ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠰᠦᠨ ᠱᠤᠤ ᠴᠧᠩ ᠴᠢ ᠠᠨ ᠰᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠦᠯᠦᠭᠯᠡᠯ ᠬᠤᠪᠢᠴᠠᠭ᠋ᠠᠳᠤ ᠬᠢᠵᠠᠭ᠋ᠠᠷᠲᠤ ᠺᠣᠮᠫᠠᠨᠢ ᠵᠢᠨ ᠬᠡᠷᠡᠭ ᠮᠡᠳᠡᠭᠴᠢᠳ᠎ᠤᠨ ᠳᠠᠷᠤᠭ᠎ᠠ ᠴᠢ ᠰᠢᠶᠠᠩ ᠳ᠋ᠦᠩ᠎ᠲᠠᠢ ᠠᠭᠤᠯᠵᠠᠪᠠ
ᠨᠡᠶᠢᠲᠡᠯᠡᠭᠰᠡᠨ ᠴᠠᠭ᠄ 2024-09-23

         9 ᠰᠠᠷ᠎ᠠ ᠵᠢᠨ 19᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ ᠰᠦᠨ ᠱᠤᠤ ᠴᠧᠩ ᠬᠥᠬᠡᠬᠤᠲᠠ᠎ᠳᠤ ᠴᠢ ᠠᠨ ᠰᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠦᠯᠦᠭᠯᠡᠯ ᠬᠤᠪᠢᠴᠠᠭ᠋ᠠᠳᠤ ᠬᠢᠵᠠᠭ᠋ᠠᠷᠲᠤ ᠺᠣᠮᠫᠠᠨᠢ ᠵᠢᠨ ᠬᠡᠷᠡᠭ ᠮᠡᠳᠡᠭᠴᠢᠳ᠎ᠤᠨ ᠳᠠᠷᠤᠭ᠎ᠠ ᠴᠢ ᠰᠢᠶᠠᠩ ᠳ᠋ᠦᠩ᠎ᠲᠠᠢ ᠠᠭᠤᠯᠵᠠᠪᠠ᠃
      ᠰᠦᠨ ᠱᠤᠤ ᠴᠧᠩ ᠴᠢ ᠰᠢᠶᠠᠩ ᠳ᠋ᠦᠩ ᠨᠡᠷ᠎ᠢ ᠪᠠᠶᠠᠷᠯᠠᠨ ᠤᠭᠲᠤᠵᠤ ᠪᠠᠶ᠋ᠢᠬᠤ᠎ᠪᠠᠨ ᠢᠯᠡᠳᠭᠡᠪᠡ᠃ ᠲᠡᠷᠡ᠂ ᠥᠪᠥᠷ ᠮᠣᠩᠭᠤᠯ ᠪᠣᠯ ᠤᠯᠤᠰ᠎ᠤᠨ ᠨᠠᠢ᠍ᠮᠠᠨ ᠶᠡᠭᠡ ᠪᠤᠳᠤᠯᠲᠠ ᠵᠢᠨ ᠬᠦᠴᠦᠨ᠎ᠤ ᠲᠤᠤᠷ ᠰᠦᠯᠵᠢᠶ᠎ᠠ ᠵᠢᠨ ᠭᠤᠤᠯ ᠵᠠᠩᠭᠢᠯᠠᠭ᠎ᠠ ᠵᠢᠨ ᠴᠡᠭ᠎ᠤᠨ ᠨᠢᠭᠡ ᠮᠥᠨ᠂ ᠴᠢ ᠠᠨ ᠰᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠦᠯᠦᠭᠯᠡᠯ ᠪᠣᠯ ᠪᠣᠳᠠᠲᠤ ᠬᠦᠴᠦᠨ ᠵᠶ᠋ᠠᠷ ᠴᠢᠩᠭ᠎ᠠ ᠰᠦᠯᠵᠢᠶᠡᠨ᠎ᠤ ᠠᠮᠤᠷ ᠲᠦᠪᠰᠢᠨᠳᠤ ᠠᠵᠤ ᠠᠬᠤᠶ᠋ᠢᠯᠠᠯ ᠮᠥᠨ᠂ ᠬᠤᠶᠠᠷ ᠲᠠᠯ᠎ᠠ ᠵᠢᠨ ᠬᠠᠮᠲᠤᠷᠠᠯᠴᠠᠭ᠋ᠠᠨ᠎ᠤ ᠳᠠᠯᠳᠠ ᠬᠦᠴᠦᠨ ᠯᠤᠲᠤ ᠶᠡᠭᠡ ᠪᠠᠶ᠋ᠢᠨ᠎ᠠ᠃ ᠬᠤᠶᠠᠷ ᠲᠠᠯ᠎ᠠ᠎ᠪᠠᠷ ᠵᠶ᠋ᠠᠨ ᠤᠷᠳᠤ ᠬᠤᠭᠤᠴᠠᠭ᠋ᠠᠨ᠎ᠤ ᠪᠦᠲᠦᠮᠵᠢᠲᠡᠢ ᠬᠠᠮᠲᠤᠷᠠᠯᠴᠠᠭ᠋ᠠᠨ᠎ᠤ ᠲᠣᠭᠲᠠᠴᠠ ᠵᠢ ᠲᠦᠷᠬᠡᠨ ᠪᠠᠶ᠋ᠢᠭᠤᠯᠵᠤ᠂ ᠬᠠᠮᠲᠤᠷᠠᠯᠴᠠᠭ᠋ᠠᠨ᠎ᠤ ᠭᠠᠷᠳᠠᠬᠤ ᠴᠡᠭ ᠵᠶ᠋ᠠᠨ ᠣᠨᠣᠪᠴᠢᠲᠠᠢ ᠡᠷᠢᠵᠦ ᠣᠯᠵᠤ᠂ ᠪᠣᠳᠠᠲᠠᠢ ᠬᠠᠮᠲᠤᠷᠠᠯᠴᠠᠭ᠋ᠠᠨ᠎ᠤ ᠵᠦᠢ᠍ᠯᠡᠰ ᠵᠶ᠋ᠠᠨ ᠲᠣᠳᠣᠷᠬᠠᠶ᠋ᠢᠯᠠᠵᠤ᠂ ᠱᠠᠯᠠᠪᠳᠠᠨ ᠬᠥᠳᠡᠯᠦᠯᠴᠡᠵᠦ᠂ ᠲᠦᠷᠭᠡᠨ ᠠᠵᠢᠯᠯᠠᠵᠤ᠂ ᠬᠠᠮᠲᠤᠷᠠᠯᠴᠠᠭ᠋ᠠᠨ᠎ᠤ ᠦᠷ᠎ᠡ ᠪᠦᠲᠦᠭᠡᠯ᠎ᠢ ᠲᠦᠷᠭᠡᠨ ᠪᠦᠷᠢᠯᠳᠦᠭᠦᠯᠬᠦ ᠵᠢ ᠬᠦᠰᠡᠵᠦ ᠪᠠᠶ᠋ᠢᠨ᠎ᠠ᠃ ᠠᠵᠤ ᠠᠬᠤᠶ᠋ᠢᠯᠠᠯ᠎ᠤᠨ ᠳᠤᠷᠠᠳᠤᠭᠰᠠᠨ ᠬᠠᠮᠲᠤᠷᠠᠯᠴᠠᠬᠤ ᠰᠠᠨᠠᠮᠵᠢ ᠵᠢ ᠬᠤᠯᠪᠣᠭᠳᠠᠯ ᠪᠥᠬᠦᠶ ᠲᠠᠯ᠎ᠠ ᠵᠢᠨ᠎ᠬᠢᠨ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠨᠠᠷᠢᠨ ᠬᠢᠨᠠᠮᠠᠭ᠋ᠠᠶ ᠰᠤᠳᠤᠯᠬᠤ ᠵᠢᠨ ᠬᠠᠮᠲᠤ ᠦᠢ᠍ᠯᠡᠴᠢᠯᠡᠭᠡ ᠪᠠᠲᠤᠯᠠᠭ᠎ᠠ ᠵᠢᠨ ᠠᠵᠢᠯ᠎ᠢ ᠮᠥᠷᠳᠡᠨ ᠰᠠᠶ᠋ᠢᠲᠤᠷ ᠬᠢᠬᠦ ᠬᠡᠷᠡᠭᠲᠡᠶ ᠭᠡᠪᠡ᠃
      ᠴᠢ ᠰᠢᠶᠠᠩ ᠳ᠋ᠦᠩ ᠴᠢ ᠠᠨ ᠰᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠦᠯᠦᠭᠯᠡᠯ᠎ᠤᠨ ᠦᠨᠳᠦᠰᠦᠨ ᠪᠠᠶ᠋ᠢᠳᠠᠯ ᠵᠢᠴᠢ ᠥᠪᠥᠷ ᠮᠣᠩᠭᠤᠯ᠎ᠳᠠᠬᠢ ᠠᠵᠤ ᠦᠢ᠍ᠯᠡᠰ᠎ᠤᠨ ᠪᠠᠶ᠋ᠢᠷᠢᠰᠢᠯ ᠵᠶ᠋ᠠᠨ ᠲᠣᠪᠴᠢ ᠲᠠᠨᠢᠯᠴᠠᠭᠤᠯᠪᠠ᠃ ᠲᠡᠷᠡ᠂ ᠴᠢ ᠠᠨ ᠰᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠦᠯᠦᠭᠯᠡᠯ᠎ᠤᠨ᠎ᠬᠢᠨ ᠥᠪᠥᠷ ᠮᠣᠩᠭᠤᠯ᠎ᠳᠠᠬᠢ ᠪᠠᠯᠠ ᠣᠷᠣᠭᠤᠯᠤᠯᠲᠠ ᠪᠠ ᠬᠥᠭᠵᠢᠯᠲᠡ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠪᠠᠶ᠋ᠢᠨ᠎ᠠ᠂ ᠲᠠᠷᠠᠭ᠋ᠠᠴᠢ ᠵᠢᠨ ᠠᠯᠬᠤᠮ᠎ᠳᠤ ᠪᠤᠳᠤᠯᠲᠠ ᠵᠢᠨ ᠬᠦᠴᠦᠨ᠎ᠤ ᠠᠮᠤᠷ ᠲᠦᠪᠰᠢᠨ᠂ ᠰᠦᠯᠵᠢᠶᠡᠨ᠎ᠤ ᠠᠮᠤᠷ ᠲᠦᠪᠰᠢᠨ᠂ ᠳ᠋ᠠᠶ᠋ᠢᠲ᠋ᠠ ᠵᠢᠨ ᠠᠮᠤᠷ ᠲᠦᠪᠰᠢᠨ᠂ ᠲᠣᠮᠣ ᠳ᠋ᠠᠶ᠋ᠢᠲ᠋ᠠ ᠵᠢᠨ ᠲᠠᠪᠴᠠᠩ᠎ᠤᠨ ᠪᠠᠶ᠋ᠢᠭᠤᠯᠤᠯᠲᠠ ᠵᠡᠷᠭᠡ ᠬᠦᠷᠢᠶᠡᠨ᠎ᠳᠠᠬᠢ ᠣᠷᠣᠭᠤᠯᠤᠯᠲᠠ ᠵᠢᠨ ᠡᠷᠴᠢᠮ ᠵᠶ᠋ᠠᠨ ᠴᠢᠩᠭ᠋ᠠᠷᠠᠭᠤᠯᠵᠤ᠂ ᠥᠪᠥᠷ ᠮᠣᠩᠭᠤᠯ᠎ᠯᠤᠭ᠎ᠠ ᠵᠢᠨ ᠬᠠᠷᠢᠯᠴᠠᠨ ᠠᠰᠢᠭᠲᠠᠶ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠥᠪᠥᠷ ᠮᠣᠩᠭᠤᠯ᠎ᠤᠨ ᠲᠣᠭ᠋ᠠᠴᠢᠯᠠᠭᠰᠠᠨ ᠠᠵᠤ ᠠᠬᠤᠶ ᠵᠢᠨ ᠬᠥᠭᠵᠢᠯᠲᠡ᠎ᠳᠤ ᠪᠠᠲᠤᠯᠠᠭ᠎ᠠ ᠬᠠᠩᠭ᠋ᠠᠨ᠎ᠠ ᠭᠡᠪᠡ᠃
    ᠢᠦᠢ ᠯᠢ ᠰᠢᠨ᠂ ᠪᠦᠦ ᠰᠢᠶᠠᠨ ᠬᠤᠸᠠ ᠣᠷᠣᠯᠴᠠᠵᠠᠢ᠃
   

ᠢᠷᠡᠯᠲᠡ᠄ ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡ ᠵᠢᠨ ᠰᠦᠯᠵᠢᠶ᠎ᠠ
          
ᠬᠠᠮᠢᠶ᠎ᠡ ᠪᠦᠬᠦᠢ ᠰᠣᠨᠢᠨ
ᠭᠡᠷ ᠪᠠᠶ᠋ᠢᠰᠢᠩ ᠭᠠᠵᠠᠷ ᠬᠦᠷᠦᠩᠭᠡ ᠵᠢᠨ ᠬᠦᠭᠵᠢᠯᠲᠡ ᠵᠢᠨ ᠰᠢᠨ᠎ᠡ ᠬᠡᠪ ᠵᠠᠭᠪᠤᠷ᠎ᠢ ᠲᠦᠷᠭᠡᠪᠴᠢᠯᠡᠨ ᠪᠠᠶ᠋ᠢᠭᠤᠯᠤᠨ᠎ᠠ
ᠪᠦᠬᠦ ᠤᠯᠤᠰ᠎ᠲᠤ ᠨᠢᠭᠡᠳᠦᠯᠲᠡᠢ ᠬᠥᠮᠥᠨ ᠠᠮᠠ ᠵᠢᠨ ᠬᠠᠮᠢᠶᠠᠷᠤᠯᠲᠠ ᠵᠢᠨ ᠳᠦᠷᠢᠮ᠎ᠢ ᠰᠦᠪᠡᠭᠴᠢᠯᠡᠨ ᠪᠠᠶ᠋ᠢᠭᠤᠯᠤᠨ᠎ᠠ
ᠲᠥᠷᠥ ᠵᠢᠨ ᠪᠣᠳᠣᠯᠭ᠎ᠠ᠎ᠪᠠᠷ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠪᠠ! ᠶᠡᠭᠡ ᠬᠡᠪᠴᠢᠶᠡᠨ᠎ᠤ ᠲᠦᠭᠦᠭᠡᠷᠦᠮᠵᠢ ᠵᠢ ᠰᠢᠨᠡᠳᠬᠡᠬᠦ ᠪᠠ ᠬᠡᠷᠡᠭᠯᠡᠭᠡ ᠵᠢᠨ ᠵᠦᠢ᠍ᠯ᠎ᠤᠨ ᠬᠠᠭᠤᠴᠢᠨ᠎ᠢ ᠰᠢᠨ᠎ᠡ᠎ᠪᠠᠷ ᠰᠣᠯᠢᠬᠤ᠎ᠳᠤ ᠰᠢᠨ᠎ᠡ ᠪᠠᠶ᠋ᠢᠷᠢᠯᠠᠭᠤᠯᠤᠯᠲᠠ ᠬᠢᠪᠡ
9 ᠳ᠋ᠦ᠍ᠭᠡᠷ ᠰᠠᠷ᠎ᠠ ᠵᠢᠨ 23᠎ᠤ ᠡᠳᠦᠷ᠎ᠤᠨ ᠲᠣᠪᠴᠢ ᠮᠡᠳᠡᠭᠡ
 
            