ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
2023 ᠣᠨ᠎ᠤ ᠳᠤᠮᠳᠠᠳᠤ ᠤᠯᠤᠰ᠎ᠤᠨ ᠴᠠᠬᠢᠭᠤᠷ᠎ᠤᠨ ᠦᠢ᠍ᠯᠡᠰ᠎ᠤᠨ ᠶᠡᠭᠡ ᠬᠤᠷᠠᠯ ᠪᠤᠭᠤᠲᠤ ᠬᠤᠲᠠ᠎ᠳᠤ ᠡᠬᠢᠯᠡᠪᠡ ᠭᠧ ᠬᠤᠩ ᠯᠢᠨ ᠳ᠋ᠢᠩ ᠰᠢᠦ ᠹᠧᠩ ᠪᠣᠣ ᠰᠢᠶᠠᠨ ᠬᠤᠸᠠ ᠪᠠᠶᠠᠷ᠎ᠤᠨ ᠦᠭᠡ ᠬᠡᠯᠡᠵᠡᠢ
ᠨᠡᠶᠢᠲᠡᠯᠡᠭᠰᠡᠨ ᠴᠠᠭ᠄ 2023-09-14


   9 ᠰᠠᠷ᠎ᠠ ᠵᠢᠨ 12᠎ᠤᠨ ᠡᠳᠦᠷ᠂ 《ᠲᠠᠯᠠᠰᠲᠤ ᠴᠠᠬᠢᠭᠤᠷ ᠭᠡᠷᠡᠯᠴᠢ ᠴᠡᠨᠡᠩ ᠵᠶ᠋ᠠᠷ ᠡᠨᠧᠷᠭᠢ ᠵᠢᠨ ᠬᠡᠯᠪᠡᠷᠢ ᠵᠢ ᠬᠤᠪᠢᠷᠠᠭᠤᠯᠬᠤ᠎ᠳᠤ ᠬᠦᠴᠦᠨ ᠨᠡᠮᠡᠷᠢᠯᠡᠵᠦ᠂ ᠪᠣᠬᠢᠷᠲᠤᠯ ᠦᠭᠡᠢ ᠡᠨᠧᠷᠭᠢ ᠣᠯᠭᠤᠬᠤ᠎ᠪᠠᠷ ᠠᠵᠤ ᠦᠢ᠍ᠯᠡᠰ᠎ᠤᠨ ᠬᠥᠭᠵᠢᠯᠲᠡ ᠵᠢ ᠬᠥᠲᠥᠯᠥᠨ ᠳᠠᠭ᠋ᠠᠭᠤᠯᠤᠶ᠎ᠠ》 ᠭᠡᠬᠦ ᠭᠤᠣᠯ ᠰᠡᠳᠦᠪᠲᠦ 2023 ᠣᠨ᠎ᠤ ᠳᠤᠮᠳᠠᠳᠤ ᠤᠯᠤᠰ᠎ᠤᠨ ᠴᠠᠬᠢᠭᠤᠷ᠎ᠤᠨ ᠦᠢ᠍ᠯᠡᠰ᠎ᠤᠨ ᠶᠡᠭᠡ ᠬᠤᠷᠠᠯ ᠪᠤᠭᠤᠲᠤ ᠬᠤᠲᠠ᠎ᠳᠤ ᠡᠬᠢᠯᠡᠪᠡ᠃ ᠲᠣᠰ ᠤᠳᠠᠭ᠋ᠠᠨ᠎ᠤ ᠶᠡᠭᠡ ᠬᠤᠷᠠᠯ᠎ᠢ ᠳᠤᠮᠳᠠᠳᠤ ᠤᠯᠤᠰ᠎ᠤᠨ ᠥᠩᠭᠡᠲᠦ ᠲᠡᠮᠦᠷᠯᠢᠭ᠎ᠤᠨ ᠠᠵᠤ ᠦᠢ᠍ᠯᠡᠳᠪᠦᠷᠢ ᠵᠢᠨ ᠨᠡᠶ᠋ᠢᠭᠡᠮᠯᠢᠭ ᠪᠣᠯᠣᠨ ᠪᠤᠭᠤᠲᠤ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠬᠠᠮᠲᠤ᠎ᠪᠠᠷ ᠭᠤᠣᠯᠯᠠᠨ ᠡᠷᠬᠢᠯᠡᠪᠡ᠃
    ᠪᠥᠬᠦ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠪᠠᠶ᠋ᠢᠩᠭᠤ ᠵᠢᠨ ᠭᠡᠰᠢᠭᠦᠨ᠂ ᠳᠤᠮᠳᠠᠳᠤ ᠤᠯᠤᠰ᠎ᠤᠨ ᠥᠩᠭᠡᠲᠦ ᠲᠡᠮᠦᠷᠯᠢᠭ᠎ᠤᠨ ᠠᠵᠤ ᠦᠢ᠍ᠯᠡᠳᠪᠦᠷᠢ ᠵᠢᠨ ᠨᠡᠶ᠋ᠢᠭᠡᠮᠯᠢᠭ᠎ᠤᠨ ᠨᠠᠮ᠎ᠤᠨ ᠬᠤᠷᠢᠶ᠎ᠠ ᠵᠢᠨ ᠱᠦᠵᠢ᠂ ᠨᠡᠶ᠋ᠢᠭᠡᠮᠯᠢᠭ᠎ᠤᠨ ᠳᠠᠷᠤᠭ᠎ᠠ ᠭᠧ ᠬᠤᠩ ᠯᠢᠨ ᠣᠷᠣᠯᠴᠠᠭᠰᠠᠨ ᠪᠥᠭᠡᠳ ᠭᠤᠣᠯ ᠰᠡᠳᠦᠪᠲᠦ ᠶᠠᠷᠢᠶ᠎ᠠ ᠢᠯᠡᠳᠬᠡᠯ ᠬᠢᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠶ᠋ᠢᠩᠭᠤ ᠵᠢᠨ ᠭᠡᠰᠢᠭᠦᠨ᠂ ᠪᠤᠭᠤᠲᠤ ᠬᠤᠲᠠ ᠵᠢᠨ ᠨᠠᠮ᠎ᠤᠨ ᠬᠤᠷᠢᠶ᠎ᠠ ᠵᠢᠨ ᠱᠦᠵᠢ ᠳ᠋ᠢᠩ ᠰᠢᠦ ᠹᠧᠩ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠪᠣᠣ ᠰᠢᠶᠠᠨ ᠬᠤᠸᠠ ᠬᠤᠷᠠᠯ᠎ᠳᠤ ᠣᠷᠣᠯᠴᠠᠵᠤ ᠪᠠᠶᠠᠷ᠎ᠤᠨ ᠦᠭᠡ ᠬᠡᠯᠡᠵᠡᠢ᠃
    ᠬᠤᠷᠠᠯ᠎ᠠᠴᠠ᠂ ᠣᠶ᠋ᠢᠷ᠎ᠠ ᠵᠢᠨ ᠵᠢᠯ᠎ᠳᠤ ᠥᠪᠥᠷ ᠮᠣᠩᠭᠤᠯ ᠪᠣᠬᠢᠷᠲᠤᠯ ᠦᠭᠡᠢ ᠴᠠᠬᠢᠭᠤᠷ᠎ᠤᠨ ᠠᠵᠤ ᠦᠢ᠍ᠯᠡᠰ᠎ᠢ ᠬᠥᠭᠵᠢᠭᠦᠯᠬᠦ᠎ᠪᠠᠷ ᠤᠯᠤᠰ᠎ᠤᠨ ᠴᠢᠬᠤᠯᠠ ᠡᠨᠧᠷᠭᠢ ᠪᠠ ᠪᠠᠶ᠋ᠢᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ᠎ᠢ ᠪᠦᠲᠦᠭᠡᠨ ᠪᠠᠶ᠋ᠢᠭᠤᠯᠬᠤ ᠴᠢᠬᠤᠯᠠ ᠭᠠᠷᠳᠠᠴᠠ ᠪᠣᠯᠭ᠋ᠠᠵᠤ᠂ ᠨᠢᠭᠡᠨᠲᠡ ᠠᠵᠤ ᠦᠢ᠍ᠯᠡᠳᠪᠦᠷᠢ ᠵᠢᠨ ᠴᠠᠬᠢᠭᠤᠷ᠎ᠠᠴᠠ ᠳ᠋ᠢᠶᠠᠨ ᡂᠢ ᠬᠦᠷᠲᠡᠯᠡᠬᠢ ᠪᠦᠷᠢᠨ ᠪᠦᠲᠦᠨ ᠲᠣᠨᠣᠭᠯᠠᠯ᠎ᠲᠠᠢ ᠠᠵᠤ ᠦᠢ᠍ᠯᠡᠰ᠎ᠤᠨ ᠬᠡᠯᠬᠢᠶ᠎ᠡ ᠵᠢ ᠪᠦᠷᠢᠯᠳᠦᠭᠦᠯᠵᠦ᠂ ᠴᠠᠬᠢᠭᠤᠷ᠎ᠤᠨ ᠠᠵᠤ ᠦᠢ᠍ᠯᠡᠰ᠎ᠤᠨ ᠬᠥᠭᠵᠢᠯᠲᠡ ᠰᠢᠨ᠎ᠡ ᠠᠬᠢᠴᠠ᠎ᠲᠠᠢ ᠪᠣᠯᠪᠠ᠃ ᠲᠣᠰ ᠤᠳᠠᠭ᠎ᠠ ᠵᠢᠨ ᠬᠤᠷᠠᠯ᠎ᠨᠢ ᠪᠢᠳᠡᠨ᠎ᠤ ᠲᠠᠯᠠᠰᠲᠤ ᠴᠠᠬᠢᠭᠤᠷ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠬᠠᠨᠳᠤᠰᠢ ᠪᠣᠯᠣᠨ ᠬᠤᠰᠢᠭᠤᠷᠠᠯ ᠮᠡᠷᠭᠡᠵᠢᠯ᠎ᠢ ᠭᠦᠨᠵᠡᠭᠡᠢ ᠣᠶ᠋ᠢᠯᠠᠭ᠋ᠠᠵᠤ᠂ ᠠᠵᠢᠯ ᠲᠥᠷᠥᠯ᠎ᠤᠨ ᠰᠣᠯᠢᠯᠴᠠᠭ᠎ᠠ ᠬᠠᠮᠲᠤᠷᠠᠯᠴᠠᠭ᠎ᠠ ᠵᠢ ᠠᠬᠢᠭᠤᠯᠬᠤ᠎ᠳᠤ ᠣᠯᠳᠠᠬᠤᠶ᠎ᠠ ᠪᠡᠷᠬᠡ ᠠᠵᠠ ᠲᠣᠬᠢᠷᠠᠯ ᠬᠠᠩᠭ᠋ᠠᠪᠠ᠃ ᠣᠯᠠᠨ ᠵᠶ᠋ᠠᠷ ᠵᠶ᠋ᠠᠨ ᠥᠪᠥᠷ ᠮᠣᠩᠭᠤᠯ᠎ᠳᠤ ᠢᠷᠡᠵᠦ ᠪᠡᠯᠡ ᠣᠷᠣᠭᠤᠯᠤᠨ ᠦᠢ᠍ᠯᠡᠰ ᠵᠶ᠋ᠠᠨ ᠮᠠᠨᠳᠤᠭᠤᠯᠵᠤ᠂ ᠤᠯᠤᠰ᠎ᠤᠨ ᠳᠡᠰ᠎ᠤᠨ ᠴᠠᠬᠢᠭᠤᠷ᠎ᠤᠨ ᠠᠵᠤ ᠦᠢ᠍ᠯᠡᠰ᠎ᠤᠨ ᠰᠠᠭᠤᠷᠢᠨ᠎ᠢ ᠬᠠᠮᠲᠤ᠎ᠪᠠᠷ ᠴᠣᠭᠴᠠᠯᠠᠵᠤ᠂ ᠲᠦᠮᠡᠨ ᠳ᠋ᠦᠩᠰᠢᠭᠤᠷ 《ᠴᠠᠬᠢᠭᠤᠷ》᠎ᠤᠨ ᠵᠠᠮ᠎ᠤᠨ ᠬᠠᠮᠤᠭ᠎ᠤᠨ ᠭᠤᠶᠣ ᠬᠠᠮᠲᠤ ᠠᠶᠠᠯᠠᠭᠴᠢ ᠪᠣᠯᠬᠤ ᠵᠢ ᠴᠢᠩ ᠰᠡᠳᠬᠢᠯ᠎ᠠᠴᠠ᠎ᠪᠠᠨ ᠬᠦᠰᠡᠵᠦ ᠪᠠᠶ᠋ᠢᠨ᠎ᠠ! ᠭᠡᠵᠦ ᠵᠢᠭ᠋ᠠᠵᠤ ᠭᠠᠷᠭ᠋ᠠᠪᠠ᠃
   

ᠢᠷᠡᠯᠲᠡ᠄ ᠥᠪᠥᠷ ᠮᠣᠩᠭᠤᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
2023 ᠣᠨ᠎ᠤ ᠳᠤᠮᠳᠠᠳᠤ ᠤᠯᠤᠰ᠎ᠤᠨ ᠰᠣᠶᠣᠯ᠎ᠤᠨ ᠣᠷᠳᠣᠨ᠎ᠤ ᠣᠨ᠎ᠤ ᠬᠤᠷᠠᠯ᠎ᠢ ᠪᠤᠭᠤᠲᠤ ᠬᠤᠳᠠ᠎ᠳᠤ ᠬᠤᠷᠠᠯᠳᠤᠭᠤᠯᠪᠠ ᠷᠣᠣ ᠴᠢᠤᠸᠠᠨ ᠶᠠᠩ ᠵᠢᠨ ᠣᠷᠣᠯᠴᠠᠵᠠᠢ
2024 ᠣᠨ᠎ᠤ ᠥᠪᠥᠷ ᠮᠣᠩᠭᠤᠯ᠎ᠤᠨ 《ᠮᠥᠩᠭᠦᠨ ᠭᠦᠢ᠍ᠯᠭᠡᠭᠡᠨ᠎ᠤ ᠬᠦᠴᠦᠨ᠎ᠢ ᠬᠤᠷᠠᠮᠳᠤᠭᠤᠯᠵᠤ ᠬᠤᠶᠠᠷ ᠶᠡᠭᠡ ᠶᠠᠪᠤᠳᠠᠯ᠎ᠢ ᠰᠠᠶ᠋ᠢᠲᠤᠷ ᠬᠢᠬᠦ》 ᠵᠠᠰᠠᠭ᠎ᠤᠨ ᠣᠷᠳᠣᠨ ᠮᠦᠩᠭᠦᠨ ᠭᠦᠢ᠍ᠯᠭᠡᠭᠡ ᠠᠵᠤ ᠠᠬᠤᠶ᠋ᠢᠯᠠᠯ᠎ᠤᠨ ᠵᠣᠯᠭ᠋ᠠᠭᠤᠯᠬᠤ ᠬᠤᠷᠠᠯ ᠬᠤᠷᠠᠯᠳᠤᠪᠠ ᠬᠤᠸᠠᠩ ᡁᠢ ᠴᠢᠶᠠᠩ ᠬᠤᠷᠠᠯ᠎ᠳᠤ ᠣᠷᠣᠯᠴᠠᠵᠤ ᠶᠠᠩ ᠵᠢᠨ ᠪᠠᠶᠠᠷ᠎ᠤᠨ ᠦᠭᠡ ᠬᠡᠯᠡᠪᠡ
2024 ᠣᠨ᠎ᠤ ᠪᠦᠬᠦ ᠣᠷᠣᠨ᠎ᠤ ᠴᠢᠬᠤᠯᠠ ᠶᠡᠭᠡ ᠲᠦᠰᠦᠯ᠎ᠤᠳ᠎ᠤᠨ ᠠᠵᠢᠯ᠎ᠢ ᠰᠡᠷᠭᠦᠭᠡᠬᠦ ᠪᠠᠶ᠋ᠢᠷᠢᠯᠠᠭᠤᠯᠤᠯᠲᠠ ᠵᠢᠨ ᠲᠧᠯᠸᠢᠰ ᠤᠲᠠᠰᠤᠲᠤ ᠬᠤᠷᠠᠯ᠎ᠢ ᠬᠤᠷᠠᠯᠳᠤᠭᠤᠯᠪᠠ ᠬᠤᠸᠠᠩ ᡁᠢ ᠴᠢᠶᠠᠩ ᠶᠠᠷᠢᠶ᠎ᠠ ᠲᠠᠯᠪᠢᠵᠠᠢ
ᠤᠯᠤᠰ᠎ᠤᠨ ᠪᠠᠷᠢᠮᠵᠢᠶᠠᠵᠢᠭᠤᠯᠤᠯᠲᠠ ᠵᠢᠨ ᠬᠠᠮᠢᠶᠠᠷᠤᠯᠲᠠ ᠵᠢᠨ ᠵᠥᠪᠯᠡᠯ ᠪᠣᠯᠣᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠪᠠᠷᠢᠮᠵᠢᠶᠠᠵᠢᠭᠤᠯᠤᠯᠲᠠ ᠵᠢᠨ ᠰᠢᠨ᠎ᠡ ᠵᠢ ᠡᠭᠦᠳᠬᠦ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠪᠦᠳᠦᠭᠦᠪᠴᠢ ᠵᠥᠪᠯᠡᠯᠴᠡᠭᠡᠷ ᠲᠣᠬᠢᠷᠠᠯᠴᠠᠵᠠᠢ ᠲᠢᠶᠠᠨ ᠱ᠌ᠢ ᠬᠤᠩ ᠴᠢ᠊ ᠪᠠᠲᠤ ᠭᠠᠷ᠎ᠤᠨ ᠦᠰᠦᠭ ᠵᠢᠷᠤᠪᠠ
 
            