ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠪᠦᠬᠦ ᠣᠷᠣᠨ᠎ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠪᠦᠬᠦ᠋ᠢ᠍ᠯᠡ ᠣᠷᠣᠨ ᠪᠦᠰᠡ᠎ᠪᠠᠷ᠎ᠨᠢ ᠠᠬᠢᠭᠤᠯᠬᠤ ᠲᠤᠷᠰᠢᠯᠲᠠ ᠵᠢᠨ ᠲᠤᠬᠠᠢ ᠵᠢᠨ ᠲᠠᠯᠠᠪᠤᠷ᠎ᠲᠤ ᠲᠣᠭᠤᠷᠢᠨ ᠦᠵᠡᠬᠦ ᠵᠢᠴᠢ ᠬᠠᠷ᠎ᠠ ᠬᠥᠷᠥᠰᠥᠲᠦ ᠭᠠᠵᠠᠷ᠎ᠢ ᠬᠠᠮᠠᠭ᠋ᠠᠯᠠᠬᠤ ᠢᠨᠵᠧᠨᠧᠷᠢᠩ᠎ᠢ ᠠᠬᠢᠭᠤᠯᠬᠤ ᠬᠤᠷᠠᠯ ᠬᠢᠩᠭ᠋ᠠᠨ ᠠᠶ᠋ᠢᠮᠠᠭ᠎ᠲᠤ ᠬᠤᠷᠠᠯᠳᠤᠪᠠ ᠳᠠᠶ᠋ᠢᠴᠢᠨ ᠬᠤᠷᠠᠯ᠎ᠳᠤ ᠣᠷᠣᠯᠴᠠᠵᠠᠢ
ᠨᠡᠶᠢᠲᠡᠯᠡᠭᠰᠡᠨ ᠴᠠᠭ᠄ 2023-11-09


   11 ᠳ᠋ᠦ᠍ᠭᠡᠷ ᠰᠠᠷ᠎ᠠ ᠵᠢᠨ 7᠎ᠤ ᠡᠳᠦᠷ᠂ ᠪᠥᠬᠦ ᠣᠷᠣᠨ᠎ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠪᠦᠬᠦ᠋ᠢ᠍ᠯᠡ ᠣᠷᠣᠨ ᠪᠦᠰᠡ᠎ᠪᠠᠷ᠎ᠨᠢ ᠠᠬᠢᠭᠤᠯᠬᠤ ᠲᠤᠷᠰᠢᠯᠲᠠ ᠵᠢᠨ ᠲᠤᠬᠠᠢ ᠵᠢᠨ ᠲᠠᠯᠠᠪᠤᠷ᠎ᠲᠤ ᠲᠣᠭᠤᠷᠢᠨ ᠦᠵᠡᠬᠦ ᠵᠢᠴᠢ ᠬᠠᠷ᠎ᠠ ᠬᠥᠷᠥᠰᠥᠲᠦ ᠭᠠᠵᠠᠷ᠎ᠢ ᠬᠠᠮᠠᠭ᠋ᠠᠯᠠᠬᠤ ᠢᠨᠵᠧᠨᠧᠷᠢᠩ᠎ᠢ ᠠᠬᠢᠭᠤᠯᠬᠤ ᠬᠤᠷᠠᠯ ᠬᠢᠩᠭ᠋ᠠᠨ ᠠᠶ᠋ᠢᠮᠠᠭ᠎ᠲᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠳᠠᠶ᠋ᠢᠴᠢᠨ ᠬᠤᠷᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠢ᠃
    ᠬᠤᠷᠠᠯ ᠳᠡᠭᠡᠷ᠎ᠡ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠴᠢᠬᠤᠯᠠ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠪᠦᠬᠦ᠋ᠢ᠍ᠯᠡ ᠣᠷᠣᠨ ᠪᠦᠰᠡ ᠵᠢᠨ ᠪᠦᠲᠦᠭᠡᠨ ᠪᠠᠶ᠋ᠢᠭᠤᠯᠤᠯᠲᠠ᠎ᠪᠠᠷ ᠭᠠᠷᠳᠠᠴᠠ ᠪᠣᠯᠭ᠋ᠠᠨ᠂ ᠲᠣᠭᠲᠠᠴᠠ ᠵᠢᠨ ᠰᠢᠨ᠎ᠡ ᠵᠢ ᠡᠭᠦᠳᠬᠦ ᠵᠢ ᠴᠢᠬᠤᠯᠠᠴᠢᠯᠠᠵᠤ᠂ ᠲᠤᠷᠰᠢᠯᠲᠠ ᠬᠢᠵᠦ ᠵᠢᠱ᠌ᠢᠶ᠎ᠡ ᠦᠵᠡᠭᠦᠯᠬᠦ ᠵᠢ ᠴᠢᠩᠭ᠋ᠠᠳᠬᠠᠨ᠂ 《ᠵᠢᠵᠢᠭ ᠲᠠᠷᠢᠶ᠎ᠠ ᠵᠢ ᠶᠡᠭᠡ ᠲᠠᠷᠢᠶ᠎ᠠ᠎ᠲᠠᠢ ᠨᠡᠶ᠋ᠢᠯᠡᠭᠦᠯᠬᠦ》᠂ ᠬᠡᠪᠴᠢᠶᠡᠵᠢᠭᠦᠯᠦᠨ ᠡᠵᠡᠩᠨᠡᠬᠦ ᠵᠢ ᠨᠢᠭᠡᠳᠦᠯᠲᠡᠢ ᠲᠥᠯᠥᠪᠯᠡᠨ ᠠᠬᠢᠭᠤᠯᠵᠤ᠂ ᠰᠢᠨ᠎ᠡ᠎ᠪᠠᠷ ᠨᠡᠮᠡᠭᠳᠡᠭᠰᠡᠨ ᠲᠠᠷᠢᠶᠠᠨ ᠭᠠᠵᠠᠷ᠎ᠢ ᠥᠨᠳᠥᠷ ᠪᠦᠲᠦᠮᠵᠢᠲᠡᠶ᠎ᠪᠠᠷ ᠠᠰᠢᠭᠯᠠᠬᠤ ᠪᠠ ᠬᠠᠷ᠎ᠠ ᠬᠥᠷᠥᠰᠥᠲᠦ ᠭᠠᠵᠠᠷ᠎ᠢ ᠬᠠᠮᠠᠭ᠋ᠠᠯᠠᠨ ᠠᠰᠢᠭᠯᠠᠬᠤ ᠵᠢ ᠨᠢᠭᠡᠳᠦᠯᠲᠡᠢ ᠲᠥᠯᠥᠪᠯᠡᠨ ᠠᠬᠢᠭᠤᠯᠵᠤ᠂ ᠲᠦᠰᠦᠯ᠎ᠤᠨ ᠪᠦᠲᠦᠭᠡᠨ ᠪᠠᠶ᠋ᠢᠭᠤᠯᠤᠯᠲᠠ ᠵᠢ ᠥᠨᠳᠥᠷ ᠪᠦᠲᠦᠮᠵᠢᠲᠡᠶ᠎ᠪᠠᠷ ᠠᠬᠢᠭᠤᠯᠵᠤ᠂ ᠠᠷᠭ᠎ᠠ ᠪᠦᠬᠦᠨ᠎ᠢ ᠰᠦᠪᠡᠭᠴᠢᠯᠡᠨ ᠪᠠᠷᠢᠮᠵᠢᠶ᠎ᠠ ᠵᠢ ᠳᠡᠭᠡᠭᠰᠢᠯᠡᠭᠦᠯᠵᠦ᠂ ᠶᠠᠪᠤᠴᠠ ᠵᠢᠨ ᠬᠠᠮᠢᠶᠠᠷᠤᠯᠲᠠ ᠪᠠ ᠰᠡᠭᠦᠯᠴᠢ ᠵᠢᠨ ᠬᠤᠭᠤᠴᠠᠭ᠋ᠠᠨ᠎ᠤ ᠬᠠᠮᠢᠶᠠᠷᠤᠯᠲᠠ ᠬᠠᠮᠠᠭ᠋ᠠᠯᠠᠯᠲᠠ ᠵᠢ ᠴᠢᠩᠭ᠎ᠠ ᠮᠥᠷᠲᠡᠭᠡᠨ ᠪᠣᠳᠠᠲᠠᠢ ᠠᠳᠬᠤᠨ᠂ ᠦᠨᠳᠦᠰᠦᠨ ᠲᠠᠷᠢᠶᠠᠨ ᠭᠠᠵᠠᠷ᠎ᠢ ᠡᠷᠲᠡᠬᠡᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭ᠋ᠠᠨ ᠪᠦᠲᠦᠭᠡᠨ ᠪᠠᠶ᠋ᠢᠭᠤᠯᠬᠤ᠎ᠪᠠᠷ ᠴᠢᠷᠮᠠᠶ᠋ᠢᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
   
   

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠪᠦᠬᠦ ᠣᠷᠣᠨ᠎ᠤ ᠵᠢᠭᠤᠯᠴᠢᠯᠠᠯ᠎ᠤᠨ ᠭᠥᠭᠵᠢᠭᠦᠯᠦᠯᠲᠡ ᠵᠢᠨ ᠶᠡᠭᠡ ᠬᠤᠷᠠᠯ ᠤᠯᠠᠭ᠋ᠠᠨᠬᠠᠳᠠ ᠬᠤᠲᠠ᠎ᠳᠤ ᠬᠤᠷᠠᠯᠳᠤᠪᠠ ᠶᠠᠩ ᠵᠢᠨ ᠶᠠᠷᠢᠶ᠎ᠠ ᠲᠠᠯᠪᠢᠵᠠᠢ
ᠪᠦᠬᠦ ᠣᠷᠣᠨ᠎ᠤ ᠠᠶᠤᠯ ᠦᠭᠡᠢ ᠦᠢ᠍ᠯᠡᠳᠪᠦᠷᠢᠯᠡᠯ ᠵᠢᠴᠢ ᠨᠠᠮᠤᠷ ᠡᠪᠦᠯ᠎ᠤᠨ ᠤᠯᠠᠷᠢᠯ᠎ᠳᠠᠬᠢ ᠣᠢ ᠲᠠᠯ᠎ᠠ ᠵᠢᠨ ᠲᠦᠢ᠍ᠮᠡᠷ᠎ᠢ ᠰᠡᠷᠭᠡᠶ᠋ᠢᠯᠡᠬᠦ ᠪᠠ ᠤᠨᠲᠠᠷᠠᠭ᠋ᠠᠬᠤ ᠠᠵᠢᠯ᠎ᠤᠨ ᠬᠤᠷᠠᠯ ᠬᠤᠷᠠᠯᠳᠤᠪᠠ ᠬᠤᠸᠠᠩ ᡁᠢ ᠴᠢᠶᠠᠩ ᠶᠠᠷᠢᠶ᠎ᠠ ᠲᠠᠯᠪᠢᠵᠤ ᠪᠦᠦ ᠰᠢᠶᠠᠨ ᠬᠤᠸᠠ ᠳᠠᠶ᠋ᠢᠴᠢᠨ ᠶᠠᠩ ᠵᠢᠨ ᠬᠤᠷᠠᠯ᠎ᠳᠤ ᠣᠷᠣᠯᠴᠠᠪᠠ
ᠪᠦᠬᠦ ᠣᠷᠣᠨ᠎ᠤ ᠠᠶᠤᠯᠲᠠᠢ ᠬᠢᠮᠢ ᠵᠢᠨ ᠪᠣᠳᠠᠰ᠎ᠤᠨ ᠠᠮᠤᠷ ᠲᠦᠪᠰᠢᠨ᠎ᠤ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠠᠵᠢᠯ᠎ᠤᠨ ᠬᠤᠷᠠᠯ᠎ᠢ ᠬᠤᠷᠠᠯᠳᠤᠭᠤᠯᠪᠠ ᠬᠤᠸᠠᠩ ᡁᠢ ᠴᠢᠶᠠᠩ ᠬᠤᠷᠠᠯ᠎ᠢ ᠡᠷᠬᠢᠯᠡᠪᠡ
ᠬᠤᠪᠣᠷ ᠰᠢᠷᠣᠢ ᠵᠢᠨ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢᠨ ᠬᠠᠮᠵᠢᠯᠴᠠᠨ ᠬᠥᠭᠵᠢᠬᠦ ᠬᠤᠷᠠᠯ ᠪᠤᠭᠤᠲᠤ᠎ᠳᠤ ᠬᠤᠷᠠᠯᠳᠤᠪᠠ ᠪᠠᠢ ᠴᠢᠩ ᠶᠤᠸᠠᠨ ᠪᠠᠶᠠᠷ᠎ᠤᠨ ᠦᠭᠡ ᠬᠡᠯᠡᠵᠡᠢ
 
            