12 ᠳ᠋ᠤᠭ᠋ᠠᠷ ᠰᠠᠷ᠎ᠠ ᠵᠢᠨ 4᠎ᠤ ᠡᠳᠦᠷ᠂ ᠤᠯᠤᠰ᠎ᠤᠨ ᠦᠨᠳᠦᠰᠦᠨ ᠬᠠᠤᠯᠢ ᠵᠢᠨ ᠡᠳᠦᠷ ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠠᠴᠠ 《ᠰᠢ᠎ᠵᠢᠨ᠎ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠨᠳᠦᠰᠦᠨ ᠬᠠᠤᠯᠢ ᠵᠢ ᠬᠥᠮᠥᠰ᠎ᠤᠨ ᠰᠡᠳᠬᠢᠯ᠎ᠳᠤ ᠬᠠᠳᠠᠩᠰᠢᠭᠤᠯᠬᠤ ᠵᠢ ᠠᠬᠢᠭᠤᠯᠬᠤ》᠎ᠪᠠᠷ ᠭᠣᠣᠯ ᠰᠡᠳᠦᠪ ᠪᠣᠯᠭ᠋ᠠᠭᠰᠠᠨ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠠᠵᠢᠯᠯᠠᠭ᠎ᠠ ᠵᠢ ᠡᠷᠭᠢᠯᠡᠪᠡ᠃ ᠠᠵᠢᠯᠯᠠᠭ᠎ᠠ᠎ᠳᠤ ᠦᠨᠳᠦᠰᠦᠨ ᠬᠠᠤᠯᠢ᠎ᠳᠤ ᠲᠠᠩᠭ᠋ᠠᠷᠢᠭᠯᠠᠬᠤ᠂ ᠲᠤᠰᠬᠠᠢ ᠰᠡᠳᠦᠪᠲᠦ ᠲᠠᠢ᠌ᠯᠤᠮᠵᠢ᠂ ᠬᠠᠤᠯᠢ ᠴᠠᠭ᠋ᠠᠵᠠ ᠵᠢᠨ ᠯᠠᠪᠯᠠᠯᠭ᠎ᠠ᠂ ᠬᠠᠤᠯᠢᠵᠢᠯ᠎ᠤᠨ ᠤᠬᠠᠭᠤᠯᠭ᠎ᠠ ᠵᠢᠨ ᠮᠠᠲᠸᠷᠢᠶᠠᠯ ᠲᠠᠷᠬᠠᠭ᠋ᠠᠬᠤ ᠵᠡᠷᠭᠡ ᠠᠭᠤᠯᠭ᠎ᠠ ᠪᠠᠭᠲᠠᠨ᠎ᠠ᠃
ᠠᠵᠢᠯᠯᠠᠭ᠎ᠠ᠎ᠨᠢ ᠲᠥᠪ ᠴᠢᠩᠭ᠎ᠠ ᠦᠨᠳᠦᠰᠦᠨ ᠬᠠᠤᠯᠢ᠎ᠳᠤ ᠲᠠᠩᠭ᠋ᠠᠷᠢᠭᠯᠠᠬᠤ ᠳᠤᠮᠳᠠ ᠬᠥᠰᠢᠭᠡ᠎ᠪᠠᠨ ᠰᠡᠬᠦᠪᠡ᠃ ᠠᠵᠢᠯᠯᠠᠭ᠎ᠠ ᠵᠢᠨ ᠲᠤᠬᠠᠢ ᠵᠢᠨ ᠲᠠᠯᠠᠪᠠᠢ᠎ᠳᠤ ᠦᠵᠡᠭᠦᠯᠭᠡ ᠵᠢᠨ ᠲᠣᠭᠣᠷᠢᠭ ᠭᠠᠷᠭ᠋ᠠᠵᠤ ᠨᠡᠢ᠌ᠭᠡᠮ ᠨᠡᠶ᠋ᠢᠲᠡ᠎ᠳᠤ ᠬᠠᠤᠯᠢ᠎ᠪᠠᠷ ᠵᠠᠰᠠᠬᠤ ᠦᠷ᠎ᠡ ᠪᠦᠲᠦᠭᠡᠯ᠎ᠢ ᠳᠡᠯᠭᠡᠨ ᠦᠵᠡᠭᠦᠯᠬᠦ᠂ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠮᠠᠲ᠋ᠧᠷᠢᠶᠠᠯ ᠲᠠᠷᠬᠠᠭ᠋ᠠᠬᠤ᠂ ᠬᠠᠤᠯᠢ ᠴᠠᠭ᠋ᠠᠵᠠ ᠵᠢᠨ ᠵᠥᠪᠯᠡᠯᠭᠡ ᠥᠭᠬᠦ ᠵᠡᠷᠭᠡ ᠨᠡᠶ᠋ᠢᠲᠡ ᠵᠢᠨ ᠠᠰᠠᠷᠠᠮᠵᠢ ᠵᠢᠨ ᠦᠢ᠍ᠯᠡᠴᠢᠯᠡᠭᠡ ᠬᠠᠩᠭ᠋ᠠᠨ᠂ ᠪᠠᠶᠠᠯᠢᠭ ᠰᠠᠢ᠌ᠬᠠᠨ᠂ ᠦᠵᠡᠵᠦ ᠰᠣᠨᠢᠷᠬᠠᠬᠤ ᠳᠤᠷᠠᠲᠠᠢ ᠠᠷᠭ᠎ᠠ ᠮᠠᠶᠢᠭ ᠵᠶ᠋ᠠᠷ ᠳᠠᠮᠵᠢᠭᠤᠯᠤᠨ ᠥᠷᠭᠡᠨ ᠤᠯᠠᠨ ᠲᠦᠮᠡᠨ᠎ᠢ ᠲᠠᠳᠠᠨ ᠤᠷᠤᠯᠴᠠᠭᠤᠯᠪᠠ᠃
ᠲᠤᠰ ᠠᠵᠢᠯᠯᠠᠭ᠎ᠠ᠎ᠳᠤ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ ᠬᠠᠤᠯᠢ ᠵᠢᠨ ᠳᠡᠭᠡᠳᠦ ᠰᠤᠷᠭ᠋ᠠᠭᠤᠯᠢ ᠵᠢᠨ ᠳᠡᠳ᠋ ᠵᠠᠬᠢᠷᠤᠯ ᠵᠠᠩ ᠾᠦᠢ ᠴᠦᠨ ᠫᠷᠤᠹᠸᠰᠰᠤᠷ᠎ᠢ ᠤᠷᠢᠵᠤ ᠰᠣᠶᠣᠯ ᠵᠢᠭᠤᠯᠴᠢᠯᠠᠯ᠎ᠤᠨ ᠠᠵᠢᠯ᠎ᠤᠨ ᠳᠤᠮᠳᠠᠬᠢ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢ ᠬᠠᠮᠠᠭ᠋ᠠᠯᠠᠬᠤ ᠠᠰᠠᠭᠤᠳᠠᠯ᠎ᠤᠨ ᠬᠠᠤᠯᠢᠵᠢᠯ᠎ᠤᠨ ᠲᠤᠰᠬᠠᠢ ᠰᠡᠳᠦᠪᠲᠦ ᠲᠠᠢ᠌ᠯᠤᠮᠵᠢ ᠬᠢᠯᠭᠡᠵᠦ᠂ ᠰᠣᠶᠣᠯ ᠵᠢᠭᠤᠯᠴᠢᠯᠠᠯ᠎ᠤᠨ ᠬᠦᠷᠢᠶᠡᠨ᠎ᠤ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢ ᠬᠠᠮᠠᠭ᠋ᠠᠯᠠᠬᠤ ᠤᠨᠤᠯ᠎ᠤᠨ ᠯᠣᠭᠢᠭ ᠪᠣᠯᠣᠨ ᠦᠢ᠍ᠯᠡᠳᠦᠯᠭᠡ ᠵᠢᠨ ᠠᠷᠭ᠎ᠠ ᠵᠠᠮ᠎ᠢ ᠰᠢᠰᠲᠸᠮ᠎ᠲᠠᠢ ᠲᠠᠢ᠌ᠯᠪᠤᠷᠢᠯᠠᠵᠤ᠂ ᠰᠣᠶᠣᠯ ᠵᠢᠭᠤᠯᠴᠢᠠᠯᠯ᠎ᠤᠨ ᠠᠵᠤ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ᠂ ᠣᠷᠣᠨ᠎ᠤ ᠰᠢᠭᠤᠳ ᠬᠠᠷᠢᠶ᠎ᠠ ᠰᠣᠶᠣᠯ ᠵᠢᠭᠤᠯᠴᠢᠯᠠᠯ᠎ᠤᠨ ᠰᠢᠰᠲᠸᠮ᠎ᠤᠨ ᠺᠠᠳ᠋ᠷ᠎ᠤᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢ ᠬᠠᠮᠠᠭ᠋ᠠᠯᠠᠬᠤ ᠤᠬᠠᠮᠰᠠᠷ᠎ᠢ ᠴᠢᠨᠠᠭᠰᠢᠳᠠ ᠴᠢᠩᠭ᠋ᠠᠳᠬᠠᠪᠠ᠃