ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠ ᠪᠠᠭ᠎ᠠ ᠮᠦᠽᠧᠢ ᠵᠢ ᠳᠡᠭᠡᠭᠰᠢᠯᠡᠭᠦᠯᠬᠦ ᠲᠥᠯᠥᠪᠯᠡᠭᠡ (2025 — 2030 ᠣᠨ)》 ᠵᠢ ᠡᠬᠢᠯᠡᠨ ᠬᠡᠷᠡᠭᠵᠢᠭᠦᠯᠪᠡ
ᠨᠡᠶᠢᠲᠡᠯᠡᠭᠰᠡᠨ ᠴᠠᠭ᠄ 2025-05-25

5 ᠳ᠋ᠤᠭ᠋ᠠᠷ ᠰᠠᠷ᠎ᠠ ᠵᠢᠨ 18᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ ᠣᠯᠠᠨ ᠤᠯᠤᠰ᠎ᠤᠨ ᠮᠦᠽᠧᠢ ᠵᠢᠨ ᠡᠳᠦᠷ᠎ᠤᠨ ᠥᠪᠥᠷ ᠮᠣᠩᠭᠣᠯ᠎ᠤᠨ ᠭᠣᠣᠯ ᠬᠤᠷᠠᠯ᠎ᠤᠨ ᠲᠠᠯᠠᠪᠠᠶ᠎ᠳᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠ ᠪᠠᠭ᠎ᠠ ᠮᠦᠽᠧᠢ ᠵᠢ ᠳᠡᠭᠡᠭᠰᠢᠯᠡᠭᠦᠯᠬᠦ ᠲᠥᠯᠥᠪᠯᠡᠭᠡ (2025 — 2030 ᠣᠨ)》 ᠵᠢ ᠵᠢᠩᠬᠢᠨᠢ᠎ᠪᠠᠷ ᠡᠬᠢᠯᠡᠨ ᠬᠡᠷᠡᠭᠵᠢᠭᠦᠯᠬᠦ᠎ᠪᠠᠷ ᠵᠠᠷᠯᠠᠪᠠ᠂ ᠡᠨᠡ᠎ᠨᠢ 《ᠮᠦᠽᠧᠢ ᠵᠢᠨ ᠥᠭᠡᠷᠡᠴᠢᠯᠡᠯᠲᠡ ᠬᠥᠭᠵᠢᠯᠲᠡ ᠵᠢ ᠲᠦᠯᠬᠢᠨ ᠠᠬᠢᠭᠤᠯᠬᠤ ᠲᠤᠬᠠᠢ ᠵᠢᠯᠤᠭᠣᠳᠬᠤ ᠰᠠᠨᠠᠯ》᠎ᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠦᠽᠧᠢ ᠵᠢᠨ ᠵᠣᠬᠢᠴᠠᠩᠭᠤᠢ ᠬᠥᠭᠵᠢᠯᠲᠡ ᠵᠢ ᠲᠦᠯᠬᠢᠨ ᠠᠬᠢᠭᠤᠯᠬᠤ ᠵᠢᠨ ᠲᠥᠯᠥᠭᠡ ᠶᠤᠮ᠃

《ᠲᠥᠯᠥᠪᠯᠡᠭᠡ》᠎ᠨᠢ ᠶᠢᠰᠦᠨ ᠶᠡᠬᠡ ᠲᠠᠯ᠎ᠠ ᠵᠢᠨ ᠲᠣᠭᠣᠷᠢᠨ᠎ᠳᠤ ᠳᠤᠮᠳᠠ ᠪᠠᠭ᠎ᠠ ᠮᠦᠽᠧᠢ ᠵᠢᠨ ᠬᠥᠭᠵᠢᠯᠲᠡ᠎ᠳᠤ ᠬᠦᠴᠦ ᠨᠡᠮᠡᠷᠢᠯᠡᠵᠦ᠂ 2030 ᠣᠨ ᠪᠣᠯᠬᠤ᠎ᠳᠤ ᠪᠦᠬᠦ ᠣᠷᠣᠨ᠎ᠤ ᠮᠦᠽᠧᠢ ᠵᠢᠨ ᠳᠡᠯᠭᠡᠨ ᠦᠵᠡᠭᠦᠯᠭᠡ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠂ ᠤᠬᠠᠭᠤᠯᠤᠨ ᠲᠠᠢ᠌ᠯᠪᠤᠷᠢᠯᠠᠬᠤ᠂ ᠨᠡᠢ᠌ᠭᠡᠮ᠎ᠤᠨ ᠰᠤᠷᠭ᠋ᠠᠨ ᠬᠥᠮᠦᠵᠢᠯ ᠵᠡᠷᠭᠡ ᠲᠠᠯ᠎ᠠ ᠵᠢᠨ ᠶᠡᠷᠦᠩᠬᠡᠢ᠌ᠯᠡᠭᠰᠡᠨ ᠪᠣᠳᠠᠲᠤ ᠬᠦᠴᠦᠨ ᠪᠣᠯᠣᠨ ᠦᠢ᠍ᠯᠡᠴᠢᠯᠡᠭᠡᠨ᠎ᠤ ᠴᠢᠳᠠᠪᠬᠢ ᠵᠢ ᠮᠡᠳᠡᠭᠳᠡᠮ᠎ᠡ ᠳᠡᠭᠡᠭᠰᠢᠯᠡᠭᠦᠯᠦᠨ᠎ᠡ᠃ ᠮᠦᠽᠧᠢ ᠵᠢᠨ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠤᠨ ᠳᠡᠯᠭᠡᠷᠡᠭᠦᠯᠬᠦ᠂ ᠬᠤᠪᠢᠰᠬᠠᠯᠲᠤ ᠰᠣᠶᠣᠯ᠎ᠢ ᠵᠠᠯᠭ᠋ᠠᠮᠵᠢᠯᠠᠬᠤ ᠪᠠ ᠨᠡᠢ᠌ᠭᠡᠮ ᠵᠢᠷᠤᠮ᠎ᠤᠨ ᠲᠡᠷᠢᠭᠦᠨ᠎ᠤ ᠰᠣᠶᠣᠯ᠎ᠢ ᠬᠥᠭᠵᠢᠭᠦᠯᠬᠦ᠂ ᠤᠮᠠᠷᠠᠲᠤ ᠬᠢᠯᠢ ᠵᠢᠨ ᠰᠣᠶᠣᠯ᠎ᠤᠨ ᠲᠦᠷᠦᠯ ᠲᠡᠮᠳᠡᠭ᠎ᠢ ᠡᠭᠦᠳᠬᠦ᠂ ᠤᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠰᠢᠰᠲ᠋ᠧᠮ᠎ᠢ ᠲᠡᠭᠦᠯᠳᠡᠷᠵᠢᠭᠦᠯᠬᠦ᠂ ᠠᠷᠠᠳ ᠲᠦᠮᠡᠨ᠎ᠤ ᠰᠠᠢ᠌ᠨ ᠰᠠᠢ᠌ᠬᠠᠨ ᠠᠮᠢᠳᠤᠷᠠᠯ᠎ᠳᠤ ᠦᠢ᠍ᠯᠡᠴᠢᠯᠡᠬᠦ᠂ ᠠᠵᠤ ᠠᠬᠤᠢ ᠨᠡᠢ᠌ᠭᠡᠮ᠎ᠤᠨ ᠬᠥᠭᠵᠢᠯᠲᠡ ᠵᠢ ᠠᠬᠢᠭᠤᠯᠬᠤ ᠦᠢ᠍ᠯᠡᠳᠦᠯ᠎ᠢ ᠨᠡᠩ ᠢᠯᠡᠷᠡᠭᠦᠯᠦᠨ᠎ᠡ᠃ ᠶᠡᠷᠦᠩᠬᠡᠢ᠌ᠯᠡᠭᠰᠡᠨ ᠮᠦᠽᠧᠢ ᠬᠢᠭᠡᠳ ᠲᠤᠰᠬᠠᠢ ᠰᠡᠳᠦᠪᠲᠦ ᠮᠦᠽᠧᠢ᠂ ᠠᠵᠢᠯ ᠲᠥᠷᠥᠯ᠎ᠤᠨ ᠮᠦᠽᠧᠢ᠂ ᠬᠥᠳᠡᠭᠡ ᠲᠣᠰᠬᠣᠨ᠎ᠤ ᠣᠨᠴᠠᠯᠢᠭᠲᠤ ᠮᠦᠽᠧᠢ ᠵᠡᠷᠭᠡ ᠵᠢᠵᠢᠭ ᠣᠯᠠᠨ ᠲᠦᠮᠡᠨᠴᠢ ᠮᠦᠽᠧᠢ ᠵᠢ ᠵᠡᠷᠭᠡ᠎ᠪᠠᠷ ᠴᠢᠬᠤᠯᠠᠴᠢᠯᠠᠭᠰᠠᠨ᠂ ᠠᠭᠤᠯᠭ᠎ᠠ᠎ᠨᠢ ᠣᠨᠴᠠᠯᠢᠬ᠍ᠵᠢᠭᠰᠠᠨ᠂ ᠪᠠᠢ᠌ᠭᠤᠯᠤᠯ᠎ᠨᠢ ᠣᠯᠠᠨ ᠡᠰᠢᠵᠢᠭᠰᠡᠨ᠂ ᠬᠡᠪᠴᠢᠶ᠎ᠡ᠎ᠨᠢ ᠲᠣᠬᠢᠷᠠᠮᠵᠢᠲᠠᠢ᠂ ᠪᠠᠢ᠌ᠷᠢᠰᠢᠯ᠎ᠨᠢ ᠣᠯᠠᠨ ᠶᠠᠩᠵᠤᠴᠢᠯᠠᠭᠰᠠᠨ᠂ ᠴᠢᠳᠠᠮᠵᠢ᠎ᠨᠢ ᠪᠠᠷᠢᠮᠵᠢᠶᠠᠵᠢᠭᠰᠠᠨ ᠣᠲᠣ ᠦᠶ᠎ᠡ ᠵᠢᠨ ᠣᠨᠴᠠᠯᠢᠭᠲᠤ ᠮᠦᠽᠧᠢ ᠵᠢᠨ ᠰᠢᠰᠲ᠋ᠧᠮᠵᠢ ᠵᠢ ᠪᠠᠢ᠌ᠭᠤᠯᠤᠨ᠎ᠠ᠃

ᠲᠣᠰ ᠤᠳᠠᠭ᠋ᠠᠨ᠎ᠤ ᠳᠤᠮᠳᠠ ᠪᠠᠭ᠎ᠠ ᠮᠦᠽᠧᠢ ᠵᠢ ᠳᠡᠭᠡᠭᠰᠢᠯᠡᠭᠦᠯᠬᠦ ᠲᠥᠯᠥᠪᠯᠡᠭᠡ ᠵᠢ ᠵᠢᠩᠬᠢᠨᠢ᠎ᠪᠠᠷ ᠡᠬᠢᠯᠡᠭᠦᠯᠦᠭᠰᠡᠨ᠎ᠨᠢ ᠥᠪᠥᠷ ᠮᠣᠩᠭᠣᠯ᠎ᠤᠨ ᠳᠤᠮᠳᠠ ᠪᠠᠭ᠎ᠠ ᠮᠦᠽᠧᠢ ᠵᠢᠨ ᠶᠡᠷᠦᠩᠬᠡᠢ᠌ᠯᠡᠭᠰᠡᠨ ᠪᠣᠳᠠᠲᠤ ᠬᠦᠴᠦᠨ ᠪᠠ ᠦᠢ᠍ᠯᠡᠴᠢᠯᠡᠭᠡᠨ᠎ᠤ ᠬᠢᠷᠢ ᠲᠦᠪᠰᠢᠨ᠎ᠢ ᠪᠥᠬᠥ ᠲᠠᠯ᠎ᠠ᠎ᠪᠠᠷ ᠳᠡᠭᠡᠭᠰᠢᠯᠡᠭᠦᠯᠵᠦ᠂ ᠤᠮᠠᠷᠠᠲᠤ ᠬᠢᠯᠢ ᠵᠢᠨ ᠰᠣᠶᠣᠯ᠎ᠢ ᠤᠯᠠᠮ ᠨᠢᠭᠡ ᠠᠯᠬᠤᠮ ᠪᠠᠳᠠᠷᠠᠭᠤᠯᠤᠨ᠂ ᠥᠷᠭᠡᠨ ᠣᠯᠠᠨ ᠠᠷᠠᠳ ᠲᠦᠮᠡᠨ᠎ᠳᠤ ᠨᠠᠩ ᠡᠯᠪᠡᠭ ᠪᠠᠶᠠᠯᠢᠭ ᠰᠣᠶᠣᠯ᠎ᠤᠨ ᠣᠢ᠌ᠯᠠᠭ᠋ᠠᠯᠲᠠ ᠣᠯᠭᠣᠬᠤ ᠪᠣᠯᠣᠨ᠎ᠠ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            