ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠥᠪᠡᠷᠲᠡᠭᠡᠨ ᠵᠠᠰᠠᠬᠤ ᠣᠷᠣᠨ᠎ᠤ ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠲᠥᠯᠥᠭᠡᠯᠡᠭᠴᠢᠳ᠎ᠤᠨ ᠪᠦᠯᠬᠦᠮ᠎ᠤᠨ ᠳᠠᠷᠤᠭ᠎ᠠ ᠨᠠᠷ᠎ᠤᠨ ᠬᠤᠷᠠᠯ ᠬᠤᠷᠠᠯᠳᠤᠪᠠ ᠶᠣᠣ ᠶᠦᠩ ᠪᠥᠸᠧ ᠬᠤᠷᠠᠯ᠎ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄ 2023-08-10


   8 ᠳ᠋ᠤᠭ᠋ᠠᠷ ᠰᠠᠷ᠎ᠠ ᠵᠢᠨ 8᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠲᠥᠯᠥᠭᠡᠯᠡᠭᠴᠢᠳ᠎ᠤᠨ ᠪᠦᠯᠬᠦᠮ᠎ᠤᠨ ᠳᠠᠷᠤᠭ᠎ᠠ ᠨᠠᠷ᠎ᠤᠨ ᠬᠤᠷᠠᠯ ᠣᠷᠳᠣᠰ ᠬᠤᠲᠠ᠎ᠳᠤ ᠬᠤᠷᠠᠯᠳᠤᠪᠠ᠃
    ᠥᠪᠡᠷᠲᠡᠭᠡᠨ ᠵᠠᠰᠠᠬᠤ ᠣᠷᠣᠨ᠎ᠤ 《ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ》᠎ᠤ ᠵᠣᠬᠢᠶᠠᠨ ᠪᠠᠶ᠋ᠢᠭᠤᠯᠬᠤ ᠺᠣᠮᠢᠰ᠎ᠤᠨ ᠳᠡᠳ᠋ ᠡᠷᠬᠢᠯᠡᠭᠴᠢ᠂ ᠭᠦᠢ᠍ᠴᠡᠳᠬᠡᠬᠦ ᠺᠣᠮᠢᠰ᠎ᠤᠨ ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠶᠣᠣ ᠶᠦᠩ ᠪᠥᠸᠧ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃
    ᠬᠤᠷᠠᠯ᠎ᠠᠴᠠ 《ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ》᠎ᠤ ᠪᠡᠯᠡᠳᠬᠡᠯ ᠪᠠ ᠤᠷᠤᠯᠳᠤᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠬᠤᠯᠪᠣᠭᠳᠠᠯ ᠪᠦᠬᠦᠢ ᠪᠠᠶ᠋ᠢᠳᠠᠯ᠎ᠢ ᠮᠡᠳᠡᠭᠳᠡᠵᠦ᠂ ᠡᠬᠢᠯᠡᠯᠲᠡ ᠵᠢᠨ ᠶᠣᠰᠣᠯᠠᠯ᠎ᠤᠨ ᠠᠵᠢᠯᠯᠠᠭ᠎ᠠ᠂ ᠤᠷᠤᠯᠳᠤᠭ᠋ᠠᠨ᠎ᠤ ᠶᠠᠪᠤᠳᠠᠯ᠎ᠤᠨ ᠵᠣᠬᠢᠶᠠᠨ ᠪᠠᠶ᠋ᠢᠭᠤᠯᠤᠯᠲᠠ ᠵᠢᠴᠢ ᠠᠮᠤᠷ ᠲᠦᠪᠰᠢᠨ᠎ᠤ ᠪᠠᠲᠤᠯᠠᠭ᠎ᠠ᠂ ᠵᠠᠭᠤᠴᠢᠯᠠᠭᠤᠷ᠎ᠤᠨ ᠤᠬᠠᠭᠤᠯᠭ᠎ᠠ᠂ ᠬᠦᠯᠢᠶᠡᠨ ᠠᠪᠬᠤ ᠦᠢ᠍ᠯᠡᠴᠢᠯᠡᠭᠡ ᠵᠡᠷᠭᠡ ᠭᠤᠣᠯᠳᠠᠯᠭ᠎ᠠ᠎ᠲᠠᠢ ᠠᠵᠢᠯ᠎ᠢ ᠰᠠᠶ᠋ᠢᠲᠤᠷ ᠬᠢᠬᠦ ᠲᠠᠬᠢᠨ ᠲᠣᠬᠢᠷᠠᠭᠤᠯᠵᠤ ᠲᠠᠬᠢᠨ ᠪᠠᠶ᠋ᠢᠷᠢᠯᠠᠭᠤᠯᠪᠠ᠃
    ᠣᠶ᠋ᠢᠯᠠᠭ᠋ᠠᠭᠰᠠᠨ ᠵᠶ᠋ᠠᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠡᠬᠢᠯᠡᠯᠲᠡ ᠵᠢᠨ ᠶᠣᠰᠣᠯᠠᠯ 8 ᠳ᠋ᠤᠭ᠋ᠠᠷ ᠰᠠᠷ᠎ᠠ ᠵᠢᠨ 8᠎ᠤ ᠣᠷᠣᠢ ᠶᠠᠪᠤᠭᠳᠠᠵᠤ᠂ ᠲᠣᠰ ᠬᠤᠭᠤᠴᠠᠭ᠋ᠠᠨ᠎ᠤ ᠤᠷᠤᠯᠳᠤᠭ᠋ᠠᠨ᠎ᠳᠤ ᠮᠠᠨ᠎ᠤ ᠣᠷᠣᠨ᠎ᠤ ᠪᠡᠶ᠎ᠡ ᠵᠢᠨ ᠲᠠᠮᠢᠷ᠎ᠤᠨ ᠦᠢ᠍ᠯᠡᠰ᠎ᠤᠨ ᠬᠥᠭᠵᠢᠯᠲᠡ ᠵᠢᠨ ᠣᠨᠴᠠᠯᠢᠭ ᠪᠠ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠲᠥᠷᠥᠯ ᠵᠦᠢ᠍ᠯ᠎ᠤᠨ ᠬᠥᠭᠵᠢᠯᠲᠡ ᠵᠢᠨ ᠲᠥᠯᠦᠪᠵᠢᠭᠦᠯᠭᠡ ᠵᠢ ᠦᠨᠳᠦᠰᠦᠯᠡᠨ᠂ ᠠᠶ᠋ᠢᠮᠠᠭ ᠬᠤᠲᠠ ᠵᠢᠨ ᠳᠤᠭᠤᠶ᠋ᠢᠯᠠᠩ᠂ ᠣᠯᠠᠨ ᠲᠦᠮᠡᠨ᠎ᠤ ᠳᠤᠭᠤᠶ᠋ᠢᠯᠠᠩ ᠭᠡᠰᠡᠨ 2 ᠳᠤᠭᠤᠶ᠋ᠢᠯᠠᠩ ᠲᠣᠬᠢᠷᠠᠭᠤᠯᠵᠤ᠂ ᠨᠡᠶ᠋ᠢᠲᠡ 44 ᠶᠡᠭᠡ ᠲᠥᠷᠥᠯ᠂ 1232 ᠪᠠᠭ᠎ᠠ ᠲᠥᠷᠥᠯ ᠲᠣᠬᠢᠷᠠᠭᠤᠯᠪᠠ᠃
   

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
2023 ᠣᠨ᠎ᠤ ᠪᠦᠭᠦ ᠣᠷᠣᠨ᠎ᠤ ᠠᠵᠢᠯ ᠣᠯᠭᠤᠬᠤ ᠪᠠ ᠦᠢ᠍ᠯᠡᠰ ᠪᠣᠰᠬᠠᠬᠤ ᠵᠢ ᠠᠬᠢᠭᠤᠯᠬᠤ ᠬᠤᠷᠠᠯ ᠵᠢᠴᠢ ᠨᠠᠮᠤᠷ᠎ᠤᠨ ᠤᠯᠠᠷᠢᠯ᠎ᠤᠨ ᠠᠵᠢᠯᠲᠠᠨ ᠡᠯᠰᠡᠬᠦ ᠬᠤᠷᠠᠯ ᠤᠯᠠᠭ᠋ᠠᠨᠴᠠᠪ ᠬᠤᠲᠠ᠎ᠳᠤ ᠬᠤᠷᠠᠯᠳᠤᠪᠠ ᠴᠢ᠊ ᠪᠠᠲᠤ ᠤᠷᠤᠯᠴᠠᠬᠰᠠᠨ ᠪᠥᠭᠡᠳ ᠶᠠᠷᠢᠶ᠎ᠠ ᠲᠠᠯᠪᠢᠵᠠᠢ
2023 ᠣᠨ᠎ᠤ ᠳᠤᠮᠳᠠᠳᠤ ᠤᠯᠤᠰ᠎ᠤᠨ ᠴᠠᠬᠢᠭᠤᠷ᠎ᠤᠨ ᠦᠢ᠍ᠯᠡᠰ᠎ᠤᠨ ᠶᠡᠭᠡ ᠬᠤᠷᠠᠯ ᠪᠤᠭᠤᠲᠤ ᠬᠤᠲᠠ᠎ᠳᠤ ᠡᠬᠢᠯᠡᠪᠡ ᠭᠧ ᠬᠤᠩ ᠯᠢᠨ ᠳ᠋ᠢᠩ ᠰᠢᠦ ᠹᠧᠩ ᠪᠣᠣ ᠰᠢᠶᠠᠨ ᠬᠤᠸᠠ ᠪᠠᠶᠠᠷ᠎ᠤᠨ ᠦᠭᠡ ᠬᠡᠯᠡᠵᠡᠢ
2023 ᠣᠨ᠎ᠤ ᠳᠤᠮᠳᠠᠳᠤ ᠤᠯᠤᠰ᠎ᠤᠨ ᠰᠣᠶᠣᠯ᠎ᠤᠨ ᠣᠷᠳᠣᠨ᠎ᠤ ᠣᠨ᠎ᠤ ᠬᠤᠷᠠᠯ᠎ᠢ ᠪᠤᠭᠤᠲᠤ ᠬᠤᠳᠠ᠎ᠳᠤ ᠬᠤᠷᠠᠯᠳᠤᠭᠤᠯᠪᠠ ᠷᠣᠣ ᠴᠢᠤᠸᠠᠨ ᠶᠠᠩ ᠵᠢᠨ ᠣᠷᠣᠯᠴᠠᠵᠠᠢ
2024 ᠣᠨ᠎ᠤ ᠥᠪᠥᠷ ᠮᠣᠩᠭᠤᠯ᠎ᠤᠨ 《ᠮᠥᠩᠭᠦᠨ ᠭᠦᠢ᠍ᠯᠭᠡᠭᠡᠨ᠎ᠤ ᠬᠦᠴᠦᠨ᠎ᠢ ᠬᠤᠷᠠᠮᠳᠤᠭᠤᠯᠵᠤ ᠬᠤᠶᠠᠷ ᠶᠡᠭᠡ ᠶᠠᠪᠤᠳᠠᠯ᠎ᠢ ᠰᠠᠶ᠋ᠢᠲᠤᠷ ᠬᠢᠬᠦ》 ᠵᠠᠰᠠᠭ᠎ᠤᠨ ᠣᠷᠳᠣᠨ ᠮᠦᠩᠭᠦᠨ ᠭᠦᠢ᠍ᠯᠭᠡᠭᠡ ᠠᠵᠤ ᠠᠬᠤᠶ᠋ᠢᠯᠠᠯ᠎ᠤᠨ ᠵᠣᠯᠭ᠋ᠠᠭᠤᠯᠬᠤ ᠬᠤᠷᠠᠯ ᠬᠤᠷᠠᠯᠳᠤᠪᠠ ᠬᠤᠸᠠᠩ ᡁᠢ ᠴᠢᠶᠠᠩ ᠬᠤᠷᠠᠯ᠎ᠳᠤ ᠣᠷᠣᠯᠴᠠᠵᠤ ᠶᠠᠩ ᠵᠢᠨ ᠪᠠᠶᠠᠷ᠎ᠤᠨ ᠦᠭᠡ ᠬᠡᠯᠡᠪᠡ
 
            