺᠲ᠎ᠤᠨ ᠲᠤᠷᠰᠢᠯᠭ᠎ᠠ ᠰᠣᠯᠢᠯᠴᠠᠬᠤ ᠠᠬᠤᠢ ᠲᠠᠯᠠᠪᠠᠢ ᠵᠢᠨ ᠬᠤᠷᠠᠯ ᠬᠢᠩᠭ᠋ᠠᠨ ᠠᠶ᠋ᠢᠮᠠᠭ᠎ᠤᠨ ᠵᠠᠯᠠᠶ᠋ᠢᠳ ᠬᠤᠰᠢᠭᠤᠨ᠎ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠶᠣᠣ ᠶᠦᠩ ᠪᠥᠸᠧ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ᠃
ᠬᠤᠷᠠᠯ᠎ᠠᠴᠠ᠂ ᠦᠵᠡᠯ ᠰᠠᠨᠠᠭ᠎ᠠ ᠲᠠᠨᠢᠯᠲᠠ᠎ᠪᠠᠨ ᠳᠡᠭᠡᠭᠰᠢᠯᠡᠭᠦᠯᠵᠦ᠂ ᠨᠡᠮᠡᠭᠳᠡᠯ ᠬᠠᠰᠤᠭᠳᠠᠯ᠎ᠢ ᠬᠤᠯᠪᠣᠭᠳᠠᠭᠤᠯᠬᠤ ᠠᠵᠢᠯ᠎ᠢ ᠰᠠᠶ᠋ᠢᠲᠤᠷ ᠬᠢᠬᠦ ᠬᠠᠷᠢᠭᠤᠴᠠᠯᠭ᠋ᠠᠲᠤ ᠰᠡᠳᠬᠢᠯᠭᠡ ᠲᠤᠯᠭ᠋ᠠᠮ᠎ᠠ ᠰᠡᠳᠬᠢᠯᠭᠡ᠎ᠪᠠᠨ ᠴᠢᠩᠭ᠋ᠠᠳᠬᠠᠵᠤ᠂ ᠤᠯᠤᠰ᠎ᠤᠨ ᠬᠠᠮᠢᠶ᠎ᠠ ᠪᠦᠬᠦᠢ ᠲᠦᠷᠦ ᠵᠢᠨ ᠪᠣᠳᠣᠯᠭ᠎ᠠ ᠵᠢ ᠭᠦᠢ᠍ᠴᠡᠳ ᠰᠠᠶ᠋ᠢᠲᠤᠷ ᠬᠡᠷᠡᠭᠯᠡᠬᠦ ᠬᠡᠷᠡᠭᠲᠡᠢ᠃ ᠠᠵᠢᠯ᠎ᠤᠨ ᠭᠤᠣᠯᠳᠠᠯᠭ᠎ᠠ᠎ᠪᠠᠨ ᠳᠤᠪᠤᠶ᠋ᠢᠯᠭ᠋ᠠᠵᠤ᠂ ᠲᠥᠯᠥᠪᠵᠢᠭᠦᠯᠦᠨ ᠪᠠᠶ᠋ᠢᠷᠢᠰᠢᠭᠤᠯᠬᠤ᠂ ᠳᠦᠷᠦᠯ ᠬᠤᠪᠢᠶᠠᠨ ᠳᠦᠷᠦ ᠵᠢᠨ ᠪᠣᠳᠣᠯᠭ᠎ᠠ ᠬᠡᠷᠡᠭᠵᠢᠭᠦᠯᠬᠦ᠂ ᠫᠷᠤᠵᠧᠺᠲ᠎ᠤᠨ ᠪᠦᠲᠦᠭᠡᠨ ᠪᠠᠶ᠋ᠢᠭᠤᠯᠤᠯᠲᠠ ᠪᠣᠯᠣᠨ ᠦᠷᠭᠦᠯᠵᠢᠯᠡᠨ ᠬᠠᠮᠢᠶᠠᠷᠴᠤ ᠬᠠᠮᠠᠭ᠋ᠠᠯᠠᠬᠤ ᠵᠢ ᠯᠠᠪᠳᠠᠭᠤᠨ ᠪᠠᠲᠤᠲᠠᠢ ᠠᠬᠢᠭᠤᠯᠵᠤ᠂ ᠡᠯ᠎ᠡ ᠳᠦᠷᠦᠯ᠎ᠤᠨ ᠬᠠᠷᠠᠯᠲᠠ ᠡᠭᠦᠷᠭᠡ ᠵᠢ ᠪᠡᠶᠡᠯᠡᠭᠦᠯᠬᠦ ᠵᠢ ᠪᠠᠲᠤᠯᠠᠬᠤ ᠬᠡᠷᠡᠭᠲᠡᠢ᠃ ᠡᠯ᠎ᠡ ᠲᠠᠯ᠎ᠠ ᠵᠢᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠠᠶ᠋ᠢᠮᠠᠭ ᠬᠤᠲᠠ᠂ ᠬᠤᠰᠢᠭᠤ ᠰᠢᠶᠠᠨ᠎ᠤ ᠳᠡᠭᠡᠳᠦ ᠳᠣᠣᠷᠠᠳᠤ ᠱᠠᠲᠤ᠎ᠪᠠᠷ ᠵᠶ᠋ᠠᠨ ᠬᠤᠯᠪᠤᠭ᠋ᠠᠯᠠᠨ ᠬᠥᠳᠡᠯᠦᠯᠴᠡᠵᠦ᠂ ᠬᠠᠮᠵᠢᠯᠴᠠᠨ ᠬᠦᠴᠦᠯᠡᠵᠦ᠂ ᠨᠡᠮᠡᠭᠳᠡᠯ ᠬᠠᠰᠤᠭᠳᠠᠯ᠎ᠢ ᠬᠤᠯᠪᠣᠭᠳᠠᠭᠤᠯᠬᠤ ᠠᠵᠢᠯ᠎ᠢ ᠨᠠᠶ᠋ᠢᠳᠠᠪᠤᠷᠢᠵᠢᠭᠤᠯᠤᠨ ᠪᠣᠳᠠᠲᠠᠶ᠋ᠢᠵᠢᠭᠤᠯᠬᠤ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠤᠨ ᠬᠤᠭᠤᠴᠠᠭ᠋ᠠᠨ᠎ᠳᠤ᠂ ᠬᠤᠷᠠᠯ᠎ᠳᠤ ᠣᠷᠣᠯᠴᠠᠭᠰᠠᠨ ᠲᠥᠯᠥᠭᠡᠯᠡᠭᠴᠢᠳ ᠬᠢᠩᠭ᠋ᠠᠨ ᠠᠶ᠋ᠢᠮᠠᠭ᠎ᠤᠨ ᠵᠠᠯᠠᠶ᠋ᠢᠳ ᠬᠤᠰᠢᠭᠤᠨ᠎ᠤ ᠨᠡᠮᠡᠭᠳᠡᠯ ᠬᠠᠰᠤᠭᠳᠠᠯ᠎ᠢ ᠬᠤᠯᠪᠣᠭᠳᠠᠭᠤᠯᠬᠤ ᠫᠷᠤᠵᠧᠺᠲᠢ ᠲᠤᠬᠠᠢ ᠵᠢᠨ ᠭᠠᠵᠠᠷ᠎ᠲᠤᠨᠢ ᠲᠣᠭᠤᠷᠢᠨ ᠦᠵᠡᠪᠡ᠃