6 ᠳ᠋ᠤᠭ᠋ᠠᠷ ᠰᠠᠷ᠎ᠠ ᠵᠢᠨ 20᠎ᠤ ᠡᠳᠦᠷ᠎ᠠᠴᠠ 22᠎ᠤᠨ ᠡᠳᠦᠷ ᠪᠣᠯᠲᠠᠯ᠎ᠠ᠂ 2025 ᠣᠨ᠎ᠤ ᠪᠡᠭᠡᠵᠢᠩ᠎ᠤᠨ ᠤᠯᠠᠨ ᠤᠯᠤᠰ᠎ᠤᠨ ᠰᠣᠶᠣᠯ ᠵᠢᠭᠤᠯᠴᠢᠯᠠᠯ᠎ᠤᠨ ᠬᠡᠷᠡᠭᠯᠡᠭᠡᠨ᠎ᠤ ᠦᠵᠡᠰᠬᠦᠯᠡᠩ᠎ᠤᠨ ᠴᠤᠭᠯᠠᠭ᠋ᠠᠨ ᠪᠡᠭᠡᠵᠢᠩ᠎ᠤᠨ ᠦᠵᠡᠰᠬᠦᠯᠡᠩ᠎ᠤᠨ ᠣᠷᠳᠣᠨ᠎ᠳᠤ ᠶᠠᠪᠤᠭᠳᠠᠵᠤ᠂ ᠲᠤᠰ ᠤᠳᠠᠭ᠋ᠠᠨ᠎ᠤ ᠦᠵᠡᠰᠬᠦᠯᠡᠩ᠎ᠤᠨ ᠴᠤᠭᠯᠠᠭ᠋ᠠᠨ᠎ᠨᠢ ᠪᠦᠬᠦ ᠤᠯᠤᠰ᠎ᠤᠨ ᠠᠩᠬᠠᠳᠠᠭᠴᠢ ᠰᠣᠶᠣᠯ ᠵᠢᠭᠤᠯᠴᠢᠯᠠᠯ᠎ᠤᠨ ᠬᠡᠷᠡᠭᠯᠡᠭᠡ᠎ᠪᠠᠷ ᠨᠡᠷᠡᠢ᠌ᠳᠦᠭᠰᠡᠨ ᠶᠡᠷᠦᠩᠬᠡᠢ᠌ᠯᠡᠭᠰᠡᠨ ᠴᠢᠨᠠᠷᠲᠠᠢ ᠠᠵᠢᠯ ᠲᠦᠷᠦᠯ᠎ᠤᠨ ᠦᠪᠡᠳᠡᠭᠰᠢ ᠴᠤᠭᠯᠠᠭ᠋ᠠᠨ ᠪᠣᠯᠤᠭᠰᠠᠨ᠎ᠤ ᠬᠤᠪᠢ᠎ᠳᠤ᠂ ᠲᠣᠮᠣ ᠬᠡᠯᠪᠡᠷᠢ ᠵᠢᠨ ᠵᠢᠪᠦᠭᠰᠡᠨ ᠮᠠᠶᠢᠭ᠎ᠤᠨ ᠦᠵᠡᠰᠬᠦᠯᠡᠩ᠎ᠤᠨ ᠲᠣᠭᠣᠷᠢᠭ᠂ ᠪᠦᠬᠦ ᠪᠥᠮᠪᠥᠷᠴᠡᠭ᠎ᠤᠨ ᠦᠵᠡᠰᠬᠦᠯᠡᠩ᠎ᠳᠤ ᠣᠷᠣᠯᠴᠠᠭᠰᠠᠨ ᠠᠷᠠᠯᠵᠢᠶᠠᠴᠢᠳ᠎ᠤᠨ ᠡᠩᠨᠡᠭᠡ ᠪᠣᠯᠵᠤ᠂ 《ᠰᠣᠶᠣᠯ ᠵᠢᠭᠤᠯᠴᠢᠯᠠᠯ ᠬᠠᠮᠲᠤ᠎ᠪᠠᠷ ᠤᠷᠤᠭᠰᠢᠯᠠᠵᠤ · ᠰᠠᠢ᠌ᠨ ᠰᠠᠢ᠌ᠬᠠᠨ ᠠᠮᠢᠳᠤᠷᠠᠯ᠎ᠢ ᠴᠤᠭᠴᠠᠯᠠᠨ᠎ᠠ》 ᠵᠢᠨ ᠭᠣᠢ᠌ᠳᠠ ᠰᠠᠢ᠌ᠬᠠᠨ ᠠᠶᠠᠯᠠᠯ᠎ᠢ ᠡᠬᠢᠯᠡᠭᠦᠯᠵᠡᠢ᠃ ᠥᠪᠥᠷ ᠮᠣᠩᠭᠣᠯ᠎ᠤᠨ ᠦᠵᠡᠭᠦᠯᠭᠡ ᠵᠢᠨ ᠲᠣᠭᠣᠷᠢᠭ 《ᠠᠶᠠᠯᠭᠤᠲᠤ ᠵᠢᠭᠤᠯᠴᠢᠯᠠᠯ ᠥᠪᠥᠷ ᠮᠣᠩᠭᠣᠯ》 ᠭᠣᠣᠯ ᠰᠡᠳᠦᠪ ᠵᠶ᠋ᠡᠷ ᠭᠣᠢ᠌ᠳᠠ ᠰᠠᠢ᠌ᠬᠠᠨ ᠳᠦᠷᠢ ᠲᠥᠷᠬᠦ᠎ᠪᠠᠨ ᠭᠠᠢ᠌ᠬᠠᠭᠤᠯᠪᠠ᠃ ᠳᠥᠷᠪᠡᠨ ᠶᠡᠬᠡ ᠴᠢᠳᠠᠮᠵᠢᠲᠤ ᠲᠤᠭᠤᠷᠢᠭ ᠵᠶ᠋ᠠᠷ ᠮᠠᠨ᠎ᠤ ᠣᠷᠣᠨ᠎ᠤ ᠰᠣᠶᠣᠯ ᠵᠢᠭᠤᠯᠴᠢᠯᠠᠯ᠎ᠤᠨ ᠠᠵᠢᠯ ᠲᠥᠷᠥᠯ᠎ᠤᠨ ᠰᠢᠨ᠎ᠡ ᠡᠵᠡᠩᠨᠡᠯᠲᠡ ᠵᠢᠨ ᠬᠡᠯᠪᠡᠷᠢ ᠪᠠᠢ᠌ᠳᠠᠯ᠂ ᠰᠢᠨ᠎ᠡ ᠦᠵᠡᠮᠵᠢ ᠪᠠᠢ᠌ᠳᠠᠯ᠂ ᠰᠢᠨ᠎ᠡ ᠲᠠᠸᠠᠷ᠂ ᠰᠢᠨ᠎ᠡ ᠰᠢᠨᠵᠢᠯᠡᠬᠦ ᠤᠬᠠᠭ᠋ᠠᠨ ᠮᠡᠷᠭᠡᠵᠢᠯ ᠬᠢᠭᠡᠳ ᠰᠢᠨ᠎ᠡ ᠬᠡᠪ ᠵᠠᠭᠪᠤᠷ᠂ ᠰᠦᠷᠯᠢᠭ ᠰᠠᠢ᠌ᠬᠠᠨ ᠪᠠᠢ᠌ᠭ᠋ᠠᠯᠢ ᠵᠢᠨ ᠥᠩᠭᠡ ᠦᠵᠡᠮᠵᠢ᠂ ᠥᠨᠢ ᠤᠳᠠᠭ᠋ᠠᠨ ᠲᠡᠦᠬᠡ ᠰᠣᠶᠣᠯ᠂ ᠥᠨᠢᠷ ᠥᠳᠬᠡᠨ ᠦᠨᠳᠦᠰᠦᠲᠡᠨ᠎ᠤ ᠵᠠᠩ ᠦᠢᠯᠡ ᠵᠢ ᠢᠯᠡᠷᠡᠭᠦᠯᠦᠭᠰᠡᠨ᠎ᠨᠢ ᠥᠪᠥᠷ ᠮᠣᠩᠭᠣᠯ᠎ᠤᠨ ᠦᠵᠡᠭᠦᠯᠭᠡ ᠵᠢᠨ ᠲᠣᠭᠣᠷᠢᠭ ᠲᠣᠰ ᠬᠤᠭᠤᠴᠠᠭ᠋ᠠᠨ᠎ᠤ ᠬᠡᠷᠡᠭᠯᠡᠭᠴᠢᠳ᠎ᠤᠨ ᠬᠡᠷᠡᠭᠯᠡᠭᠡᠨ᠎ᠤ ᠦᠵᠡᠰᠬᠦᠯᠡᠩ᠎ᠤᠨ ᠴᠤᠭᠯᠠᠭ᠋ᠠᠨ ᠳᠡᠭᠡᠷ᠎ᠡ ᠥᠪᠡᠷᠮᠢᠴᠡ ᠲᠠᠲᠠᠬᠤ ᠬᠦᠴᠦᠨ᠎ᠲᠠᠢ᠂ ᠬᠡᠷᠡᠯ ᠭᠢᠯᠪᠠᠭ᠎ᠠ᠎ᠪᠠᠨ ᠰᠠᠴᠤᠷᠠᠭᠤᠯᠵᠠᠢ᠃
ᠡᠨᠡ ᠤᠳᠠᠭ᠎ᠠ ᠥᠪᠥᠷ ᠮᠣᠩᠭᠣᠯ᠎ᠤᠨ ᠦᠵᠡᠭᠦᠯᠭᠡ ᠵᠢᠨ ᠲᠣᠭᠣᠷᠢᠭ᠎ᠲᠤ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠨᠡᠷᠡᠲᠦ ᠳᠦᠷᠦᠯ ᠲᠡᠮᠳᠡᠭᠲᠦ ᠵᠢ ᠤᠷᠢᠨ ᠤᠷᠤᠭᠤᠯᠵᠤ᠂ ᠰᠣᠶᠣᠯ ᠵᠢᠭᠤᠯᠴᠢᠯᠠᠯ᠎ᠤᠨ ᠬᠠᠮᠤᠭ᠎ᠤᠨ ᠰᠢᠨ᠎ᠡ ᠪᠦᠲᠦᠭᠡᠭᠳᠡᠬᠦᠨ᠂ ᠵᠠᠮ ᠱᠤᠭᠤᠮ ᠵᠢᠴᠢ ᠦᠢ᠍ᠯᠡᠴᠢᠯᠡᠭᠡ ᠵᠢ ᠲᠥᠪᠯᠡᠷᠡᠭᠦᠯᠦᠨ ᠳᠡᠯᠭᠡᠨ ᠦᠵᠡᠭᠦᠯᠦᠭᠰᠡᠨ᠎ᠨᠢ ᠰᠣᠶᠣᠯ ᠵᠢᠭᠤᠯᠴᠢᠯᠠᠯ᠎ᠤᠨ ᠪᠦᠲᠦᠭᠡᠭᠳᠡᠬᠦᠨ᠎ᠤ ᠵᠠᠬ᠎ᠠ ᠳᠡᠯᠭᠡᠭᠦᠷᠴᠢᠯᠡᠯᠲᠡ ᠵᠢ ᠲᠦᠯᠬᠢᠨ ᠠᠬᠢᠭᠤᠯᠵᠤ᠂ ᠠᠵᠤ ᠦᠢ᠍ᠯᠡᠰ᠎ᠤᠨ ᠬᠠᠮᠲᠤᠷᠠᠯᠴᠠᠭ᠎ᠠ ᠪᠠ ᠰᠣᠯᠢᠯᠴᠠᠭ᠎ᠠ ᠵᠢ ᠠᠬᠢᠭᠤᠯᠤᠨ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠠᠷᠭ᠎ᠠ ᠵᠠᠮ᠎ᠢ ᠢᠳᠡᠪᠬᠢᠲᠡᠢ᠎ᠪᠠᠷ ᠬᠠᠢ᠌ᠨ ᠰᠦᠪᠡᠭᠴᠢᠯᠡᠵᠡᠢ᠂ ᠠᠵᠢᠯᠯᠠᠭ᠎ᠠ᠎ᠨᠢ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠥᠷᠨᠢᠭᠦᠨ ᠪᠠᠳᠠᠷᠠᠩᠭᠤᠢ ᠠᠮᠢᠵᠢᠷᠠᠯ᠎ᠤᠨ ᠬᠦᠴᠦᠨ ᠪᠠ ᠬᠢᠵᠠᠭ᠋ᠠᠯᠠᠰᠢ ᠦᠭᠡᠢ ᠳᠠᠯᠳᠠ ᠬᠦᠴᠦᠨ᠎ᠢ ᠳᠡᠯᠭᠡᠨ ᠦᠵᠡᠭᠦᠯᠵᠦ᠂ 《ᠤᠮᠠᠷᠠᠲᠤ ᠬᠢᠯᠢ ᠵᠢᠨ ᠰᠣᠶᠣᠯ》᠎ᠤᠨ ᠨᠠᠷᠠᠲᠤ ᠲᠥᠷᠥᠯ ᠲᠡᠮᠳᠡᠭᠲᠦ ᠵᠢᠨ ᠨᠥᠯᠥᠭᠡᠯᠡᠬᠦ ᠬᠦᠴᠦᠨ᠎ᠢ ᠤᠯᠠᠮ ᠨᠢᠭᠡ ᠠᠯᠬᠤᠮ ᠪᠠᠲᠤᠳᠬᠠᠬᠤ ᠵᠢᠨ ᠲᠥᠯᠥᠭᠡ ᠶᠤᠮ᠃
《ᠠᠶᠠᠯᠭᠤᠲᠤ ᠵᠢᠭᠤᠯᠴᠢᠯᠠᠯ ᠥᠪᠥᠷ ᠮᠣᠩᠭᠣᠯ》 ᠥᠪᠥᠷ ᠮᠣᠩᠭᠣᠯ᠎ᠤᠨ ᠦᠵᠡᠭᠦᠯᠭᠡ ᠵᠢᠨ ᠲᠣᠭᠣᠷᠢᠭ 2025 ᠪᠡᠭᠡᠵᠢᠩ᠎ᠤᠨ ᠤᠯᠠᠨ ᠤᠯᠤᠰ᠎ᠤᠨ ᠰᠣᠶᠣᠯ ᠵᠢᠭᠤᠯᠴᠢᠯᠠᠯ᠎ᠤᠨ ᠬᠡᠷᠡᠭᠯᠡᠭᠡᠨ᠎ᠤ ᠦᠵᠡᠰᠬᠦᠯᠡᠩ᠎ᠤᠨ ᠴᠤᠭᠯᠠᠭ᠋ᠠᠨ᠎ᠳᠤ ᠭᠤᠢ᠌ᠲᠠ ᠳᠦᠷᠬᠦ᠎ᠪᠠᠷ ᠢᠯᠡᠷᠡᠪᠡ
ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
6 ᠳ᠋ᠤᠭ᠋ᠠᠷ ᠰᠠᠷ᠎ᠠ ᠵᠢᠨ 20᠎ᠤ ᠡᠳᠦᠷ᠎ᠠᠴᠠ 22᠎ᠤᠨ ᠡᠳᠦᠷ ᠪᠣᠯᠲᠠᠯ᠎ᠠ᠂ 2025 ᠣᠨ᠎ᠤ ᠪᠡᠭᠡᠵᠢᠩ᠎ᠤᠨ ᠤᠯᠠᠨ ᠤᠯᠤᠰ᠎ᠤᠨ ᠰᠣᠶᠣᠯ ᠵᠢᠭᠤᠯᠴᠢᠯᠠᠯ᠎ᠤᠨ ᠬᠡᠷᠡᠭᠯᠡᠭᠡᠨ᠎ᠤ ᠦᠵᠡᠰᠬᠦᠯᠡᠩ᠎ᠤᠨ ᠴᠤᠭᠯᠠᠭ᠋ᠠᠨ ᠪᠡᠭᠡᠵᠢᠩ᠎ᠤᠨ ᠦᠵᠡᠰᠬᠦᠯᠡᠩ᠎ᠤᠨ ᠣᠷᠳᠣᠨ᠎ᠳᠤ ᠶᠠᠪᠤᠭᠳᠠᠵᠤ᠂ ᠲᠤᠰ ᠤᠳᠠᠭ᠋ᠠᠨ᠎ᠤ ᠦᠵᠡᠰᠬᠦᠯᠡᠩ᠎ᠤᠨ ᠴᠤᠭᠯᠠᠭ᠋ᠠᠨ᠎ᠨᠢ ᠪᠦᠬᠦ ᠤᠯᠤᠰ᠎ᠤᠨ ᠠᠩᠬᠠᠳᠠᠭᠴᠢ ᠰᠣᠶᠣᠯ ᠵᠢᠭᠤᠯᠴᠢᠯᠠᠯ᠎ᠤᠨ ᠬᠡᠷᠡᠭᠯᠡᠭᠡ᠎ᠪᠠᠷ ᠨᠡᠷᠡᠢ᠌ᠳᠦᠭᠰᠡᠨ ᠶᠡᠷᠦᠩᠬᠡᠢ᠌ᠯᠡᠭᠰᠡᠨ ᠴᠢᠨᠠᠷᠲᠠᠢ ᠠᠵᠢᠯ ᠲᠦᠷᠦᠯ᠎ᠤᠨ ᠦᠪᠡᠳᠡᠭᠰᠢ ᠴᠤᠭᠯᠠᠭ᠋ᠠᠨ ᠪᠣᠯᠤᠭᠰᠠᠨ᠎ᠤ ᠬᠤᠪᠢ᠎ᠳᠤ᠂ ᠲᠣᠮᠣ ᠬᠡᠯᠪᠡᠷᠢ ᠵᠢᠨ ᠵᠢᠪᠦᠭᠰᠡᠨ ᠮᠠᠶᠢᠭ᠎ᠤᠨ ᠦᠵᠡᠰᠬᠦᠯᠡᠩ᠎ᠤᠨ ᠲᠣᠭᠣᠷᠢᠭ᠂ ᠪᠦᠬᠦ ᠪᠥᠮᠪᠥᠷᠴᠡᠭ᠎ᠤᠨ ᠦᠵᠡᠰᠬᠦᠯᠡᠩ᠎ᠳᠤ ᠣᠷᠣᠯᠴᠠᠭᠰᠠᠨ ᠠᠷᠠᠯᠵᠢᠶᠠᠴᠢᠳ᠎ᠤᠨ ᠡᠩᠨᠡᠭᠡ ᠪᠣᠯᠵᠤ᠂ 《ᠰᠣᠶᠣᠯ ᠵᠢᠭᠤᠯᠴᠢᠯᠠᠯ ᠬᠠᠮᠲᠤ᠎ᠪᠠᠷ ᠤᠷᠤᠭᠰᠢᠯᠠᠵᠤ · ᠰᠠᠢ᠌ᠨ ᠰᠠᠢ᠌ᠬᠠᠨ ᠠᠮᠢᠳᠤᠷᠠᠯ᠎ᠢ ᠴᠤᠭᠴᠠᠯᠠᠨ᠎ᠠ》 ᠵᠢᠨ ᠭᠣᠢ᠌ᠳᠠ ᠰᠠᠢ᠌ᠬᠠᠨ ᠠᠶᠠᠯᠠᠯ᠎ᠢ ᠡᠬᠢᠯᠡᠭᠦᠯᠵᠡᠢ᠃ ᠥᠪᠥᠷ ᠮᠣᠩᠭᠣᠯ᠎ᠤᠨ ᠦᠵᠡᠭᠦᠯᠭᠡ ᠵᠢᠨ ᠲᠣᠭᠣᠷᠢᠭ 《ᠠᠶᠠᠯᠭᠤᠲᠤ ᠵᠢᠭᠤᠯᠴᠢᠯᠠᠯ ᠥᠪᠥᠷ ᠮᠣᠩᠭᠣᠯ》 ᠭᠣᠣᠯ ᠰᠡᠳᠦᠪ ᠵᠶ᠋ᠡᠷ ᠭᠣᠢ᠌ᠳᠠ ᠰᠠᠢ᠌ᠬᠠᠨ ᠳᠦᠷᠢ ᠲᠥᠷᠬᠦ᠎ᠪᠠᠨ ᠭᠠᠢ᠌ᠬᠠᠭᠤᠯᠪᠠ᠃ ᠳᠥᠷᠪᠡᠨ ᠶᠡᠬᠡ ᠴᠢᠳᠠᠮᠵᠢᠲᠤ ᠲᠤᠭᠤᠷᠢᠭ ᠵᠶ᠋ᠠᠷ ᠮᠠᠨ᠎ᠤ ᠣᠷᠣᠨ᠎ᠤ ᠰᠣᠶᠣᠯ ᠵᠢᠭᠤᠯᠴᠢᠯᠠᠯ᠎ᠤᠨ ᠠᠵᠢᠯ ᠲᠥᠷᠥᠯ᠎ᠤᠨ ᠰᠢᠨ᠎ᠡ ᠡᠵᠡᠩᠨᠡᠯᠲᠡ ᠵᠢᠨ ᠬᠡᠯᠪᠡᠷᠢ ᠪᠠᠢ᠌ᠳᠠᠯ᠂ ᠰᠢᠨ᠎ᠡ ᠦᠵᠡᠮᠵᠢ ᠪᠠᠢ᠌ᠳᠠᠯ᠂ ᠰᠢᠨ᠎ᠡ ᠲᠠᠸᠠᠷ᠂ ᠰᠢᠨ᠎ᠡ ᠰᠢᠨᠵᠢᠯᠡᠬᠦ ᠤᠬᠠᠭ᠋ᠠᠨ ᠮᠡᠷᠭᠡᠵᠢᠯ ᠬᠢᠭᠡᠳ ᠰᠢᠨ᠎ᠡ ᠬᠡᠪ ᠵᠠᠭᠪᠤᠷ᠂ ᠰᠦᠷᠯᠢᠭ ᠰᠠᠢ᠌ᠬᠠᠨ ᠪᠠᠢ᠌ᠭ᠋ᠠᠯᠢ ᠵᠢᠨ ᠥᠩᠭᠡ ᠦᠵᠡᠮᠵᠢ᠂ ᠥᠨᠢ ᠤᠳᠠᠭ᠋ᠠᠨ ᠲᠡᠦᠬᠡ ᠰᠣᠶᠣᠯ᠂ ᠥᠨᠢᠷ ᠥᠳᠬᠡᠨ ᠦᠨᠳᠦᠰᠦᠲᠡᠨ᠎ᠤ ᠵᠠᠩ ᠦᠢᠯᠡ ᠵᠢ ᠢᠯᠡᠷᠡᠭᠦᠯᠦᠭᠰᠡᠨ᠎ᠨᠢ ᠥᠪᠥᠷ ᠮᠣᠩᠭᠣᠯ᠎ᠤᠨ ᠦᠵᠡᠭᠦᠯᠭᠡ ᠵᠢᠨ ᠲᠣᠭᠣᠷᠢᠭ ᠲᠣᠰ ᠬᠤᠭᠤᠴᠠᠭ᠋ᠠᠨ᠎ᠤ ᠬᠡᠷᠡᠭᠯᠡᠭᠴᠢᠳ᠎ᠤᠨ ᠬᠡᠷᠡᠭᠯᠡᠭᠡᠨ᠎ᠤ ᠦᠵᠡᠰᠬᠦᠯᠡᠩ᠎ᠤᠨ ᠴᠤᠭᠯᠠᠭ᠋ᠠᠨ ᠳᠡᠭᠡᠷ᠎ᠡ ᠥᠪᠡᠷᠮᠢᠴᠡ ᠲᠠᠲᠠᠬᠤ ᠬᠦᠴᠦᠨ᠎ᠲᠠᠢ᠂ ᠬᠡᠷᠡᠯ ᠭᠢᠯᠪᠠᠭ᠎ᠠ᠎ᠪᠠᠨ ᠰᠠᠴᠤᠷᠠᠭᠤᠯᠵᠠᠢ᠃
(ᠵᠢᠷᠤᠭ)