11 ᠰᠠᠷ᠎ᠠ ᠵᠢᠨ 4᠎ᠤ ᠡᠳᠦᠷ᠂ 《ᠬᠠᠮᠢᠶᠠᠷᠤᠯᠲᠠ ᠵᠢᠨ ᠰᠢᠨ᠎ᠡ ᠵᠢ ᠡᠭᠦᠳᠴᠦ ᠳᠡᠰ ᠳᠡᠪᠰᠢᠭᠦᠯᠵᠦ ᠪᠠᠷᠢᠯᠭ᠎ᠠ ᠵᠢᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ》᠎ᠪᠠᠷ ᠭᠤᠣᠯ ᠰᠡᠳᠦᠪ ᠪᠣᠯᠭ᠋ᠠᠭᠰᠠᠨ ᠥᠪᠥᠷ ᠮᠣᠩᠭᠤᠯ᠎ᠤᠨ ᠪᠠᠷᠢᠯᠭ᠎ᠠ ᠵᠢᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢᠨ ᠶᠡᠭᠡ ᠬᠤᠷᠠᠯ ᠬᠥᠬᠡᠬᠤᠲᠠ᠎ᠳᠤ ᠡᠬᠢᠯᠡᠪᠡ᠃
ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠶᠣᠣ ᠶᠦᠩ ᠪᠦᠸᠧ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ᠎ᠤ ᠦᠢ᠍ᠯᠡᠳᠪᠦᠷᠢ ᠬᠤᠳᠠᠯᠳᠤᠭ᠋ᠠᠨ᠎ᠤ ᠬᠤᠯᠪᠣᠭ᠎ᠠ ᠵᠢᠨ ᠲᠡᠷᠢᠭᠦᠯᠡᠭᠴᠢ ᠠᠨ ᠷᠦᠨ ᠱᠧᠩ ᠣᠷᠣᠯᠴᠠᠵᠠᠢ᠃
ᠪᠠᠷᠢᠯᠭ᠎ᠠ ᠵᠢᠨ ᠦᠢ᠍ᠯᠡᠰ ᠪᠣᠯ ᠤᠯᠤᠰ ᠠᠷᠠᠳ᠎ᠤᠨ ᠠᠵᠤ ᠠᠬᠤᠢ ᠵᠢᠨ ᠲᠤᠯᠭ᠋ᠠᠭᠤᠷᠢ ᠠᠵᠤ ᠦᠢ᠍ᠯᠡᠰ ᠪᠣᠯᠣᠨ᠎ᠠ᠃ ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠥᠪᠥᠷ ᠮᠣᠩᠭᠤᠯ᠎ᠤᠨ ᠪᠠᠷᠢᠯᠭ᠎ᠠ ᠵᠢᠨ ᠦᠢ᠍ᠯᠡᠰ᠎ᠤᠨ ᠬᠥᠭᠵᠢᠯᠲᠡ ᠲᠡᠦᠬᠡᠲᠦ ᠴᠢᠨᠠᠷᠲᠠᠢ ᠳᠠᠪᠠᠯᠲᠠ ᠵᠢ ᠪᠡᠶᠡᠯᠡᠭᠦᠯᠵᠦ᠂ ᠦᠢ᠍ᠯᠡᠳᠬᠦᠨ᠎ᠤ ᠶᠡᠷᠦᠩᠬᠡᠢ ᠥᠷᠲᠡᠭ ᠨᠡᠶ᠋ᠢᠲᠡ 1.46 ᠲᠦᠮᠡᠨ ᠳ᠋ᠦᠩᠰᠢᠭᠤᠷ ᠲᠥᠭᠦᠷᠢᠭ ᠨᠡᠮᠡᠭᠳᠡᠵᠦ᠂ ᠵᠢᠯ ᠳᠤᠮᠳᠠᠴᠢ ᠵᠢᠨ GDP᠎ᠳᠠᠬᠢ ᠡᠵᠡᠯᠡᠬᠦ ᠬᠤᠪᠢ ᠵᠢᠨ ᠵᠢᠩ 7% ᠣᠷᠴᠢᠮ ᠪᠠᠶ᠋ᠢᠬᠤ ᠵᠢ ᠪᠠᠲᠤᠯᠠᠪᠠ᠃
ᠡᠬᠢᠯᠡᠯᠲᠡ ᠵᠢᠨ ᠶᠣᠰᠣᠯᠠᠯ ᠳᠡᠭᠡᠷ᠎ᠡ᠂ ᠥᠪᠥᠷ ᠮᠣᠩᠭᠤᠯ᠎ᠤᠨ ᠪᠠᠷᠢᠯᠭ᠎ᠠ ᠵᠢᠨ ᠦᠢ᠍ᠯᠡᠰ᠎ᠤᠨ ᠳᠠᠭ᠋ᠠᠭᠤᠯᠤᠭᠴᠢ ᠠᠵᠤ ᠠᠬᠤᠶ᠋ᠢᠯᠠᠯ᠎ᠢ ᠨᠡᠶ᠋ᠢᠲᠡᠯᠡᠬᠦ ᠶᠣᠰᠣᠯᠠᠯ ᠶᠠᠪᠤᠭᠤᠯᠵᠤ᠂ ᠰᠢᠩ᠎ᠲᠠᠢ ᠪᠦᠲᠦᠭᠡᠨ ᠪᠠᠶ᠋ᠢᠭᠤᠯᠤᠯᠲᠠ ᠵᠢᠨ ᠪᠦᠯᠦᠭᠯᠡᠯ ᠵᠡᠷᠭᠡ 64 ᠳᠠᠭ᠋ᠠᠭᠤᠯᠤᠭᠴᠢ ᠠᠵᠤ ᠠᠬᠤᠶ᠋ᠢᠯᠠᠯ᠎ᠳᠤ ᠫᠠᠶ᠋ᠢᠰᠠ ᠣᠯᠭᠤᠪᠠ᠃ ᠥᠪᠥᠷ ᠮᠣᠩᠭᠤᠯ᠎ᠤᠨ ᠪᠠᠷᠢᠯᠭ᠎ᠠ ᠵᠢᠨ ᠠᠵᠤ ᠦᠢ᠍ᠯᠡᠰ᠎ᠤᠨ ᠢᠨᠲ᠋ᠧᠷ ᠰᠦᠯᠵᠢᠶᠡᠨ᠎ᠤ ᠲᠠᠪᠴᠠᠩ᠎ᠢ ᠰᠦᠯᠵᠢᠶᠡᠨ᠎ᠳᠤ ᠣᠷᠣᠭᠤᠯᠤᠨ ᠨᠡᠶ᠋ᠢᠲᠡᠯᠡᠪᠡ᠃