2 ᠳ᠋ᠤᠭ᠋ᠠᠷ ᠰᠠᠷᠠ ᠵᠢᠨ 4ᠤ ᠡᠳᠦᠷ᠂ ᠥᠪᠡᠷᠲᠡᠭᠡᠨ ᠵᠠᠰᠠᠬᠤ ᠣᠷᠣᠨᠤ ᠲᠠᠪᠤᠳᠤᠭ᠋ᠠᠷ ᠤᠳᠠᠭ᠋ᠠᠨᠤ ᠪᠥᠬᠦ ᠤᠯᠤᠰᠤᠨ ᠠᠵᠤ ᠠᠬᠤᠢ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠤᠳᠤᠷᠢᠳᠬᠤ ᠳᠤᠭᠤᠶ᠋ᠢᠯᠠᠩᠤᠨ ᠬᠤᠷᠠᠯ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨᠤ ᠨᠠᠮᠤᠨ ᠬᠤᠷᠢᠶᠠᠨᠤ ᠪᠠᠶ᠋ᠢᠩᠭᠤ ᠵᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨᠤ ᠪᠠᠶ᠋ᠢᠩᠭᠤ ᠵᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠶᠠᠷᠢᠶᠠ ᠲᠠᠯᠪᠢᠵᠠᠢ᠃
ᠬᠤᠸᠠᠩ ᡁᠢ ᠴᠢᠶᠠᠩ ᠬᠡᠯᠡᠬᠦᠳᠤᠪᠠᠨ᠂ ᠲᠠᠪᠤᠳᠤᠭ᠋ᠠᠷ ᠤᠳᠠᠭ᠋ᠠᠨᠤ ᠪᠥᠬᠦ ᠤᠯᠤᠰᠤᠨ ᠠᠵᠤ ᠠᠬᠤᠢ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠲᠤᠬᠠᠢ ᠵᠢᠨ ᠲᠠᠯᠠᠪᠠᠶ ᠵᠢᠨ ᠳᠠᠩᠰᠠᠯᠠᠯᠲᠠ ᠵᠢᠨ ᠠᠵᠢᠯ ᠵᠠᠩᠭᠢᠯᠠᠭᠠ ᠵᠢᠨ ᠱᠠᠲᠤᠨᠳᠤᠪᠠᠨ ᠣᠷᠣᠪᠠ᠂ ᠥᠩᠭᠡᠷᠡᠭᠰᠡᠨᠤᠬᠢᠲᠠᠢ ᠬᠠᠷᠢᠴᠠᠭᠤᠯᠪᠠᠯ᠂ ᠣᠶ᠋ᠢᠷᠠ ᠵᠢᠨ ᠬᠡᠳᠦᠨ ᠵᠢᠯᠳᠤ ᠮᠠᠨᠤ ᠣᠷᠣᠨᠤ ᠡᠵᠡᠩᠨᠡᠯᠲᠡ ᠵᠢᠨ ᠭᠤᠣᠯ ᠴᠣᠭᠴᠠᠨᠤᠭᠤᠳ ᠣᠭᠵᠤᠮ ᠨᠡᠮᠡᠭᠳᠡᠵᠦ᠂ ᠨᠡᠶ᠋ᠢᠳᠡᠮ ᠪᠠᠶ᠋ᠢᠴᠠᠭ᠋ᠠᠭᠳᠠᠬᠤ ᠡᠲᠡᠭᠡᠳᠤᠨ ᠬᠦᠷᠢᠶᠡ ᠬᠡᠪᠴᠢᠶᠡ ᠶᠡᠭᠡ ᠪᠥᠭᠡᠳ ᠥᠷᠭᠡᠨ ᠪᠣᠯᠵᠠᠢ᠂ ᠲᠤᠬᠠᠢ ᠵᠢᠨ ᠲᠠᠯᠠᠪᠠᠶ ᠵᠢᠨ ᠳᠠᠩᠰᠠᠯᠠᠯᠲᠠ ᠵᠢᠨ ᠠᠵᠢᠯᠢ ᠰᠠᠶ᠋ᠢᠨ ᠬᠢᠭᠰᠡᠨ ᠡᠰᠡᠬᠦᠨᠢ ᠲᠠᠪᠤᠳᠤᠭ᠋ᠠᠷ ᠤᠳᠠᠭ᠋ᠠᠨᠤ ᠪᠦᠬᠦ ᠤᠯᠤᠰᠤᠨ ᠠᠵᠤ ᠠᠬᠤᠢ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯᠤᠨ ᠣᠯᠵᠤ ᠠᠯᠳᠠᠬᠤᠲᠠᠢ ᠰᠢᠭᠤᠳ ᠬᠤᠯᠪᠤᠭᠳᠠᠨᠠ᠃ ᠲᠤᠭᠠ ᠪᠠᠷᠢᠮᠲᠠ ᠵᠢᠨ ᠶᠠᠰᠤ ᠴᠢᠨᠠᠷᠢ ᠲᠤᠬᠠᠢ ᠵᠢᠨ ᠲᠠᠯᠠᠪᠠᠶ ᠵᠢᠨ ᠳᠠᠩᠰᠠᠯᠠᠯᠲᠠ ᠵᠢᠨ ᠠᠵᠢᠯᠤᠨ ᠲᠡᠷᠢᠭᠦᠨ ᠴᠢᠬᠤᠯᠠ ᠪᠠᠶ᠋ᠢᠷᠢᠨᠳᠤ ᠲᠠᠯᠪᠢᠬᠤ ᠵᠢ ᠪᠠᠷᠢᠮᠲᠠᠯᠠᠵᠤ᠂ ᠶᠠᠰᠤ ᠴᠢᠨᠠᠷᠢ ᠡᠵᠡᠮᠳᠡᠬᠦ ᠬᠠᠷᠢᠭᠤᠴᠠᠯᠭᠠ ᠵᠢ ᠭᠤᠭᠴᠤᠭᠠ ᠨᠢᠭᠡ ᠪᠦᠷᠢᠳᠤ ᠬᠦᠷᠲᠡᠯᠡ ᠪᠣᠳᠠᠲᠠᠶ᠋ᠢᠵᠢᠭᠤᠯᠵᠤ᠂ ᠴᠡᠭ ᠨᠢᠭᠡ ᠪᠦᠷᠢ ᠵᠢ ᠨᠢᠭᠲᠠ ᠠᠩᠬᠠᠷᠴᠤ᠂ ᠨᠡᠶ᠋ᠢᠳᠡᠮ ᠪᠠᠶ᠋ᠢᠴᠠᠭ᠋ᠠᠯᠲᠠ ᠵᠢᠨ ᠲᠤᠭᠠ ᠪᠠᠷᠢᠮᠲᠠ ᠵᠢᠨ ᠦᠨᠡᠨ ᠪᠣᠳᠠᠲᠠᠢ ᠣᠨᠣᠪᠴᠢᠲᠠᠶ ᠨᠠᠶ᠋ᠢᠳᠠᠪᠤᠷᠢᠲᠠᠢ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠤᠬᠠᠭᠤᠯᠭᠠ ᠵᠢ ᠲᠤᠬᠠᠢ ᠵᠢᠨ ᠲᠠᠯᠠᠪᠠᠶ ᠵᠢᠨ ᠳᠠᠩᠰᠠᠯᠠᠯᠲᠠ ᠵᠢᠨ ᠠᠵᠢᠯᠤᠨ ᠴᠢᠨᠠᠷ ᠪᠠ ᠪᠦᠲᠦᠮᠵᠢ ᠵᠢ ᠳᠡᠭᠡᠭᠰᠢᠯᠡᠭᠦᠯᠬᠦ ᠬᠦᠴᠦᠲᠡᠢ ᠠᠷᠭᠠ ᠪᠠᠷᠢᠯ ᠪᠣᠯᠭ᠋ᠠᠨ᠂ ᠡᠵᠡᠩᠨᠡᠯᠲᠡ ᠵᠢᠨ ᠭᠤᠣᠯ ᠴᠣᠭᠴᠠᠨᠤᠭᠤᠳᠤᠨ ᠲᠠᠪᠤᠳᠤᠭ᠋ᠠᠷ ᠤᠳᠠᠭ᠋ᠠᠨᠤ ᠪᠦᠬᠦ ᠤᠯᠤᠰᠤᠨ ᠠᠵᠤ ᠠᠬᠤᠢ ᠵᠢᠨ ᠨᠡᠶ᠋ᠢᠳᠡᠮ ᠪᠠᠶ᠋ᠢᠴᠠᠭ᠋ᠠᠯᠲᠠ ᠵᠢ ᠣᠶ᠋ᠢᠯᠠᠭ᠋ᠠᠬᠤ᠂ ᠳᠡᠮᠵᠢᠬᠦ ᠪᠠ ᠬᠠᠮᠵᠢᠯᠴᠠᠬᠤ ᠬᠡᠮᠵᠢᠶᠡ ᠵᠢ ᠴᠢᠨᠠᠭᠰᠢᠳᠠ ᠤᠯᠠᠮ ᠳᠡᠭᠡᠭᠰᠢᠯᠡᠭᠦᠯᠵᠦ᠂ ᠬᠠᠤᠯᠢ ᠶᠣᠰᠣᠭ᠋ᠠᠷ ᠨᠡᠶ᠋ᠢᠳᠡᠮ ᠪᠠᠶ᠋ᠢᠴᠠᠭ᠋ᠠᠬᠤ ᠰᠠᠶ᠋ᠢᠨ ᠰᠠᠶ᠋ᠢᠬᠠᠨ ᠠᠭᠤᠷ ᠠᠮᠢᠰᠬᠤᠯᠢ ᠰᠠᠶ᠋ᠢᠲᠤᠷ ᠪᠣᠶ ᠪᠣᠯᠭ᠋ᠠᠬᠤ ᠬᠡᠷᠡᠭᠲᠡᠢ ᠭᠡᠪᠡ᠃
ᠥᠪᠡᠷᠲᠡᠭᠡᠨ ᠵᠠᠰᠠᠬᠤ ᠣᠷᠣᠨᠤ ᠲᠤᠭᠠ ᠪᠦᠷᠢᠳᠬᠡᠯᠤᠨ ᠲᠣᠪᠴᠢᠶᠠ᠂ ᠵᠠᠬᠠ ᠳᠡᠯᠭᠡᠭᠦᠷᠤᠨ ᠬᠢᠨᠠᠯᠲᠠ ᠬᠠᠮᠢᠶᠠᠷᠤᠯᠲᠠ ᠵᠢᠨ ᠲᠣᠪᠴᠢᠶᠠ ᠪᠠ ᠤᠯᠠᠭ᠋ᠠᠨᠬᠠᠳᠠ ᠬᠤᠳᠠ᠂ ᠣᠷᠳᠣᠰ ᠬᠤᠳᠠ ᠬᠤᠷᠠᠯ ᠳᠡᠭᠡᠷᠡ ᠭᠤᠣᠯᠳᠠᠯᠭᠠᠲᠠᠢ ᠶᠠᠷᠢᠶᠠ ᠲᠠᠯᠪᠢᠵᠠᠢ᠃