ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
2024 ᠣᠨ᠎ᠤ ᠥᠪᠥᠷ ᠮᠣᠩᠭᠤᠯ᠎ᠤᠨ 《ᠮᠥᠩᠭᠦᠨ ᠭᠦᠢ᠍ᠯᠭᠡᠭᠡᠨ᠎ᠤ ᠬᠦᠴᠦᠨ᠎ᠢ ᠬᠤᠷᠠᠮᠳᠤᠭᠤᠯᠵᠤ ᠬᠤᠶᠠᠷ ᠶᠡᠭᠡ ᠶᠠᠪᠤᠳᠠᠯ᠎ᠢ ᠰᠠᠶ᠋ᠢᠲᠤᠷ ᠬᠢᠬᠦ》 ᠵᠠᠰᠠᠭ᠎ᠤᠨ ᠣᠷᠳᠣᠨ ᠮᠦᠩᠭᠦᠨ ᠭᠦᠢ᠍ᠯᠭᠡᠭᠡ ᠠᠵᠤ ᠠᠬᠤᠶ᠋ᠢᠯᠠᠯ᠎ᠤᠨ ᠵᠣᠯᠭ᠋ᠠᠭᠤᠯᠬᠤ ᠬᠤᠷᠠᠯ ᠬᠤᠷᠠᠯᠳᠤᠪᠠ ᠬᠤᠸᠠᠩ ᡁᠢ ᠴᠢᠶᠠᠩ ᠬᠤᠷᠠᠯ᠎ᠳᠤ ᠣᠷᠣᠯᠴᠠᠵᠤ ᠶᠠᠩ ᠵᠢᠨ ᠪᠠᠶᠠᠷ᠎ᠤᠨ ᠦᠭᠡ ᠬᠡᠯᠡᠪᠡ
ᠨᠡᠶᠢᠲᠡᠯᠡᠭᠰᠡᠨ ᠴᠠᠭ᠄ 2024-02-28


 
   2 ᠳ᠋ᠤᠭ᠋ᠠᠷ ᠰᠠᠷ᠎ᠠ ᠵᠢᠨ 21᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠭᠤᠣᠯᠯᠠᠨ ᠡᠷᠭᠢᠯᠡᠭᠰᠡᠨ 《2024 ᠣᠨ᠎ᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 〈ᠮᠥᠩᠭᠦᠨ ᠭᠦᠢ᠍ᠯᠭᠡᠭᠡᠨ᠎ᠤ ᠬᠦᠴᠦᠨ᠎ᠢ ᠬᠤᠷᠠᠮᠳᠤᠭᠤᠯᠵᠤ ᠬᠤᠶᠠᠷ ᠶᠡᠭᠡ ᠶᠠᠪᠤᠳᠠᠯ᠎ᠢ ᠰᠠᠶ᠋ᠢᠲᠤᠷ ᠬᠢᠬᠦ〉 ᠵᠠᠰᠠᠭ᠎ᠤᠨ ᠣᠷᠳᠣᠨ ᠮᠦᠩᠭᠦᠨ ᠭᠦᠢ᠍ᠯᠭᠡᠭᠡ ᠠᠵᠤ ᠠᠬᠤᠶ᠋ᠢᠯᠠᠯ᠎ᠤᠨ ᠵᠣᠯᠭ᠋ᠠᠭᠤᠯᠬᠤ ᠬᠤᠷᠠᠯ》᠎ᠢ ᠬᠥᠬᠡᠬᠤᠲᠠᠨ᠎ᠠ ᠬᠤᠷᠠᠯᠳᠤᠭᠤᠯᠪᠠ᠃
    ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠪᠠᠶ᠋ᠢᠩᠭᠤ ᠵᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠩᠭᠤ ᠵᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ᠎ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠶᠠᠩ ᠵᠢᠨ ᠪᠠᠶᠠᠷ᠎ᠤᠨ ᠦᠭᠡ ᠬᠡᠯᠡᠵᠡᠢ᠃
    ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠮᠥᠩᠭᠦᠨ ᠭᠦᠢ᠍ᠯᠭᠡᠭᠡᠨ᠎ᠤ ᠠᠯᠪᠠᠨ ᠭᠡᠷ᠂ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠡᠨᠧᠷᠭᠢ ᠵᠢᠨ ᠲᠣᠪᠴᠢᠶ᠎ᠠ ᠵᠢᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠲᠥᠷᠥ ᠵᠢᠨ ᠪᠣᠳᠣᠯᠭ᠎ᠠ᠎ᠳᠤ ᠲᠠᠶ᠋ᠢᠯᠤᠮᠵᠢ ᠬᠢᠭᠰᠡᠨ ᠪᠥᠭᠡᠳ ᠠᠵᠢᠯ ᠲᠥᠷᠥᠯ᠎ᠤᠨ ᠬᠦᠷᠢᠶᠡᠨ᠎ᠳᠠᠬᠢ ᠪᠡᠯᠡ ᠳᠣᠬᠢᠷᠠᠭᠤᠯᠬᠤ ᠬᠡᠷᠡᠭᠴᠡᠭᠡ ᠱᠠᠭ᠋ᠠᠷᠳᠠᠯᠭ᠎ᠠ ᠵᠢ ᠨᠡᠶ᠋ᠢᠲᠡᠯᠡᠵᠡᠢ᠃ 4 ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ 《ᠲᠠᠪᠤᠨ ᠶᠡᠭᠡ ᠡᠭᠦᠷᠭᠡ》 ᠵᠢ ᠨᠠᠶ᠋ᠢᠳᠠᠪᠤᠷᠢᠵᠢᠭᠤᠯᠬᠤ᠎ᠳᠤ ᠴᠢᠭᠯᠡᠭᠦᠯᠦᠨ ᠮᠥᠩᠭᠦᠨ ᠭᠦᠢ᠍ᠯᠭᠡᠭᠡᠨ ᠵᠶ᠋ᠠᠷ ᠳᠡᠮᠵᠢᠬᠦ ᠠᠷᠭ᠎ᠠ ᠬᠡᠮᠵᠢᠶ᠎ᠡ ᠵᠢ ᠳᠤᠷᠠᠳᠴᠠᠢ᠃
    ᠬᠤᠷᠠᠯ᠎ᠳᠤ᠂ ᠪᠡᠯᠡ ᠳᠣᠬᠢᠷᠠᠭᠤᠯᠬᠤ ᠬᠡᠷᠡᠭᠴᠡᠭᠡ ᠱᠠᠭ᠋ᠠᠷᠳᠠᠯᠭ᠎ᠠ᠎ᠲᠠᠢ 3567 ᠲᠥᠰᠦᠯ᠎ᠢ ᠡᠮᠬᠢᠯᠡᠪᠡ᠃ ᠥᠪᠡᠷᠲᠡᠭᠡᠨ ᠵᠠᠰᠠᠬᠤ ᠣᠷᠣᠨ᠎ᠤ 17 ᠰᠠᠯᠠᠭ᠎ᠠ ᠮᠥᠴᠢᠷ᠂ 38 ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠬᠢᠭᠡᠳ 95 ᠡᠯ᠎ᠡ ᠲᠦᠷᠦᠯ᠎ᠤᠨ ᠠᠵᠤ ᠠᠬᠤᠶ᠋ᠢᠯᠠᠯ᠎ᠤᠳ ᠬᠥᠬᠡᠬᠤᠲᠠ ᠵᠢᠨ ᠭᠤᠣᠯ ᠬᠤᠷᠠᠯ᠎ᠤᠨ ᠲᠠᠯᠠᠪᠠᠢ᠎ᠳᠤ ᠣᠷᠣᠯᠴᠠᠵᠠᠢ᠃ ᠡᠯ᠎ᠡ ᠠᠶ᠋ᠢᠮᠠᠭ ᠬᠤᠲᠠ᠎ᠨᠤᠭᠤᠳ ᠬᠤᠷᠠᠯ᠎ᠤᠨ ᠬᠤᠪᠢᠶᠠᠷᠢ ᠲᠠᠯᠠᠪᠠᠶ ᠭᠠᠷᠭ᠋ᠠᠨ᠂ ᠰᠦᠯᠵᠢᠶᠡᠨ ᠳᠡᠭᠡᠷ᠎ᠡ ᠬᠤᠯᠪᠤᠭᠳᠠᠨ ᠬᠥᠳᠡᠯᠦᠯᠴᠡᠬᠦ ᠠᠷᠭ᠎ᠠ᠎ᠪᠠᠷ ᠭᠤᠣᠯ ᠬᠤᠷᠠᠯ᠎ᠤᠨ ᠲᠠᠯᠠᠪᠠᠶ᠎ᠲᠠᠢ ᠵᠡᠷᠭᠡᠳᠡ ᠨᠢᠭᠡᠳᠦᠯᠲᠡᠢ᠎ᠪᠠᠷ ᠭᠡᠷ᠎ᠡ ᠲᠣᠭᠲᠠᠭᠰᠠᠨ ᠪᠠᠶ᠋ᠢᠨ᠎ᠠ᠃ ᠪᠥᠬᠦ ᠣᠷᠣᠨ᠎ᠳᠤ ᠪᠡᠯᠡ ᠳᠣᠬᠢᠷᠠᠭᠤᠯᠬᠤ ᠬᠦᠰᠡᠯᠲᠡ᠎ᠲᠠᠢ ᠲᠥᠰᠦᠯ᠎ᠢ ᠨᠡᠶ᠋ᠢᠲᠡ 1067 ᠳᠣᠬᠢᠷᠠᠯᠴᠠᠵᠤ᠂ ᠳᠣᠬᠢᠷᠠᠭᠰᠠᠨ ᠵᠣᠭᠤᠰ᠎ᠤᠨ ᠲᠤᠭ᠎ᠠ᠎ᠨᠢ 3478 ᠳ᠋ᠦᠩᠰᠢᠭᠤᠷ ᠲᠥᠭᠦᠷᠢᠭ ᠪᠣᠯᠣᠨ᠎ᠠ᠃
    ᠬᠤᠷᠠᠯ᠎ᠳᠤ ᠪᠠᠰᠠ ᠲᠤᠬᠠᠢ ᠵᠢᠨ ᠲᠠᠯᠠᠪᠠᠢ ᠪᠠ ᠰᠦᠯᠵᠢᠶᠡᠨ ᠳᠡᠭᠡᠷ᠎ᠡ ᠵᠡᠷᠭᠡ᠎ᠪᠠᠷ 《ᠮᠥᠩᠭᠦᠨ ᠭᠦᠢ᠍ᠯᠭᠡᠭᠡᠨ᠎ᠤ ᠬᠡᠳᠦ ᠳᠡᠯᠭᠡᠭᠦᠷ》᠎ᠢ ᠪᠠᠶ᠋ᠢᠭᠤᠯᠵᠠᠢ᠃
 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
2024 ᠣᠨ᠎ᠤ ᠪᠦᠬᠦ ᠣᠷᠣᠨ᠎ᠤ ᠴᠢᠬᠤᠯᠠ ᠶᠡᠭᠡ ᠲᠦᠰᠦᠯ᠎ᠤᠳ᠎ᠤᠨ ᠠᠵᠢᠯ᠎ᠢ ᠰᠡᠷᠭᠦᠭᠡᠬᠦ ᠪᠠᠶ᠋ᠢᠷᠢᠯᠠᠭᠤᠯᠤᠯᠲᠠ ᠵᠢᠨ ᠲᠧᠯᠸᠢᠰ ᠤᠲᠠᠰᠤᠲᠤ ᠬᠤᠷᠠᠯ᠎ᠢ ᠬᠤᠷᠠᠯᠳᠤᠭᠤᠯᠪᠠ ᠬᠤᠸᠠᠩ ᡁᠢ ᠴᠢᠶᠠᠩ ᠶᠠᠷᠢᠶ᠎ᠠ ᠲᠠᠯᠪᠢᠵᠠᠢ
ᠤᠯᠤᠰ᠎ᠤᠨ ᠪᠠᠷᠢᠮᠵᠢᠶᠠᠵᠢᠭᠤᠯᠤᠯᠲᠠ ᠵᠢᠨ ᠬᠠᠮᠢᠶᠠᠷᠤᠯᠲᠠ ᠵᠢᠨ ᠵᠥᠪᠯᠡᠯ ᠪᠣᠯᠣᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠪᠠᠷᠢᠮᠵᠢᠶᠠᠵᠢᠭᠤᠯᠤᠯᠲᠠ ᠵᠢᠨ ᠰᠢᠨ᠎ᠡ ᠵᠢ ᠡᠭᠦᠳᠬᠦ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠪᠦᠳᠦᠭᠦᠪᠴᠢ ᠵᠥᠪᠯᠡᠯᠴᠡᠭᠡᠷ ᠲᠣᠬᠢᠷᠠᠯᠴᠠᠵᠠᠢ ᠲᠢᠶᠠᠨ ᠱ᠌ᠢ ᠬᠤᠩ ᠴᠢ᠊ ᠪᠠᠲᠤ ᠭᠠᠷ᠎ᠤᠨ ᠦᠰᠦᠭ ᠵᠢᠷᠤᠪᠠ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠤᠯᠤᠰ᠎ᠤᠨ ᠵᠢᠭᠡᠯᠡᠯᠭᠡ ᠨᠡᠮᠡᠵᠦ ᠲᠠᠷᠬᠠᠭ᠋ᠠᠬᠤ ᠲᠦᠰᠦᠯ᠎ᠢ ᠪᠠᠶ᠋ᠢᠷᠢᠯᠠᠭᠤᠯᠤᠨ ᠠᠬᠢᠭᠤᠯᠬᠤ ᠬᠤᠷᠠᠯ ᠬᠤᠷᠠᠯᠳᠤᠭᠤᠯᠪᠠ ᠳᠠᠶ᠋ᠢᠴᠢᠨ ᠶᠠᠷᠢᠶ᠎ᠠ ᠲᠠᠯᠪᠢᠵᠠᠢ
 
            