1 ᠰᠠᠷ᠎ᠠ ᠵᠢᠨ 12᠎ᠤᠨ ᠦᠳᠡ ᠵᠢᠨ ᠡᠮᠦᠨ᠎ᠡ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠥᠷᠪᠡᠳᠦᠭᠡᠷ ᠤᠳᠠᠭ᠎ᠠ ᠵᠢᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠨᠡᠶ᠋ᠢᠳᠡᠮ ᠪᠠᠶ᠋ᠢᠴᠠᠭ᠋ᠠᠯᠲᠠ ᠵᠢᠨ ᠳᠠᠶ᠋ᠢᠴᠢᠯᠠᠯᠲᠠ ᠪᠠᠶ᠋ᠢᠷᠢᠯᠠᠭᠤᠯᠤᠯᠲᠠ ᠵᠢᠴᠢ ᠰᠣᠶᠣᠯ᠎ᠤᠨ ᠥᠪ᠎ᠢ ᠬᠠᠮᠠᠭ᠋ᠠᠯᠠᠵᠤ ᠤᠯᠠᠮᠵᠢᠯᠠᠬᠤ ᠲᠤᠬᠠᠢ ᠸᠢᠳᠢᠤ᠋ ᠬᠤᠷᠠᠯ ᠬᠤᠷᠠᠯᠳᠤᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠶ᠋ᠢᠩᠭᠤ ᠵᠢᠨ ᠭᠡᠰᠢᠭᠦᠨ᠂ ᠤᠬᠠᠭᠤᠯᠬᠤ ᠬᠡᠯᠲᠡᠰ᠎ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠳᠥᠷᠪᠡᠳᠦᠭᠡᠷ ᠤᠳᠠᠭ᠎ᠠ ᠵᠢᠨ ᠪᠦᠭᠦ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠨᠡᠶ᠋ᠢᠳᠡᠮ ᠪᠠᠶ᠋ᠢᠴᠠᠭ᠋ᠠᠯᠲᠠ ᠵᠢᠨ ᠤᠳᠤᠷᠢᠳᠬᠤ ᠳᠤᠭᠤᠶ᠋ᠢᠯᠠᠩ᠎ᠤᠨ ᠳᠠᠷᠤᠭ᠎ᠠ ᠵᠧᠩ ᠬᠤᠩ ᠹᠠᠨ ᠬᠤᠷᠠᠯ᠎ᠳᠤ ᠣᠷᠣᠯᠴᠠᠬᠰᠡᠨ ᠪᠥᠭᠡᠳ ᠶᠠᠷᠢᠶ᠎ᠠ ᠲᠠᠯᠪᠢᠵᠤ᠂ ᠶᠡᠷᠦᠩᠬᠡᠢ ᠱᠦᠵᠢ ᠰᠢ ᠵᠢᠨ ᠫᠢᠩ᠎ᠤᠨ ᠰᠣᠶᠣᠯ᠎ᠤᠨ ᠥᠪ᠎ᠢ ᠬᠠᠮᠠᠭ᠋ᠠᠯᠠᠵᠤ ᠤᠯᠠᠮᠵᠢᠯᠠᠬᠤ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠨ ᠣᠶ᠋ᠢᠯᠠᠭ᠋ᠠᠵᠤ᠂ ᠰᠣᠶᠣᠯ᠎ᠤᠨ ᠥᠪ᠎ᠢ ᠬᠠᠮᠠᠭ᠋ᠠᠯᠠᠬᠤ ᠪᠣᠯ ᠪᠠᠰᠠ ᠴᠤ᠌ ᠵᠠᠰᠠᠭ᠎ᠤᠨ ᠠᠵᠢᠯ᠎ᠤᠨ ᠪᠦᠲᠦᠮᠵᠢ ᠪᠤᠯᠬᠤ ᠰᠢᠨᠵᠢᠯᠡᠬᠦ ᠤᠬᠠᠭ᠋ᠠᠨᠴᠢ ᠣᠶ᠋ᠢᠯᠠᠭ᠋ᠠᠭᠳᠠᠬᠤᠨ᠎ᠢ ᠪᠠᠲᠤ ᠴᠣᠭᠴᠠᠯᠠᠵᠤ᠂ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ᠎ᠤᠨ ᠪᠠᠶ᠋ᠢᠷᠢ᠎ᠳᠤ ᠬᠤᠣᠰ ᠬᠠᠷᠢᠭᠤᠴᠠᠯᠭ᠎ᠠ ᠡᠭᠦᠷᠭᠡᠯᠡᠬᠦ ᠵᠢ ᠴᠢᠩᠭ᠋ᠠᠳᠬᠠᠨ᠂ ᠬᠠᠮᠠᠭ᠋ᠠᠯᠠᠬᠤ ᠵᠢ ᠲᠡᠷᠢᠭᠦᠨ᠎ᠳᠤ ᠲᠠᠯᠪᠢᠬᠤ᠂ ᠤᠯᠠᠮᠵᠢᠯᠠᠬᠤ ᠵᠢ ᠲᠡᠷᠢᠭᠦᠨ᠎ᠳᠤ ᠲᠠᠯᠪᠢᠬᠤ᠂ ᠰᠣᠶᠣᠯ᠎ᠤᠨ ᠥᠪ᠎ᠢ ᠬᠠᠮᠠᠭ᠋ᠠᠯᠠᠨ ᠤᠯᠠᠮᠵᠢᠯᠠᠬᠤ ᠵᠢ ᠴᠢᠩᠭ᠋ᠠᠳᠬᠠᠵᠤ᠂ ᠲᠡᠦᠬᠡ ᠵᠢᠨ ᠳᠤᠷᠠᠰᠬᠠᠯᠲᠤ ᠵᠦᠢ᠍ᠯᠡᠰ ᠡᠷᠲᠡᠨ᠎ᠤ ᠪᠠᠭᠤᠷᠢ᠂ ᠡᠷᠲᠡᠨ᠎ᠤ ᠪᠠᠷᠢᠯᠭ᠎ᠠ᠂ ᠨᠠᠷᠠᠲᠤ ᠬᠤᠲᠠ ᠨᠠᠷᠠᠲᠤ ᠪᠠᠯᠭ᠋ᠠᠰᠤ᠂ ᠲᠡᠦᠬᠡ ᠵᠢᠨ ᠵᠡᠭᠡᠯᠢ ᠲᠣᠭᠤᠷᠢᠭ᠂ ᠤᠯᠠᠮᠵᠢᠯᠠᠯᠲᠤ ᠬᠥᠳᠡᠭᠡ ᠲᠣᠰᠬᠤᠨ᠂ ᠰᠣᠶᠣᠯ᠎ᠤᠨ ᠦᠵᠡᠮᠵᠢ᠂ ᠪᠣᠳᠠᠰ᠎ᠤᠨ ᠪᠤᠰᠤ ᠰᠣᠶᠣᠯ᠎ᠤᠨ ᠥᠪ ᠵᠡᠷᠭᠡ ᠰᠣᠶᠣᠯ᠎ᠤᠨ ᠥᠪ᠎ᠤᠨ ᠰᠢᠰᠲ᠋ᠧᠮᠲᠦ ᠴᠢᠨᠠᠷᠲᠠᠢ ᠬᠠᠮᠠᠭ᠋ᠠᠯᠠᠯᠲᠠ ᠵᠢ ᠠᠬᠢᠭᠤᠯᠵᠤ᠂ ᠶᠡᠭᠡ ᠬᠠᠮᠠᠭ᠋ᠠᠯᠠᠯᠲᠠ ᠵᠢᠨ ᠪᠠᠶ᠋ᠢᠷᠢᠰᠢᠯ᠎ᠢ ᠪᠠᠶ᠋ᠢᠭᠤᠯᠤᠨ᠂ ᠲᠡᠦᠬᠡ ᠰᠣᠶᠣᠯ ᠪᠠ ᠣᠲᠣ ᠦᠶ᠎ᠡ ᠵᠢᠨ ᠠᠮᠢᠳᠤᠷᠠᠯ᠎ᠢ ᠨᠢᠭᠡ ᠴᠣᠭᠴᠠᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ᠎ᠤ ᠳᠥᠷᠪᠡᠳᠦᠭᠡᠷ ᠤᠳᠠᠭ᠎ᠠ ᠵᠢᠨ ᠪᠦᠭᠦ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠨᠡᠶ᠋ᠢᠳᠡᠮ ᠪᠠᠶ᠋ᠢᠴᠠᠭ᠋ᠠᠯᠲᠠ ᠵᠢᠨ ᠤᠳᠤᠷᠢᠳᠬᠤ ᠳᠤᠭᠤᠶ᠋ᠢᠯᠠᠩ᠎ᠤᠨ ᠳᠠᠷᠤᠭ᠎ᠠ ᠶᠠᠩ ᠵᠢᠨ ᠬᠤᠷᠠᠯ᠎ᠢ ᠡᠷᠭᠢᠯᠡᠭᠰᠡᠨ ᠪᠥᠭᠡᠳ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠥᠷᠪᠡᠳᠦᠭᠡᠷ ᠤᠳᠠᠭ᠎ᠠ ᠵᠢᠨ ᠪᠦᠭᠦ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠨᠡᠶ᠋ᠢᠳᠡᠮ ᠪᠠᠶ᠋ᠢᠴᠠᠭ᠋ᠠᠯᠲᠠ ᠵᠢ ᠥᠷᠨᠢᠭᠦᠯᠬᠦ ᠳᠠᠶ᠋ᠢᠴᠢᠯᠠᠯᠲᠠ ᠪᠠᠶ᠋ᠢᠷᠢᠯᠠᠭᠤᠯᠤᠯᠲᠠ ᠬᠢᠵᠡᠢ᠃