8 ᠳ᠋ᠤᠭ᠋ᠠᠷ ᠰᠠᠷ᠎ᠠ ᠵᠢᠨ 1᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠢᠷᠭᠤᠳᠤᠭ᠋ᠠᠷ ᠬᠤᠭᠤᠴᠠᠭ᠋ᠠᠨ᠎ᠤ ᠵᠡᠮᠳᠡᠭᠴᠦᠳ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ ᠵᠢᠴᠢ ᠣᠨᠴᠠᠭ᠋ᠠᠶ ᠣᠯᠢᠮᠫᠢᠺ᠎ᠤᠨ ᠴᠤᠭᠯᠠᠭ᠋ᠠᠨ᠎ᠤ ᠵᠣᠬᠢᠶᠠᠨ ᠪᠠᠶ᠋ᠢᠭᠤᠯᠬᠤ ᠺᠣᠮᠢᠰ᠎ᠤᠨ ᠠᠩᠬᠠᠳᠤᠭ᠋ᠠᠷ ᠤᠳᠠᠭ᠋ᠠᠨ᠎ᠤ ᠪᠦᠭᠦᠳᠡ ᠬᠤᠷᠠᠯ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠴᠢ᠊ ᠪᠠᠲᠤ ᠬᠤᠷᠠᠯ᠎ᠢ ᠡᠷᠬᠢᠯᠡᠬᠦ ᠵᠢᠨ ᠬᠠᠮᠲᠤ ᠶᠠᠷᠢᠶ᠎ᠠ ᠲᠠᠯᠪᠢᠵᠠᠢ᠃
ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠤᠨ ᠬᠤᠯᠪᠣᠭ᠎ᠠ᠂ ᠪᠡᠶ᠎ᠡ ᠵᠢᠨ ᠲᠠᠮᠢᠷ᠎ᠤᠨ ᠲᠣᠪᠴᠢᠶ᠎ᠠ᠂ ᠣᠷᠳᠣᠰ ᠬᠤᠳᠠ ᠵᠢᠨ ᠵᠠᠰᠠᠭ᠎ᠤᠨ ᠣᠷᠳᠣᠨ᠎ᠤ ᠪᠦᠬᠦᠯᠢ ᠴᠣᠭᠴᠠ ᠵᠢᠨ ᠪᠡᠯᠡᠳᠬᠡᠯ ᠠᠵᠢᠯ᠎ᠤᠨ ᠪᠠᠶ᠋ᠢᠳᠠᠯ᠎ᠢ ᠰᠣᠨᠣᠰᠴᠤ᠂ ᠪᠤᠰᠤᠳ ᠵᠣᠬᠢᠶᠠᠨ ᠪᠠᠶ᠋ᠢᠭᠤᠯᠬᠤ ᠺᠣᠮᠢᠰ᠎ᠤᠨ ᠭᠡᠰᠢᠭᠦᠨ ᠨᠢᠭᠡᠴᠢ ᠲᠤᠰ ᠲᠤᠰ᠎ᠤᠨ ᠡᠭᠦᠷᠭᠡ ᠴᠢᠳᠠᠪᠤᠷᠢ᠎ᠲᠠᠢ᠎ᠪᠠᠨ ᠤᠶᠠᠯᠳᠤᠭᠤᠯᠤᠨ ᠠᠵᠢᠯ᠎ᠤᠨ ᠠᠬᠢᠴᠠ ᠵᠢᠨ ᠪᠠᠶ᠋ᠢᠳᠠᠯ ᠵᠶ᠋ᠠᠨ ᠬᠠᠷᠢᠭᠤ ᠮᠡᠳᠡᠭᠦᠯᠵᠡᠢ᠃ ᠬᠤᠷᠠᠯ᠎ᠠᠴᠠ᠂ ᠭᠤᠣᠯᠴᠢᠯᠠᠨ ᠡᠷᠬᠢᠯᠡᠬᠦ ᠪᠠ ᠳᠠᠭ᠋ᠠᠭ᠋ᠠᠨ ᠡᠷᠬᠢᠯᠡᠬᠦ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠪᠣᠳᠠᠲᠠᠶ᠋ᠢᠵᠢᠭᠤᠯᠵᠤ᠂ ᠠᠵᠢᠯ᠎ᠤᠨ ᠤᠷᠤᠭᠰᠢᠯᠠᠯᠲᠠ ᠵᠢ ᠠᠬᠢᠭᠤᠯᠵᠤ᠂ ᠥᠨᠳᠥᠷ ᠪᠠᠷᠢᠮᠵᠢᠶ᠎ᠠ ᠥᠨᠳᠥᠷ ᠲᠦᠪᠰᠢᠨ ᠵᠶ᠋ᠠᠷ ᠡᠯ᠎ᠡ ᠵᠦᠢ᠍ᠯ᠎ᠤᠨ ᠪᠡᠯᠡᠳᠬᠡᠯ ᠠᠵᠢᠯ᠎ᠢ ᠰᠠᠶ᠋ᠢᠲᠤᠷ ᠬᠢᠵᠦ᠂ ᠠᠮᠤᠷ ᠲᠦᠪᠰᠢᠨ ᠵᠶ᠋ᠠᠷ ᠤᠷᠤᠯᠳᠤᠭ᠋ᠠᠨ᠎ᠢ ᠡᠷᠬᠢᠯᠡᠬᠦ᠂ ᠤᠷᠤᠯᠳᠤᠭ᠋ᠠᠨ᠎ᠢ ᠭᠠᠶ᠋ᠢᠬᠠᠮ᠎ᠠ ᠰᠠᠶ᠋ᠢᠬᠠᠨ ᠡᠷᠬᠢᠯᠡᠬᠦ᠂ ᠤᠷᠤᠯᠳᠤᠭ᠋ᠠᠨ᠎ᠢ ᠭᠦᠢ᠍ᠴᠡᠳ ᠡᠷᠬᠢᠯᠡᠬᠦ᠂ ᠤᠷᠤᠯᠳᠤᠭ᠋ᠠᠨ᠎ᠢ ᠬᠠᠮᠵᠢᠯᠴᠠᠨ ᠡᠷᠬᠢᠯᠡᠬᠦ ᠵᠢ ᠴᠢᠷᠮᠠᠶ᠋ᠢᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ᠎ᠠᠴᠠ ᠡᠬᠢᠯᠡᠯᠲᠡ ᠲᠡᠭᠦᠰᠬᠡᠯ᠎ᠤᠨ ᠶᠣᠰᠣᠯᠠᠯ᠎ᠤᠨ ᠲᠥᠰᠥᠯ᠂ ᠬᠦᠨᠳᠦᠲᠦ ᠵᠣᠴᠢᠳ ᠵᠢᠴᠢ ᠲᠥᠯᠥᠭᠡᠯᠡᠭᠴᠢᠳ᠎ᠤᠨ ᠪᠦᠯᠬᠦᠮ᠎ᠤᠨ ᠲᠥᠰᠥᠯ ᠵᠡᠷᠭᠡ ᠵᠢ ᠶᠠᠷᠢᠯᠴᠠᠵᠠᠢ᠃