ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠥᠪᠥᠷ ᠮᠣᠩᠭᠣᠯ᠎ᠤᠨ ᠳᠠᠭᠤᠤ ᠬᠥᠭᠵᠢᠮ᠎ᠤᠨ ᠤᠷᠤᠯᠳᠤᠭ᠋ᠠᠨ ᠵᠢᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠢ᠍ᠮᠠᠳᠤᠭ᠋ᠠᠷ ᠬᠤᠭᠤᠴᠠᠭ᠋ᠠᠨ᠎ᠤ ᠥᠷᠥᠭᠡᠨ ᠳᠣᠲᠤᠷᠠᠬᠢ ᠳᠠᠭᠤᠤ ᠬᠥᠭᠵᠢᠮ᠎ᠤᠨ ᠤᠷᠤᠯᠳᠤᠭ᠋ᠠᠨ᠎ᠤ ᠱᠠᠩᠨᠠᠯ ᠣᠯᠭᠣᠬᠤ ᠦᠳᠡᠰᠢᠯᠡᠭᠡ ᠶᠠᠪᠤᠭᠳᠠᠪᠠ
ᠨᠡᠶᠢᠲᠡᠯᠡᠭᠰᠡᠨ ᠴᠠᠭ᠄ 2025-11-08

10 ᠳ᠋ᠤᠭ᠋ᠠᠷ ᠰᠠᠷ᠎ᠠ ᠵᠢᠨ 31᠎ᠤ ᠣᠷᠣᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠳᠬ᠎ᠠ ᠵᠣᠬᠢᠶᠠᠯ ᠤᠷᠠᠯᠢᠭ᠎ᠤᠨ᠎ᠬᠢᠨ᠎ᠤ ᠬᠣᠯᠪᠣᠭ᠋ᠠᠲᠤ ᠬᠤᠷᠠᠯ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠠᠴᠠ ᠭᠣᠣᠯᠯᠠᠨ ᠡᠷᠭᠢᠯᠡᠵᠦ᠂ ᠥᠪᠥᠷ ᠮᠣᠩᠭᠣᠯ᠎ᠤᠨ ᠳᠠᠭᠤᠤ ᠬᠥᠭᠵᠢᠮᠴᠢᠳ᠎ᠤᠨ ᠡᠪᠯᠡᠯ ᠳᠠᠭ᠋ᠠᠭ᠋ᠠᠴᠢᠯᠠᠨ ᠡᠷᠭᠢᠯᠡᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠣᠷᠳᠣᠨ ᠬᠠᠮᠵᠢᠯᠴᠠᠨ ᠡᠷᠭᠢᠯᠡᠭᠰᠡᠨ ᠥᠪᠥᠷ ᠮᠣᠩᠭᠣᠯ᠎ᠤᠨ ᠳᠠᠭᠤᠤ ᠬᠥᠭᠵᠢᠮ᠎ᠤᠨ ᠤᠷᠤᠯᠳᠤᠭ᠋ᠠᠨ ᠵᠢᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠢ᠍ᠮᠠᠳᠤᠭ᠋ᠠᠷ ᠬᠤᠭᠤᠴᠠᠭ᠋ᠠᠨ᠎ᠤ ᠥᠷᠥᠭᠡᠨ ᠳᠣᠲᠣᠷᠠᠬᠢ ᠳᠠᠭᠤᠤ ᠬᠥᠭᠵᠢᠮ᠎ᠤᠨ ᠤᠷᠤᠯᠳᠤᠭ᠋ᠠᠨ᠎ᠤ ᠱᠠᠩᠨᠠᠯ ᠣᠯᠭᠣᠬᠤ ᠦᠳᠡᠰᠢᠯᠡᠭᠡ ᠬᠥᠬᠡᠬᠣᠲᠠ᠎ᠳᠤ ᠶᠠᠪᠤᠭᠳᠠᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠢᠢ ᠰᠢᠶᠣᠣ ᠴᠢᠩ᠂ ᠥᠪᠥᠷ ᠮᠣᠩᠭᠣᠯ᠎ᠤᠨ ᠤᠳᠬ᠎ᠠ ᠤᠷᠠᠯᠢᠭ᠎ᠤᠨ᠎ᠬᠢᠨ᠎ᠤ ᠬᠣᠯᠪᠣᠭ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠱᠦᠵᠢ ᠨᠠᠷ᠎ᠤᠨ ᠭᠠᠵᠠᠷ᠎ᠤᠨ ᠱᠦᠵᠢ᠂ ᠨᠢᠭᠡᠳᠦᠭᠡᠷ ᠳᠡᠰ᠎ᠤᠨ ᠲᠣᠭᠣᠷᠢᠨ ᠪᠠᠢ᠌ᠴᠠᠭ᠋ᠠᠭᠴᠢ ᠢᠷᠦᠭᠡᠯᠲᠦ ᠲᠣᠰ ᠤᠳᠠᠭ᠋ᠠᠨ᠎ᠤ ᠱᠠᠩᠨᠠᠯ ᠣᠯᠭᠣᠬᠤ ᠦᠳᠡᠰᠢᠯᠡᠭᠡ᠎ᠳᠤ ᠣᠷᠣᠯᠴᠠᠭᠰᠠᠨ ᠪᠥᠭᠡᠳ ᠱᠠᠩᠨᠠᠯ ᠣᠯᠭᠤᠪᠠ᠃ ᠣᠷᠣᠨ᠎ᠤ ᠳᠣᠲᠣᠨ᠎ᠠ ᠭᠠᠳᠠᠨ᠎ᠠ᠎ᠠᠴᠠ ᠢᠷᠡᠭᠰᠡᠨ ᠲᠤᠰᠬᠠᠢ ᠮᠡᠷᠭᠡᠵᠢᠯᠲᠡᠨ᠂ ᠤᠷᠠᠯᠢᠭ᠎ᠲᠤ ᠪᠠᠬᠠᠲᠠᠢ ᠬᠥᠮᠥᠰ ᠵᠢᠴᠢ ᠡᠯ᠎ᠡ ᠡᠲᠡᠭᠡᠳ᠎ᠤᠨ ᠦᠵᠡᠭᠴᠢᠳ ᠮᠢᠩᠭ᠎ᠠ ᠰᠢᠬᠠᠮ ᠬᠥᠮᠥᠨ ᠬᠦᠷᠦᠯᠴᠡᠨ ᠢᠷᠡᠵᠦ᠂ ᠥᠪᠥᠷ ᠮᠣᠩᠭᠣᠯ᠎ᠤᠨ ᠳᠠᠭᠤᠤ ᠬᠥᠭᠵᠢᠮ᠎ᠤᠨ ᠡᠲᠡᠭᠡᠳ᠎ᠤᠨ ᠳᠠᠭᠤᠤ ᠬᠥᠭᠵᠢᠮ᠎ᠤᠨ ᠤᠷᠤᠯᠳᠤᠭ᠋ᠠᠨ᠎ᠤ ᠠᠮᠵᠢᠯᠲᠠ ᠣᠯᠣᠭᠰᠠᠨ᠎ᠢ ᠬᠠᠮᠲᠤ᠎ᠪᠠᠷ ᠭᠡᠷᠡᠴᠢᠯᠡᠪᠡ᠃

ᠥᠪᠥᠷ ᠮᠣᠩᠭᠣᠯ᠎ᠤᠨ ᠳᠠᠭᠤᠤ ᠬᠥᠭᠵᠢᠮ᠎ᠤᠨ᠎ᠬᠢᠨ᠎ᠤ ᠬᠠᠮᠤᠭ᠎ᠤᠨ ᠡᠷᠬᠡ ᠰᠦᠷᠲᠦ ᠴᠢᠨᠠᠷ᠎ᠲᠠᠢ ᠲᠤᠰᠬᠠᠢ ᠮᠡᠷᠭᠡᠵᠢᠯ᠎ᠤᠨ ᠤᠷᠤᠯᠳᠤᠭ᠋ᠠᠨ᠎ᠤ ᠨᠢᠭᠡ ᠪᠣᠯᠤᠭᠰᠠᠨ᠎ᠤ ᠬᠤᠪᠢ᠎ᠳᠤ᠂ ᠲᠣᠰ ᠬᠤᠭᠤᠴᠠᠭ᠋ᠠᠨ᠎ᠤ ᠤᠷᠤᠯᠳᠤᠭ᠋ᠠᠨ᠎ᠢ ᠠᠩᠬᠠᠨ᠎ᠤ ᠤᠷᠤᠯᠳᠤᠭ᠋ᠠᠨ᠂ ᠬᠣᠶᠠᠳᠠᠭᠢ ᠤᠷᠤᠯᠳᠤᠭ᠋ᠠᠨ᠂ ᠰᠢᠢ᠍ᠳᠪᠦᠷᠢᠲᠦ ᠤᠷᠤᠯᠳᠤᠭ᠋ᠠᠨ ᠭᠡᠬᠦ ᠭᠤᠷᠪᠠᠨ ᠱᠠᠲᠤ ᠬᠤᠪᠢᠶᠠᠵᠤ ᠶᠠᠪᠤᠭᠳᠠᠭᠤᠯᠪᠠ᠃ ᠪᠦᠷᠢᠳᠬᠡᠯ᠎ᠢ ᠦᠨᠳᠦᠰᠦᠯᠡᠪᠡᠯ᠂ 2025 ᠣᠨ᠎ᠳᠤ ᠪᠥᠬᠥ ᠣᠷᠣᠨ᠎ᠤ ᠳᠠᠭᠤᠯᠠᠬᠤᠢ ᠵᠢᠨ ᠲᠣᠭᠯᠠᠯᠲᠠ᠂ ᠬᠠᠮ ᠲᠣᠭᠯᠠᠯᠲᠠ᠂ ᠳᠠᠭᠤᠤ ᠬᠥᠭᠵᠢᠮ᠎ᠤᠨ ᠵᠣᠬᠢᠶᠠᠨ ᠪᠦᠲᠦᠭᠡᠯᠭᠡ ᠵᠢᠨ ᠲᠥᠷᠥᠯ᠎ᠤᠨ ᠣᠷᠤᠯᠴᠠᠭᠴᠢ ᠨᠡᠶ᠋ᠢᠲᠡ 1300 ᠰᠢᠬᠠᠮ (ᠳᠤᠭᠤᠢ᠌ᠯᠠᠩ)᠎ᠤᠨ ᠣᠷᠤᠯᠴᠠᠭᠴᠢ ᠤᠷᠤᠯᠳᠤᠭ᠋ᠠᠨ᠎ᠳᠤ ᠣᠷᠣᠯᠴᠠᠬᠤ᠎ᠪᠠᠷ ᠨᠡᠷ᠎ᠡ ᠮᠡᠳᠡᠭᠦᠯᠦᠭᠰᠡᠨ ᠪᠠᠢ᠌ᠨ᠎ᠠ᠃ ᠬᠤᠷᠴᠠ ᠰᠢᠷᠦᠭᠦᠨ ᠥᠷᠢᠰᠦᠯᠳᠦᠭᠡᠨ ᠵᠶ᠋ᠡᠷ ᠳᠡᠮᠵᠢᠨ ᠳᠠᠭᠤᠯᠠᠬᠤᠢ ᠵᠢᠨ ᠲᠣᠭᠯᠠᠯᠲᠠ᠂ ᠬᠠᠮ ᠲᠣᠭᠯᠠᠯᠲᠠ᠂ ᠳᠠᠭᠤᠤ ᠬᠥᠭᠵᠢᠮ᠎ᠤᠨ ᠵᠣᠬᠢᠶᠠᠨ ᠪᠦᠲᠦᠭᠡᠯᠭᠡ ᠵᠢᠨ ᠲᠥᠷᠥᠯ᠎ᠤᠨ 12 ᠳᠤᠭᠤᠢ᠌ᠯᠠᠩ᠎ᠤᠨ ᠳᠣᠲᠣᠷ᠎ᠠ᠎ᠠᠴᠠ ᠨᠢᠭᠡᠳᠦᠭᠡᠷ ᠳᠡᠰ᠎ᠤᠨ ᠱᠠᠩᠨᠠᠯ 16᠂ ᠬᠣᠶᠠᠳᠤᠭ᠋ᠠᠷ ᠳᠡᠰ᠎ᠤᠨ ᠱᠠᠩᠨᠠᠯ 28᠂ ᠭᠤᠷᠪᠠᠳᠤᠭ᠋ᠠᠷ ᠳᠡᠰ᠎ᠤᠨ ᠱᠠᠩᠨᠠᠯ 38᠂ ᠰᠢᠯᠢᠳᠡᠭ ᠱᠠᠩᠨᠠᠯ 72 ᠪᠣᠶ ᠪᠣᠯᠵᠤ᠂ ᠨᠢᠭᠡ ᠪᠦᠯᠦᠭ ᠰᠢᠯᠢᠳᠡᠭ ᠵᠠᠯᠠᠭᠤ ᠳᠠᠭᠤᠤ ᠬᠥᠭᠵᠢᠮ᠎ᠤᠨ ᠴᠢᠳᠠᠪᠤᠷᠢᠲᠠᠨ ᠪᠠ ᠪᠦᠲᠦᠭᠡᠯ ᠴᠣᠯᠭᠣᠷᠠᠨ ᠭᠠᠷᠴᠤ᠂ ᠤᠮᠠᠷᠠᠲᠤ ᠬᠢᠵᠠᠭ᠋ᠠᠷ᠎ᠤᠨ ᠳᠠᠭᠤᠤ ᠬᠥᠭᠵᠢᠮ᠎ᠤᠨ ᠵᠣᠬᠢᠶᠠᠨ ᠪᠦᠲᠦᠭᠡᠯᠭᠡ ᠪᠠ ᠲᠣᠭᠯᠠᠯᠲᠠ ᠵᠢᠨ ᠥᠨᠳᠥᠷ ᠲᠦᠪᠰᠢᠨ᠎ᠤ ᠪᠣᠳᠠᠲᠤ ᠬᠦᠴᠦᠨ᠎ᠢ ᠢᠯᠡᠷᠡᠭᠦᠯᠦᠭᠰᠡᠨ ᠪᠠᠢ᠌ᠨ᠎ᠠ᠃

ᠱᠠᠩᠨᠠᠯ ᠣᠯᠭᠣᠬᠤ ᠦᠳᠡᠰᠢᠯᠡᠭᠡ᠎ᠨᠢ 《ᠤᠷᠤᠯᠳᠤᠭ᠋ᠠᠨ᠎ᠤ ᠦᠷ᠎ᠡ ᠪᠦᠲᠦᠭᠡᠯ᠎ᠤᠨ ᠦᠵᠡᠭᠦᠯᠭᠡ》᠎ᠪᠠᠷ ᠭᠣᠣᠯ ᠪᠣᠯᠭ᠋ᠠᠵᠤ᠂ ᠥᠪᠥᠷ ᠮᠣᠩᠭᠣᠯ᠎ᠤᠨ ᠳᠠᠭᠤᠤ ᠬᠥᠭᠵᠢᠮ᠎ᠤᠨ ᠤᠷᠤᠯᠳᠤᠭ᠋ᠠᠨ ᠵᠢᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠢ᠍ᠮᠠᠳᠤᠭ᠋ᠠᠷ ᠬᠤᠭᠤᠴᠠᠭ᠋ᠠᠨ᠎ᠤ ᠥᠷᠥᠭᠡᠨ ᠲᠤᠲᠤᠷᠠᠬᠢ ᠳᠠᠭᠤᠤ ᠬᠥᠭᠵᠢᠮ᠎ᠤᠨ ᠤᠷᠤᠯᠳᠤᠭ᠋ᠠᠨ᠎ᠤ ᠳᠠᠭᠤᠯᠠᠬᠤᠢ ᠵᠢᠨ ᠲᠥᠷᠥᠯ᠎ᠤᠨ ᠨᠠᠢ᠌ᠷᠠᠯ ᠳᠠᠭᠤᠤ ᠵᠢᠨ ᠳᠤᠭᠤᠢ᠌ᠯᠠᠩ — ᠬᠥᠬᠡᠬᠣᠲᠠ ᠵᠢᠨ ᠰᠤᠷᠭ᠋ᠠᠨ ᠬᠥᠮᠦᠵᠢᠯ᠎ᠤᠨ ᠲᠣᠪᠴᠢᠶ᠎ᠠ ᠵᠢᠨ ᠤᠭ ᠰᠠᠨᠠᠭ᠎ᠠ ᠪᠠᠭᠰᠢ ᠵᠢᠨ ᠨᠠᠢ᠌ᠷᠠᠯ ᠳᠠᠭᠤᠤ ᠵᠢᠨ ᠪᠦᠯᠬᠦᠮ᠎ᠤᠨ ᠲᠣᠭᠯᠠᠭᠰᠠᠨ 《ᠬᠠᠢ᠌ᠷ᠎ᠠ ᠬᠡᠵᠢᠶᠡᠳᠡ ᠪᠠᠢ᠌ᠨ᠎ᠠ》 (ᠳᠠᠭᠤᠷᠢ 《ᠢ ᠮᠧᠩ ᠱᠠᠨ ᠠᠭᠤᠯᠠ》᠎ᠠᠴᠠ ᠰᠣᠩᠭᠣᠪᠠ) ᠭᠡᠬᠦ ᠳᠠᠭᠤᠤ᠎ᠪᠠᠷ ᠬᠥᠰᠢᠭᠡ᠎ᠪᠠᠨ ᠰᠡᠬᠦᠪᠡ᠃ ᠲᠤᠰ ᠬᠤᠭᠤᠴᠠᠭ᠋ᠠᠨ᠎ᠤ ᠤᠷᠤᠯᠳᠤᠭ᠋ᠠᠨ᠎ᠤ ᠳᠠᠭᠤᠯᠠᠬᠤᠢ ᠵᠢᠨ ᠦᠨᠳᠦᠰᠦᠲᠡᠨ᠎ᠤ ᠳᠤᠭᠤᠢ᠌ᠯᠠᠩ᠂ ᠤᠤᠭ᠋ᠠᠯ ᠠᠷᠠᠳ᠎ᠤᠨ ᠳᠠᠭᠤᠤ ᠵᠢᠨ ᠳᠤᠭᠤᠢ᠌ᠯᠠᠩ᠂ ᠬᠥᠭᠵᠢᠮᠳᠡᠬᠦᠢ ᠵᠢᠨ ᠪᠦᠲᠦᠭᠡᠯ᠎ᠤᠨ ᠳᠤᠭᠤᠢ᠌ᠯᠠᠩ᠂ ᠳᠠᠭᠤᠯᠠᠬᠤᠢ ᠵᠢᠨ ᠪᠦᠲᠦᠭᠡᠯ᠎ᠤᠨ ᠳᠤᠭᠤᠢ᠌ᠯᠠᠩ ᠵᠡᠷᠭᠡ ᠠᠳᠠᠯᠢ ᠪᠤᠰᠤ ᠳᠤᠭᠤᠢ᠌ᠯᠠᠩ᠎ᠤᠨ ᠨᠢᠭᠡᠳᠦᠭᠡᠷ ᠳᠡᠰ᠎ᠤᠨ ᠱᠠᠩᠨᠠᠯ ᠬᠦᠷᠲᠡᠭᠰᠡᠳ ᠵᠠᠯᠭ᠋ᠠᠭ᠎ᠠ᠎ᠪᠠᠷ ᠳᠠᠢ᠌ᠰᠠᠨ᠎ᠳᠤ ᠭᠠᠷᠴᠤ᠂ ᠭᠣᠢ᠌ᠳᠠ ᠰᠠᠢ᠌ᠬᠠᠨ ᠤᠷ᠎ᠠ ᠮᠡᠷᠭᠡᠵᠢᠯ ᠵᠶ᠋ᠡᠷ ᠵᠶ᠋ᠡᠨ 《ᠬᠠᠪᠤᠷ᠎ᠤᠨ ᠰᠠᠯᠬᠢ ᠠᠷᠪᠠᠨ ᠲᠦᠮᠡᠨ ᠭᠠᠵᠠᠷ》᠂ 《ᠰᠢᠱ᠌ᠦ ᠮᠠᠶ᠋ᠢᠷᠠᠨ》᠂ 《ᠠᠬᠠᠮᠠᠳ ᠴᠡᠷᠢᠭ ᠶᠣᠰᠤᠯᠠᠪᠠ》 ᠵᠡᠷᠭᠡ ᠪᠦᠲᠦᠭᠡᠯ᠎ᠢ ᠲᠤᠰ ᠲᠤᠰ ᠲᠣᠭᠯᠠᠵᠤ᠂ ᠲᠤᠰ ᠬᠤᠭᠤᠴᠠᠭ᠋ᠠᠨ᠎ᠤ ᠤᠷᠤᠯᠳᠤᠭ᠋ᠠᠨ᠎ᠳᠤ ᠴᠣᠯᠭᠣᠷᠠᠨ ᠭᠠᠷᠤᠭᠰᠠᠨ ᠥᠪᠥᠷ ᠮᠣᠩᠭᠣᠯ᠎ᠤᠨ ᠵᠠᠯᠠᠭᠤ ᠳᠠᠭᠤᠤ ᠬᠥᠭᠵᠢᠮᠴᠢᠳ᠎ᠤᠨ ᠲᠤᠰᠬᠠᠢ ᠮᠡᠷᠭᠡᠵᠢᠯ᠎ᠤᠨ ᠪᠣᠯᠪᠠᠰᠤᠷᠠᠯ ᠪᠣᠯᠣᠨ ᠭᠠᠷᠮᠠᠭ᠋ᠠᠢ ᠪᠣᠳᠠᠲᠤ ᠬᠦᠴᠦᠨ᠎ᠢ ᠭᠦᠢ᠍ᠴᠡᠳ ᠢᠯᠡᠷᠡᠭᠦᠯᠵᠡᠢ᠃

ᠥᠪᠥᠷ ᠮᠣᠩᠭᠣᠯ᠎ᠤᠨ ᠳᠠᠭᠤᠤ ᠬᠥᠭᠵᠢᠮ᠎ᠤᠨ ᠤᠷᠤᠯᠳᠤᠭ᠋ᠠᠨ ᠵᠢᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠢ᠍ᠮᠠᠳᠤᠭ᠋ᠠᠷ ᠬᠤᠭᠤᠴᠠᠭ᠋ᠠᠨ᠎ᠤ ᠥᠷᠥᠭᠡᠨ ᠳᠣᠲᠣᠷᠠᠬᠢ ᠳᠠᠭᠤᠤ ᠬᠥᠭᠵᠢᠮ᠎ᠤᠨ ᠤᠷᠤᠯᠳᠤᠭ᠋ᠠᠨ᠎ᠤ ᠳᠦᠷᠢᠮ᠎ᠢ ᠬᠣᠶᠠᠷ ᠵᠢᠯ᠎ᠤᠨ ᠬᠤᠭᠤᠴᠠᠭ᠎ᠠ᠎ᠲᠠᠢ ᠶᠠᠪᠤᠭᠳᠠᠭᠤᠯᠵᠤ᠂ 2025 ᠣᠨ᠎ᠳᠤ ᠳᠠᠭᠤᠯᠠᠬᠤᠢ ᠵᠢᠨ ᠲᠥᠷᠥᠯ᠂ ᠬᠠᠮᠲᠤᠷᠠᠭᠰᠠᠨ ᠲᠥᠷᠥᠯ᠂ ᠵᠣᠬᠢᠶᠠᠨ ᠪᠦᠲᠦᠭᠡᠯᠭᠡ ᠵᠢᠨ ᠲᠥᠷᠥᠯ᠎ᠢ ᠠᠳᠠᠯᠢᠳᠬᠠᠨ ᠰᠢᠯᠭ᠋ᠠᠷᠠᠭᠤᠯᠵᠤ᠂ 2026 ᠣᠨ᠎ᠳᠤ ᠬᠥᠭᠵᠢᠮᠳᠡᠭᠦᠷ᠎ᠤᠨ ᠲᠥᠷᠥᠯ᠂ ᠣᠨᠣᠯ ᠪᠠ ᠰᠢᠭᠦᠮᠵᠢ ᠵᠢᠨ ᠲᠥᠷᠥᠯ᠎ᠤᠨ ᠠᠳᠠᠯᠢᠳᠬᠠᠨ ᠰᠢᠯᠭ᠋ᠠᠷᠠᠭᠤᠯᠬᠤ ᠵᠢ ᠶᠠᠪᠤᠭᠳᠠᠭᠤᠯᠤᠨ᠎ᠠ᠃ ᠲᠤᠰ ᠤᠷᠤᠯᠳᠤᠭ᠋ᠠᠨ᠎ᠨᠢ ᠳᠠᠭᠤᠤ ᠬᠥᠭᠵᠢᠮ᠎ᠤᠨ ᠵᠣᠬᠢᠶᠠᠨ ᠪᠦᠲᠦᠭᠡᠯᠭᠡ ᠵᠢ ᠴᠡᠴᠡᠭᠯᠡᠭᠦᠯᠬᠦ᠂ ᠰᠢᠯᠢᠳᠡᠭ ᠪᠦᠲᠦᠭᠡᠯ ᠪᠠ ᠰᠢᠯᠢᠳᠡᠭ ᠴᠢᠳᠠᠪᠤᠷᠢᠲᠠᠨ᠎ᠢ ᠬᠥᠮᠥᠵᠢᠭᠦᠯᠬᠦ᠂ ᠤᠮᠠᠷᠠᠲᠤ ᠬᠢᠵᠠᠭ᠋ᠠᠷ᠎ᠤᠨ ᠰᠣᠶᠣᠯ᠎ᠤᠨ ᠪᠠᠢ᠌ᠭᠤᠯᠤᠯᠲᠠ ᠵᠢ ᠠᠬᠢᠭᠤᠯᠬᠤ᠂ ᠥᠪᠥᠷ ᠮᠣᠩᠭᠣᠯ᠎ᠤᠨ ᠳᠠᠭᠤᠤ ᠬᠥᠭᠵᠢᠮ᠎ᠤᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠢᠳᠡᠪᠬᠢᠲᠡᠢ ᠦᠢ᠍ᠯᠡᠳᠦᠯ ᠦᠵᠡᠭᠦᠯᠵᠡᠢ᠃

ᠢᠷᠡᠯᠲᠡ᠄ ᠥᠪᠥᠷ ᠮᠣᠩᠭᠣᠯ᠎ᠤᠨ ᠤᠳᠬ᠎ᠠ ᠤᠷᠠᠯᠢᠭ
          
ᠬᠠᠮᠢᠶ᠎ᠡ ᠪᠦᠬᠦᠢ ᠰᠣᠨᠢᠨ
 
            