ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠤᠯᠤᠰ᠎ᠤᠨ ᠪᠠᠷᠢᠮᠵᠢᠶᠠᠵᠢᠭᠤᠯᠤᠯᠲᠠ ᠵᠢᠨ ᠬᠠᠮᠢᠶᠠᠷᠤᠯᠲᠠ ᠵᠢᠨ ᠵᠥᠪᠯᠡᠯ ᠪᠣᠯᠣᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠪᠠᠷᠢᠮᠵᠢᠶᠠᠵᠢᠭᠤᠯᠤᠯᠲᠠ ᠵᠢᠨ ᠰᠢᠨ᠎ᠡ ᠵᠢ ᠡᠭᠦᠳᠬᠦ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠪᠦᠳᠦᠭᠦᠪᠴᠢ ᠵᠥᠪᠯᠡᠯᠴᠡᠭᠡᠷ ᠲᠣᠬᠢᠷᠠᠯᠴᠠᠵᠠᠢ ᠲᠢᠶᠠᠨ ᠱ᠌ᠢ ᠬᠤᠩ ᠴᠢ᠊ ᠪᠠᠲᠤ ᠭᠠᠷ᠎ᠤᠨ ᠦᠰᠦᠭ ᠵᠢᠷᠤᠪᠠ
ᠨᠡᠶᠢᠲᠡᠯᠡᠭᠰᠡᠨ ᠴᠠᠭ᠄ 2023-09-08


   9 ᠰᠠᠷ᠎ᠠ ᠵᠢᠨ 6᠎ᠤ ᠡᠳᠦᠷ᠂ ᠤᠯᠤᠰ᠎ᠤᠨ ᠪᠠᠷᠢᠮᠵᠢᠶᠠᠵᠢᠭᠤᠯᠤᠯᠲᠠ ᠵᠢᠨ ᠬᠠᠮᠢᠶᠠᠷᠤᠯᠲᠠ ᠵᠢᠨ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠭᠦᠭᠡᠬᠤᠲᠠ᠎ᠳᠤ 《ᠪᠠᠷᠢᠮᠵᠢᠶᠠᠵᠢᠭᠤᠯᠤᠯᠲᠠ ᠵᠢᠨ ᠰᠢᠨ᠎ᠡ ᠵᠢ ᠡᠭᠦᠳᠬᠦ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠪᠦᠳᠦᠭᠦᠪᠴᠢ ᠵᠥᠪᠯᠡᠯᠴᠡᠭᠡᠷ》 ᠲᠣᠬᠢᠷᠠᠯᠴᠠᠵᠤ᠂ ᠤᠯᠤᠰ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ ᠵᠢᠨ ᠳᠡᠳ᠋ ᠳᠠᠷᠤᠭ᠎ᠠ᠂ ᠤᠯᠤᠰ᠎ᠤᠨ ᠪᠠᠷᠢᠮᠵᠢᠶᠠᠵᠢᠭᠤᠯᠤᠯᠲᠠ ᠵᠢᠨ ᠬᠠᠮᠢᠶᠠᠷᠤᠯᠲᠠ ᠵᠢᠨ ᠵᠥᠪᠯᠡᠯ᠎ᠤᠨ ᠡᠷᠭᠢᠯᠡᠭᠴᠢ ᠲᠢᠶᠠᠨ ᠱ᠌ᠢ ᠬᠤᠩ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠴᠢ᠊ ᠪᠠᠲᠤ ᠲᠤᠰ ᠲᠤᠰ ᠬᠤᠶᠠᠷ ᠲᠠᠯ᠎ᠠ ᠵᠢ ᠲᠥᠯᠥᠭᠡᠯᠡᠨ ᠵᠥᠪᠯᠡᠯᠴᠡᠭᠡᠷ ᠳᠡᠭᠡᠷ᠎ᠡ ᠭᠠᠷ᠎ᠤᠨ ᠦᠰᠦᠭ ᠵᠢᠷᠤᠪᠠ᠃
    ᠵᠥᠪᠯᠡᠯᠴᠡᠭᠡᠷ᠎ᠢ ᠦᠨᠳᠦᠰᠦᠯᠡᠪᠡᠯ᠂ ᠬᠤᠶᠠᠷ ᠲᠠᠯ᠎ᠠ᠎ᠪᠠᠷ ᠵᠶ᠋ᠠᠨ ᠪᠠᠷᠢᠮᠵᠢᠶᠠᠵᠢᠭᠤᠯᠤᠯᠲᠠ ᠵᠢᠨ ᠰᠢᠨ᠎ᠡ ᠵᠢ ᠡᠭᠦᠳᠬᠦ ᠬᠥᠭᠵᠢᠯᠲᠡ᠂ ᠨᠡᠭᠦᠷᠡᠰᠦᠳᠦ᠋ᠷᠦᠭᠴᠢ ᠵᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ᠎ᠳᠤ ᠬᠦᠷᠬᠦ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ ᠰᠢᠰᠲ᠋ᠧᠮ᠎ᠤᠨ ᠪᠠᠶ᠋ᠢᠭᠤᠯᠤᠯᠲᠠ᠂ ᠪᠠᠷᠢᠮᠵᠢᠶᠠᠵᠢᠭᠤᠯᠤᠯᠲᠠ ᠵᠢ ᠲᠣᠭ᠋ᠠᠴᠢᠯᠠᠯᠳᠠ ᠲᠡᠶ᠋ᠢᠰᠢ ᠭᠡᠯᠪᠡᠷᠢ ᠵᠢ ᠬᠤᠪᠢᠷᠠᠭᠤᠯᠤᠨ ᠬᠥᠭᠵᠢᠭᠦᠯᠬᠦ᠂ ᠤᠯᠤᠰ᠎ᠤᠨ ᠮᠡᠷᠭᠡᠵᠢᠯ᠎ᠤᠨ ᠪᠠᠷᠢᠮᠵᠢᠶ᠎ᠠ ᠵᠢᠨ ᠰᠢᠨ᠎ᠡ ᠵᠢ ᠡᠭᠦᠳᠬᠦ ᠰᠠᠭᠤᠷᠢᠨ᠎ᠤ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ ᠵᠡᠷᠭᠡ ᠲᠠᠯ᠎ᠠ᠎ᠪᠠᠷ ᠬᠠᠮᠲᠤᠷᠠᠯᠴᠠᠭ᠎ᠠ ᠥᠷᠨᠢᠭᠦᠯᠬᠦ ᠪᠣᠯᠣᠨ᠎ᠠ᠃ ᠪᠠᠷᠢᠮᠵᠢᠶᠠᠵᠢᠭᠤᠯᠤᠯᠲᠠ ᠵᠢᠨ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠡᠷᠴᠢᠮ᠎ᠢ ᠴᠢᠩᠭ᠋ᠠᠷᠠᠭᠤᠯᠬᠤ᠎ᠪᠠᠷ ᠳᠠᠮᠵᠢᠭᠤᠯᠤᠨ᠂ ᠥᠪᠥᠷ ᠮᠣᠩᠭᠤᠯ᠎ᠤᠨ ᠰᠢᠨ᠎ᠡ ᠵᠠᠮ ᠨᠡᠭᠡᠭᠡᠬᠦ᠂ ᠳᠤᠮᠳᠠ ᠲᠦᠪᠰᠢᠨ᠎ᠳᠤ ᠣᠷᠣᠬᠤ᠎ᠳᠤ ᠬᠦᠴᠦᠨ ᠨᠡᠮᠡᠷᠢᠯᠡᠵᠦ᠂ ᠴᠢᠨᠠᠷ ᠰᠠᠶ᠋ᠢᠲᠠᠢ ᠬᠥᠭᠵᠢᠯᠲᠡ ᠵᠢ ᠪᠡᠶᠡᠯᠡᠭᠦᠯᠬᠦ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠨ᠎ᠠ᠃

   

ᠢᠷᠡᠯᠲᠡ᠄ ᠥᠪᠥᠷ ᠮᠣᠩᠭᠤᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠤᠯᠤᠰ᠎ᠤᠨ ᠵᠢᠭᠡᠯᠡᠯᠭᠡ ᠨᠡᠮᠡᠵᠦ ᠲᠠᠷᠬᠠᠭ᠋ᠠᠬᠤ ᠲᠦᠰᠦᠯ᠎ᠢ ᠪᠠᠶ᠋ᠢᠷᠢᠯᠠᠭᠤᠯᠤᠨ ᠠᠬᠢᠭᠤᠯᠬᠤ ᠬᠤᠷᠠᠯ ᠬᠤᠷᠠᠯᠳᠤᠭᠤᠯᠪᠠ ᠳᠠᠶ᠋ᠢᠴᠢᠨ ᠶᠠᠷᠢᠶ᠎ᠠ ᠲᠠᠯᠪᠢᠵᠠᠢ
ᠥᠪᠡᠷᠲᠡᠭᠡᠨ ᠵᠠᠰᠠᠬᠤ ᠣᠷᠣᠨ᠎ᠤ ᠲᠠᠪᠤᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠠᠵᠤ ᠠᠬᠤᠢ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠤᠳᠤᠷᠢᠳᠬᠤ ᠳᠤᠭᠤᠶ᠋ᠢᠯᠠᠩ᠎ᠤᠨ ᠬᠤᠷᠠᠯ ᠬᠤᠷᠠᠯᠳᠤᠪᠠ ᠬᠤᠸᠠᠩ ᡁᠢ ᠴᠢᠶᠠᠩ ᠶᠠᠷᠢᠶ᠎ᠠ ᠲᠠᠯᠪᠢᠵᠠᠢ
ᠥᠪᠡᠷᠲᠡᠭᠡᠨ ᠵᠠᠰᠠᠬᠤ ᠣᠷᠣᠨ᠎ᠤ ᠳᠥᠷᠪᠡᠳᠦᠭᠡᠷ ᠤᠳᠠᠭ᠎ᠠ ᠵᠢᠨ ᠪᠦᠭᠦ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠨᠡᠶ᠋ᠢᠳᠡᠮ ᠪᠠᠶ᠋ᠢᠴᠠᠭ᠋ᠠᠯᠲᠠ ᠵᠢᠨ ᠳᠠᠶ᠋ᠢᠴᠢᠯᠠᠯᠲᠠ ᠪᠠᠶ᠋ᠢᠷᠢᠯᠠᠭᠤᠯᠤᠯᠲᠠ ᠵᠢᠴᠢ ᠰᠣᠶᠣᠯ᠎ᠤᠨ ᠥᠪ᠎ᠢ ᠬᠠᠮᠠᠭ᠋ᠠᠯᠠᠵᠤ ᠤᠯᠠᠮᠵᠢᠯᠠᠬᠤ ᠲᠤᠬᠠᠢ ᠸᠢᠳᠢᠤ᠋ ᠬᠤᠷᠠᠯ ᠬᠤᠷᠠᠯᠳᠤᠪᠠ ᠵᠧᠩ ᠬᠤᠩ ᠹᠠᠨ ᠬᠤᠷᠠᠯ᠎ᠳᠤ ᠣᠷᠣᠯᠴᠠᠵᠦ ᠶᠠᠷᠢᠶ᠎ᠠ ᠲᠠᠯᠪᠢᠪᠠ ᠶᠠᠩ ᠵᠢᠨ ᠬᠤᠷᠠᠯ᠎ᠢ ᠡᠷᠭᠢᠯᠡᠭᠰᠡᠨ ᠪᠥᠭᠡᠳ ᠳᠠᠶ᠋ᠢᠴᠢᠯᠠᠯᠲᠠ ᠪᠠᠶ᠋ᠢᠷᠢᠯᠠᠭᠤᠯᠤᠯᠲᠠ ᠬᠢᠵᠡᠢ
 
            