ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠬᠤᠷᠴᠢᠨ᠎ᠤ ᠡᠯᠡᠰᠦ ᠵᠢ ᠰᠥᠨᠥᠭᠡᠬᠦ ᠳᠠᠶ᠋ᠢᠯᠠᠯᠳᠤᠭ᠋ᠠᠨ᠎ᠤ ᠲᠤᠬᠠᠢ ᠵᠢᠨ ᠲᠠᠯᠠᠪᠠᠶ ᠵᠢᠨ ᠠᠬᠢᠭᠤᠯᠬᠤ ᠬᠤᠷᠠᠯ ᠲᠦᠩᠯᠢᠶᠣᠣ ᠬᠤᠲᠠ᠎ᠳᠤ ᠬᠤᠷᠠᠯᠳᠤᠪᠠ ᠳᠠᠶ᠋ᠢᠴᠢᠨ ᠬᠤᠷᠠᠯ᠎ᠳᠤ ᠣᠷᠣᠯᠴᠠᠨ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄ 2023-10-26



   10 ᠳ᠋ᠤᠭ᠋ᠠᠷ ᠰᠠᠷ᠎ᠠ ᠵᠢᠨ 23᠎ᠤ ᠡᠳᠦᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠷᠴᠢᠨ᠎ᠤ ᠡᠯᠡᠰᠦ ᠵᠢ ᠰᠥᠨᠥᠭᠡᠬᠦ ᠳᠠᠶ᠋ᠢᠯᠠᠯᠳᠤᠭ᠋ᠠᠨ᠎ᠤ ᠲᠤᠬᠠᠢ ᠵᠢᠨ ᠲᠠᠯᠠᠪᠠᠶ ᠵᠢᠨ ᠠᠬᠢᠭᠤᠯᠬᠤ ᠬᠤᠷᠠᠯ᠎ᠢ ᠲᠦᠩᠯᠢᠶᠣᠣ ᠬᠤᠲᠠᠨ᠎ᠠ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠳᠠᠶ᠋ᠢᠴᠢᠨ ᠬᠤᠷᠠᠯ᠎ᠳᠤ ᠣᠷᠣᠯᠴᠠᠨ ᠶᠠᠷᠢᠶ᠎ᠠ ᠲᠠᠯᠪᠢᠵᠠᠢ᠃
    ᠲᠤᠰ ᠤᠳᠠᠭ᠋ᠠᠨ᠎ᠤ ᠬᠤᠷᠠᠯ ᠳᠡᠭᠡᠷ᠎ᠡ ᠬᠤᠷᠴᠢᠨ᠎ᠤ ᠡᠯᠡᠰᠦ ᠵᠢ ᠰᠥᠨᠥᠭᠡᠬᠦ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ ᠠᠵᠢᠯ᠎ᠳᠤ ᠪᠣᠳᠠᠲᠠᠢ ᠪᠠᠶ᠋ᠢᠷᠢᠯᠠᠭᠤᠯᠤᠯᠲᠠ ᠬᠢᠵᠦ᠂ ᠨᠡᠶ᠋ᠢᠰᠯᠡᠯ᠎ᠤᠨ ᠡᠯᠡᠰᠦᠨ᠎ᠤ ᠡᠬᠢ ᠵᠢ ᠰᠥᠨᠥᠭᠡᠬᠦ ᠳᠠᠶ᠋ᠢᠯᠠᠯᠳᠤᠭ᠋ᠠᠨ᠂ ᠡᠯᠡᠰᠦᠨ᠎ᠤ ᠡᠬᠢ ᠵᠢ ᠬᠡᠰᠡᠭᠯᠡᠨ ᠪᠦᠰᠡᠯᠡᠬᠦ ᠳᠠᠶ᠋ᠢᠯᠠᠯᠳᠤᠭ᠋ᠠᠨ᠂ ᠨᠣᠭᠤᠭ᠋ᠠᠷᠠᠭᠤᠯᠤᠯᠲᠠ ᠵᠢ ᠨᠡᠮᠡᠭᠳᠡᠭᠦᠯᠦᠨ ᠴᠢᠨᠠᠷ᠎ᠢ᠎ᠨᠢ ᠰᠠᠶ᠋ᠢᠵᠢᠷᠠᠭᠤᠯᠵᠤ ᠬᠠᠮᠠᠭ᠋ᠠᠯᠠᠬᠤ ᠳᠠᠶ᠋ᠢᠯᠠᠯᠳᠤᠭ᠋ᠠᠨ ᠵᠡᠷᠭᠡ 3 ᠳᠠᠶ᠋ᠢᠯᠠᠯᠳᠤᠭ᠋ᠠᠨ᠎ᠢ ᠰᠢᠨᠵᠢᠯᠡᠬᠦ ᠤᠬᠠᠭ᠋ᠠᠨᠴᠢ᠎ᠪᠠᠷ ᠪᠠᠶ᠋ᠢᠷᠢᠰᠢᠯᠠᠭᠤᠯᠵᠤ᠂ ᠡᠯᠡᠰᠦᠷᠬᠡᠭᠵᠢᠭᠰᠡᠨ ᠭᠠᠵᠠᠷ ᠰᠢᠷᠣᠢ ᠵᠢ ᠶᠡᠷᠦᠩᠬᠡᠶ᠋ᠢᠯᠡᠨ ᠵᠠᠰᠠᠬᠤ᠂ ᠡᠯᠡᠰᠦᠷᠬᠡᠭ ᠪᠤᠰᠤ ᠭᠠᠵᠠᠷ ᠰᠢᠷᠣᠢ ᠵᠢᠨ ᠨᠣᠭᠤᠭ᠋ᠠᠷᠠᠭᠤᠯᠤᠯᠲᠠ ᠵᠢ ᠥᠳᠬᠡᠷᠡᠭᠦᠯᠵᠦ ᠥᠷᠭᠡᠳᠬᠡᠬᠦ᠂ ᠵᠠᠰᠠᠭᠰᠠᠨ ᠦᠷ᠎ᠡ ᠪᠦᠲᠦᠮᠵᠢ ᠵᠢ ᠪᠠᠬᠢᠵᠢᠭᠦᠯᠦᠨ ᠳᠡᠭᠡᠭᠰᠢᠯᠡᠭᠦᠯᠬᠦ ᠵᠡᠷᠭᠡ 10 ᠵᠦᠢ᠍ᠯ᠎ᠤᠨ ᠭᠤᠣᠯ ᠡᠭᠦᠷᠭᠡ ᠵᠢ ᠪᠠᠶ᠋ᠢᠷᠢᠯᠠᠭᠤᠯᠤᠨ ᠬᠡᠷᠡᠭᠵᠢᠭᠦᠯᠵᠦ᠂ 2030 ᠣᠨ ᠪᠣᠯᠬᠤ᠎ᠳᠤ ᠡᠯᠡᠰᠦᠷᠬᠡᠭᠵᠢᠭᠰᠡᠨ ᠭᠠᠵᠠᠷ ᠰᠢᠷᠣᠢ ᠵᠢ ᠶᠡᠷᠦᠩᠬᠡᠶ᠋ᠢᠯᠡᠨ ᠵᠠᠰᠠᠬᠤ ᠵᠢ ᠪᠡᠶᠡᠯᠡᠭᠦᠯᠦᠭᠰᠡᠨ ᠭᠠᠵᠠᠷ 1100 ᠭᠠᠷᠤᠢ ᠲᠦᠮᠡᠨ ᠮᠦ᠍ ᠨᠡᠮᠡᠭᠳᠡᠭᠦᠯᠦᠨ᠂ ᠵᠠᠰᠠᠵᠤ ᠪᠣᠯᠬᠤ ᠡᠯᠡᠰᠦᠷᠬᠡᠭᠵᠢᠭᠰᠡᠨ ᠭᠠᠵᠠᠷ ᠰᠢᠷᠣᠢ ᠵᠢᠨ ᠵᠠᠰᠠᠯᠲᠠ ᠵᠢᠨ ᠨᠤᠷᠮ᠎ᠠ ᠵᠢ 85%᠎ᠠᠴᠠ ᠳᠡᠭᠡᠭᠰᠢ ᠪᠣᠯᠭ᠋ᠠᠨ᠎ᠠ᠃

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠬᠤᠪᠣᠷ ᠰᠢᠷᠣᠢ ᠵᠢᠨ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢᠨ ᠬᠠᠮᠵᠢᠯᠴᠠᠨ ᠬᠥᠭᠵᠢᠬᠦ ᠬᠤᠷᠠᠯ ᠪᠤᠭᠤᠲᠤ᠎ᠳᠤ ᠬᠤᠷᠠᠯᠳᠤᠪᠠ ᠪᠠᠢ ᠴᠢᠩ ᠶᠤᠸᠠᠨ ᠪᠠᠶᠠᠷ᠎ᠤᠨ ᠦᠭᠡ ᠬᠡᠯᠡᠵᠡᠢ
ᠪᠦᠬᠦ ᠣᠷᠣᠨ᠎ᠤ ᠠᠶᠤᠯᠲᠠᠢ ᠬᠢᠮᠢ ᠵᠢᠨ ᠪᠣᠳᠠᠰ᠎ᠤᠨ ᠠᠮᠤᠷ ᠲᠦᠪᠰᠢᠨ᠎ᠤ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠠᠵᠢᠯ᠎ᠤᠨ ᠬᠤᠷᠠᠯ᠎ᠢ ᠬᠤᠷᠠᠯᠳᠤᠭᠤᠯᠪᠠ ᠬᠤᠸᠠᠩ ᡁᠢ ᠴᠢᠶᠠᠩ ᠬᠤᠷᠠᠯ᠎ᠢ ᠡᠷᠬᠢᠯᠡᠪᠡ
ᠪᠦᠬᠦ ᠣᠷᠣᠨ᠎ᠤ ᠠᠶᠤᠯ ᠦᠭᠡᠢ ᠦᠢ᠍ᠯᠡᠳᠪᠦᠷᠢᠯᠡᠯ ᠵᠢᠴᠢ ᠨᠠᠮᠤᠷ ᠡᠪᠦᠯ᠎ᠤᠨ ᠤᠯᠠᠷᠢᠯ᠎ᠳᠠᠬᠢ ᠣᠢ ᠲᠠᠯ᠎ᠠ ᠵᠢᠨ ᠲᠦᠢ᠍ᠮᠡᠷ᠎ᠢ ᠰᠡᠷᠭᠡᠶ᠋ᠢᠯᠡᠬᠦ ᠪᠠ ᠤᠨᠲᠠᠷᠠᠭ᠋ᠠᠬᠤ ᠠᠵᠢᠯ᠎ᠤᠨ ᠬᠤᠷᠠᠯ ᠬᠤᠷᠠᠯᠳᠤᠪᠠ ᠬᠤᠸᠠᠩ ᡁᠢ ᠴᠢᠶᠠᠩ ᠶᠠᠷᠢᠶ᠎ᠠ ᠲᠠᠯᠪᠢᠵᠤ ᠪᠦᠦ ᠰᠢᠶᠠᠨ ᠬᠤᠸᠠ ᠳᠠᠶ᠋ᠢᠴᠢᠨ ᠶᠠᠩ ᠵᠢᠨ ᠬᠤᠷᠠᠯ᠎ᠳᠤ ᠣᠷᠣᠯᠴᠠᠪᠠ
ᠪᠦᠬᠦ ᠣᠷᠣᠨ᠎ᠤ ᠵᠢᠭᠤᠯᠴᠢᠯᠠᠯ᠎ᠤᠨ ᠭᠥᠭᠵᠢᠭᠦᠯᠦᠯᠲᠡ ᠵᠢᠨ ᠶᠡᠭᠡ ᠬᠤᠷᠠᠯ ᠤᠯᠠᠭ᠋ᠠᠨᠬᠠᠳᠠ ᠬᠤᠲᠠ᠎ᠳᠤ ᠬᠤᠷᠠᠯᠳᠤᠪᠠ ᠶᠠᠩ ᠵᠢᠨ ᠶᠠᠷᠢᠶ᠎ᠠ ᠲᠠᠯᠪᠢᠵᠠᠢ
 
            