ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠬᠢᠭᠡᠳ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠤᠨ ᠠᠷᠪᠠᠨ ᠭᠤᠷᠪᠠᠳᠤᠭ᠋ᠠᠷ ᠤᠳᠠᠭ᠋ᠠᠨ᠎ᠤ ᠬᠠᠮᠲᠤᠷᠠᠭᠰᠠᠨ ᠬᠤᠷᠠᠯ ᠬᠤᠷᠠᠯᠳᠤᠪᠠ ᠵᠠᠩ ᠱᠣᠣ ᠴᠦᠨ ᠶᠠᠷᠢᠶ᠎ᠠ ᠲᠠᠯᠪᠢᠵᠤ ᠶᠣᠣ ᠶᠦᠩ ᠪᠥᠸᠧ ᠬᠤᠷᠠᠯ᠎ᠢ ᠡᠷᠭᠢᠯᠡᠪᠡ
ᠨᠡᠶᠢᠲᠡᠯᠡᠭᠰᠡᠨ ᠴᠠᠭ᠄ 2023-12-18


 
   12 ᠳ᠋ᠤᠭ᠋ᠠᠷ ᠰᠠᠷ᠎ᠠ ᠵᠢᠨ 14᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠬᠢᠭᠡᠳ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠤᠨ ᠠᠷᠪᠠᠨ ᠭᠤᠷᠪᠠᠳᠤᠭ᠋ᠠᠷ ᠤᠳᠠᠭ᠋ᠠᠨ᠎ᠤ ᠬᠠᠮᠲᠤᠷᠠᠭᠰᠠᠨ ᠬᠤᠷᠠᠯ ᠬᠥᠬᠡᠬᠤᠲᠠ᠎ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠳᠡᠳ᠋ ᠱᠦᠵᠢ᠂ ᠳᠡᠳ᠋ ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠤᠨ ᠲᠡᠷᠢᠭᠦᠯᠡᠭᠴᠢ ᠵᠠᠩ ᠱᠤᠤ ᠴᠦᠨ ᠬᠤᠷᠠᠯ᠎ᠳᠤ ᠣᠷᠣᠯᠴᠠᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠶᠣᠣ ᠶᠦᠩ ᠪᠥᠸᠧ ᠬᠤᠷᠠᠯ᠎ᠢ ᠡᠷᠬᠢᠯᠡᠪᠡ᠃
    ᠬᠤᠷᠠᠯ᠎ᠳᠤ ᠬᠠᠮᠲᠤᠷᠠᠭᠰᠠᠨ ᠬᠤᠷᠠᠯ᠎ᠤᠨ ᠠᠵᠢᠯ᠎ᠤᠨ ᠳᠦᠷᠢᠮ᠂ ᠠᠵᠢᠯᠲᠠᠨ ᠠᠵᠢᠯᠴᠢᠨ᠎ᠤ ᠠᠮᠠᠷᠠᠵᠤ ᠰᠤᠪᠢᠯᠠᠬᠤ ᠵᠢ ᠴᠢᠩᠭ᠋ᠠᠳᠬᠠᠬᠤ᠂ ᠠᠵᠢᠯᠲᠠᠨ ᠠᠵᠢᠯᠴᠢᠨ᠎ᠤ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠳᠡᠮᠵᠢᠬᠦ ᠵᠡᠷᠭᠡ ᠶᠠᠪᠤᠳᠠᠯ᠎ᠤᠳ᠎ᠢ ᠬᠢᠨᠠᠨ ᠵᠥᠪᠯᠡᠵᠦ ᠪᠠᠲᠤᠯᠠᠪᠠ᠃
    ᠬᠤᠷᠠᠯ᠎ᠳᠤ ᠡᠯ᠎ᠡ ᠱᠠᠲᠤᠨ᠎ᠤ ᠠᠵᠢᠯᠴᠢᠨ᠎ᠤ ᠡᠪᠯᠡᠯ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠬᠢᠯ ᠵᠶ᠋ᠠᠨ ᠨᠢᠭᠡᠳᠬᠡᠨ ᠰᠦᠯᠳᠡ᠎ᠪᠠᠨ ᠪᠣᠰᠬᠠᠬᠤ ᠵᠢ ᠴᠥᠬᠦᠷᠡᠰᠢ ᠦᠭᠡᠢ ᠪᠠᠷᠢᠮᠲᠠᠯᠠᠵᠤ᠂ ᠭᠤᠣᠯᠳᠠᠯᠭ᠎ᠠ ᠵᠢᠨ ᠲᠣᠭᠤᠷᠢᠨ᠎ᠳᠤ ᠶᠡᠭᠡ ᠲᠠᠯ᠎ᠠ᠎ᠳᠤ ᠦᠢ᠍ᠯᠡᠴᠢᠯᠡᠵᠦ᠂ ᠵᠠᠰᠠᠭ᠎ᠤᠨ ᠣᠷᠳᠣᠨ ᠪᠣᠯᠣᠨ ᠠᠵᠢᠯᠴᠢᠨ᠎ᠤ ᠡᠪᠯᠡᠯ᠎ᠤᠨ ᠬᠠᠮᠲᠤᠷᠠᠭᠰᠠᠨ ᠬᠤᠷᠠᠯ᠎ᠤᠨ ᠳᠦᠷᠢᠮ᠎ᠤᠨ ᠭᠦᠨᠵᠡᠭᠡᠶ᠋ᠢᠷᠡᠨ ᠪᠣᠳᠠᠲᠠᠶ᠋ᠢᠵᠢᠬᠤ ᠵᠢ ᠠᠬᠢᠭᠤᠯᠤᠨ᠂ ᠥᠪᠥᠷ ᠮᠣᠩᠭᠤᠯ᠎ᠤᠨ ᠴᠢᠨᠠᠷ ᠰᠠᠶ᠋ᠢᠲᠠᠢ ᠬᠥᠭᠵᠢᠯᠲᠡ᠎ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
 
   

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠬᠠᠲᠤᠨ ᠭᠤᠣᠯ᠎ᠤᠨ ᠶᠡᠭᠡ ᠲᠣᠬᠤᠢ ᠵᠢᠨ ᠬᠡᠰᠡᠭ᠎ᠤᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠤ ᠠᠬᠤᠢ ᠲᠠᠯᠠᠪᠠᠢ ᠵᠢᠨ ᠠᠬᠢᠭᠤᠯᠬᠤ ᠬᠤᠷᠠᠯ ᠬᠤᠷᠠᠯᠳᠤᠵᠠᠢ ᠳᠠᠶ᠋ᠢᠴᠢᠨ ᠬᠤᠷᠠᠯ᠎ᠳᠤ ᠣᠷᠣᠯᠴᠠᠪᠠ
ᠥᠪᠥᠷ ᠮᠣᠩᠭᠤᠯ᠎ᠤᠨ ᠪᠠᠷᠢᠯᠭ᠎ᠠ ᠵᠢᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢᠨ ᠶᠡᠭᠡ ᠬᠤᠷᠠᠯ ᠬᠤᠷᠠᠯᠳᠤᠪᠠ ᠶᠣᠣ ᠶᠦᠩ ᠪᠦᠸᠧ ᠠᠨ ᠷᠦᠨ ᠱᠧᠩ ᠬᠤᠷᠠᠯ᠎ᠳᠤ ᠣᠷᠣᠯᠴᠠᠵᠠᠢ
ᠪᠥᠬᠦ ᠣᠷᠣᠨ᠎ᠤ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠨᠡᠮᠡᠭᠳᠡᠯ ᠬᠠᠰᠤᠭᠳᠠᠯ᠎ᠢ ᠬᠤᠯᠪᠣᠭᠳᠠᠭᠤᠯᠬᠤ ᠫᠷᠤᠵᠧᠺᠲ᠎ᠤᠨ ᠲᠤᠷᠰᠢᠯᠭ᠎ᠠ ᠰᠣᠯᠢᠯᠴᠠᠬᠤ ᠠᠬᠤᠢ ᠲᠠᠯᠠᠪᠠᠢ ᠵᠢᠨ ᠬᠤᠷᠠᠯ ᠬᠢᠩᠭ᠋ᠠᠨ ᠠᠶ᠋ᠢᠮᠠᠭ᠎ᠲᠤ ᠬᠤᠷᠠᠯᠳᠤᠪᠠ ᠶᠣᠣ ᠶᠦᠩ ᠪᠥᠸᠧ ᠣᠷᠣᠯᠴᠠᠵᠠᠢ
 
            