ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠥᠪᠡᠷᠲᠡᠭᠡᠨ ᠵᠠᠰᠠᠬᠤ ᠣᠷᠣᠨ᠎ᠤ ᠬᠠᠲᠤᠨ ᠭᠤᠣᠯ᠎ᠤᠨ ᠶᠡᠭᠡ ᠲᠣᠬᠤᠢ ᠵᠢᠨ ᠬᠡᠰᠡᠭ᠎ᠤᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠤ ᠠᠬᠤᠢ ᠲᠠᠯᠠᠪᠠᠢ ᠵᠢᠨ ᠠᠬᠢᠭᠤᠯᠬᠤ ᠬᠤᠷᠠᠯ ᠬᠤᠷᠠᠯᠳᠤᠵᠠᠢ ᠳᠠᠶ᠋ᠢᠴᠢᠨ ᠬᠤᠷᠠᠯ᠎ᠳᠤ ᠣᠷᠣᠯᠴᠠᠪᠠ
ᠨᠡᠶᠢᠲᠡᠯᠡᠭᠰᠡᠨ ᠴᠠᠭ᠄ 2023-11-01


   10 ᠰᠠᠷ᠎ᠠ ᠵᠢᠨ 30᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠠᠲᠤᠨ ᠭᠤᠣᠯ᠎ᠤᠨ ᠶᠡᠭᠡ ᠲᠣᠬᠤᠢ ᠵᠢᠨ ᠬᠡᠰᠡᠭ᠎ᠤᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠤ ᠠᠬᠤᠢ ᠲᠠᠯᠠᠪᠠᠢ ᠵᠢᠨ ᠠᠬᠢᠭᠤᠯᠬᠤ ᠬᠤᠷᠠᠯ ᠣᠷᠳᠣᠰ ᠬᠤᠲᠠ᠎ᠳᠤ ᠬᠤᠷᠠᠯᠳᠤᠵᠠᠢ᠃ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠳᠠᠶ᠋ᠢᠴᠢᠨ ᠬᠤᠷᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠢ᠃
    ᠬᠤᠷᠠᠯ᠎ᠠᠴᠠ᠂ ᠬᠠᠲᠤᠨ ᠭᠤᠣᠯ᠎ᠤᠨ ᠶᠡᠭᠡ ᠲᠣᠬᠤᠢ ᠵᠢᠨ ᠭᠡᠰᠡᠭ᠎ᠤᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ᠎ᠳᠤ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠠᠰᠠᠭ᠎ᠤᠨ ᠣᠷᠳᠣᠨ᠎ᠤ ᠪᠠᠶ᠋ᠢᠷᠢᠯᠠᠭᠤᠯᠤᠯᠲᠠ ᠶᠣᠰᠣᠭ᠋ᠠᠷ᠂ ᠰᠢᠪᠠᠷ ᠡᠯᠡᠰᠦ ᠬᠠᠲᠤᠨ ᠭᠤᠣᠯ᠎ᠳᠤ ᠤᠷᠤᠰᠤᠨ ᠣᠷᠣᠬᠤ ᠪᠣᠯᠣᠨ ᠰᠠᠯᠬᠢ ᠰᠢᠭᠤᠷᠭ᠎ᠠ ᠵᠢᠨ ᠳᠠᠭ᠋ᠠᠷᠢᠯᠲᠠ ᠵᠢᠨ ᠬᠤᠶᠠᠷ ᠶᠡᠭᠡ ᠬᠤᠣᠷ ᠬᠥᠨᠥᠭᠡᠯ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠡᠯᠡᠰᠦ ᠬᠠᠲᠤᠨ ᠭᠤᠣᠯ᠎ᠳᠤ ᠤᠷᠤᠰᠤᠨ ᠣᠷᠣᠬᠤ ᠵᠢ ᠬᠤᠷᠢᠭᠯᠠᠬᠤ᠂ ᠡᠯᠡᠰᠦ ᠠᠭᠤᠯᠠᠨ᠎ᠳᠤ ᠭᠠᠷᠬᠤ ᠵᠢ ᠬᠤᠷᠢᠭᠯᠠᠬᠤ᠂ ᠡᠯᠡᠰᠦ ᠵᠢ ᠡᠵᠡᠮᠳᠡᠨ ᠡᠬᠢ ᠡᠭᠦᠰᠦᠯ᠎ᠠᠴᠠ᠎ᠨᠢ ᠠᠷᠢᠯᠭ᠋ᠠᠬᠤ᠂ ᠠᠮᠢ ᠠᠬᠤᠢ ᠵᠢ ᠬᠠᠮᠠᠭ᠋ᠠᠯᠠᠬᠤ 4 ᠳᠠᠶ᠋ᠢᠯᠠᠯᠳᠤᠭ᠋ᠠᠨ᠎ᠢ ᠰᠠᠶ᠋ᠢᠲᠤᠷ ᠬᠢᠵᠦ᠂ ᠲᠠᠷᠢᠶᠠᠯᠠᠩ᠎ᠤᠨ ᠤᠰᠤ ᠠᠷᠪᠢᠯᠠᠬᠤ᠂ ᠠᠵᠤ ᠦᠢ᠍ᠯᠡᠰ᠎ᠢ ᠬᠥᠭᠵᠢᠭᠦᠯᠬᠦ᠂ ᠠᠵᠢᠯ ᠣᠯᠭᠤᠯᠲᠠ᠎ᠪᠠᠷ ᠲᠡᠳᠬᠦᠮᠵᠢ᠎ᠢ ᠣᠷᠣᠯᠠᠭᠤᠯᠬᠤ ᠵᠡᠷᠭᠡ ᠬᠤᠯᠪᠣᠭᠳᠠᠯ ᠪᠦᠬᠦᠢ ᠠᠵᠢᠯ᠎ᠢ ᠰᠠᠶ᠋ᠢᠲᠤᠷ ᠲᠥᠪᠯᠡᠷᠡᠭᠦᠯᠦᠨ᠂ ᠡᠯ᠎ᠡ ᠲᠠᠯ᠎ᠠ ᠵᠢᠨ ᠬᠦᠴᠦᠨ᠎ᠢ ᠳᠠᠶ᠋ᠢᠴᠢᠯᠠᠨ᠂ ᠡᠨᠡ ᠡᠪᠦᠯ ᠢᠷᠡᠬᠦ ᠬᠠᠪᠤᠷ ᠨᠢᠭᠡ ᠪᠦᠯᠦᠭ ᠪᠣᠳᠠᠲᠤ ᠢᠨᠵᠧᠨᠧᠷᠢᠩ᠎ᠤᠨ ᠦᠨᠡᠨ ᠪᠣᠳᠠᠲᠠᠢ ᠠᠬᠢᠴᠠ ᠵᠢ ᠣᠯᠵᠤ᠂ ᠰᠡᠳᠬᠢᠯ ᠨᠢᠭᠡᠳᠦᠨ ᠬᠦᠴᠦᠨ ᠵᠶ᠋ᠠᠨ ᠬᠠᠮᠲᠤᠳᠬᠠᠵᠤ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠤ ᠢᠯᠠᠯᠲᠠ ᠵᠢ ᠣᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃

ᠢᠷᠡᠯᠲᠡ᠄ ᠥᠪᠥᠷ ᠮᠣᠩᠭᠤᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ᠎ᠤᠨ ᠪᠠᠷᠢᠯᠭ᠎ᠠ ᠵᠢᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢᠨ ᠶᠡᠭᠡ ᠬᠤᠷᠠᠯ ᠬᠤᠷᠠᠯᠳᠤᠪᠠ ᠶᠣᠣ ᠶᠦᠩ ᠪᠦᠸᠧ ᠠᠨ ᠷᠦᠨ ᠱᠧᠩ ᠬᠤᠷᠠᠯ᠎ᠳᠤ ᠣᠷᠣᠯᠴᠠᠵᠠᠢ
ᠪᠥᠬᠦ ᠣᠷᠣᠨ᠎ᠤ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠨᠡᠮᠡᠭᠳᠡᠯ ᠬᠠᠰᠤᠭᠳᠠᠯ᠎ᠢ ᠬᠤᠯᠪᠣᠭᠳᠠᠭᠤᠯᠬᠤ ᠫᠷᠤᠵᠧᠺᠲ᠎ᠤᠨ ᠲᠤᠷᠰᠢᠯᠭ᠎ᠠ ᠰᠣᠯᠢᠯᠴᠠᠬᠤ ᠠᠬᠤᠢ ᠲᠠᠯᠠᠪᠠᠢ ᠵᠢᠨ ᠬᠤᠷᠠᠯ ᠬᠢᠩᠭ᠋ᠠᠨ ᠠᠶ᠋ᠢᠮᠠᠭ᠎ᠲᠤ ᠬᠤᠷᠠᠯᠳᠤᠪᠠ ᠶᠣᠣ ᠶᠦᠩ ᠪᠥᠸᠧ ᠣᠷᠣᠯᠴᠠᠵᠠᠢ
 
            