ᠰᠢᠨᠬᠤᠸᠠ ᠬᠤᠷᠢᠶᠠᠨ᠎ᠤ 7 ᠳ᠋ᠤᠭ᠋ᠠᠷ ᠰᠠᠷ᠎ᠠ ᠵᠢᠨ 21᠎ᠤ ᠡᠳᠦᠷ᠎ᠤᠨ ᠴᠠᠬᠢᠯᠭ᠋ᠠᠨ ᠮᠡᠳᠡᠭᠡ 《ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠥᠬᠦ ᠲᠠᠯ᠎ᠠ᠎ᠪᠠᠷ ᠭᠦᠨᠵᠡᠭᠡᠶ᠋ᠢᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠲᠣᠭᠲᠠᠭ᠋ᠠᠯ》᠎ᠢ 21᠎ᠤ ᠡᠳᠦᠷ ᠨᠡᠶ᠋ᠢᠲᠡᠯᠡᠪᠡ᠂ ᠲᠣᠭᠲᠠᠭ᠋ᠠᠯ᠎ᠳᠤ ᠪᠥᠬᠦ ᠤᠯᠤᠰ᠎ᠲᠤ ᠨᠢᠭᠡᠳᠦᠯᠲᠡᠢ ᠬᠥᠮᠥᠨ ᠠᠮᠠ ᠵᠢᠨ ᠬᠠᠮᠢᠶᠠᠷᠤᠯᠲᠠ ᠵᠢᠨ ᠳᠦᠷᠢᠮ᠎ᠢ ᠰᠦᠪᠡᠭᠴᠢᠯᠡᠨ ᠪᠠᠶ᠋ᠢᠭᠤᠯᠬᠤ᠂ ᠨᠡᠶ᠋ᠢᠭᠡᠮ᠎ᠤᠨ ᠠᠵᠢᠯᠲᠠᠨ᠎ᠤ ᠡᠩᠨᠡᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ᠂ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢᠨ ᠪᠠᠶ᠋ᠢᠭᠤᠯᠤᠯᠲᠠ ᠵᠢ ᠠᠬᠢᠭᠤᠯᠬᠤ᠂ ᠬᠤᠲᠠ ᠵᠢᠨ ᠬᠡᠪᠴᠢᠶᠡᠨ᠎ᠳᠠᠬᠢ ᠨᠡᠶ᠋ᠢᠭᠡᠮ᠎ᠤᠨ ᠵᠠᠰᠠᠯᠲᠠ ᠵᠢᠨ ᠴᠢᠳᠠᠪᠤᠷᠢ ᠵᠢ ᠳᠡᠭᠡᠭᠰᠢᠯᠡᠭᠦᠯᠬᠦ ᠵᠡᠷᠭᠡ ᠵᠢ ᠪᠠᠭᠲᠠᠭ᠋ᠠᠭᠰᠠᠨ ᠨᠡᠶ᠋ᠢᠭᠡᠮ᠎ᠤᠨ ᠵᠠᠰᠠᠯᠲᠠ ᠵᠢᠨ ᠲᠣᠭᠲᠠᠯᠴᠠᠭ᠋ᠠᠨ᠎ᠤ ᠥᠭᠡᠷᠡᠴᠢᠯᠡᠯᠲᠡ ᠵᠢᠨ ᠲᠠᠯ᠎ᠠ᠎ᠪᠠᠷ᠎ᠬᠢ ᠠᠯᠢ ᠣᠯᠠᠨ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠪᠠ᠃
ᠬᠥᠮᠥᠨ ᠠᠮᠠ ᠵᠢᠨ ᠬᠠᠮᠢᠶᠠᠷᠤᠯᠲᠠ ᠪᠣᠯ ᠨᠡᠶ᠋ᠢᠭᠡᠮ᠎ᠤᠨ ᠵᠠᠰᠠᠯᠲᠠ ᠵᠢᠨ ᠨᠢᠭᠡ ᠵᠦᠢ᠍ᠯ᠎ᠤᠨ ᠰᠠᠭᠤᠷᠢ ᠪᠣᠯᠬᠤ ᠴᠢᠨᠠᠷᠲᠠᠢ ᠠᠵᠢᠯ ᠪᠣᠯᠣᠨ᠎ᠠ᠃ ᠲᠣᠭᠲᠠᠭ᠋ᠠᠯ᠎ᠳᠤ᠂ ᠪᠦᠬᠦ ᠤᠯᠤᠰ᠎ᠲᠤ ᠨᠢᠭᠡᠳᠦᠯᠲᠡᠢ ᠬᠥᠮᠥᠨ ᠠᠮᠠ ᠵᠢᠨ ᠬᠠᠮᠢᠶᠠᠷᠤᠯᠲᠠ ᠵᠢᠨ ᠳᠦᠷᠢᠮ᠎ᠢ ᠰᠦᠪᠡᠭᠴᠢᠯᠡᠨ ᠪᠠᠶ᠋ᠢᠭᠤᠯᠤᠨ᠎ᠠ ᠭᠡᠵᠦ ᠳᠤᠷᠠᠳᠴᠠᠢ᠃ ᠳᠤᠮᠳᠠᠳᠤ ᠤᠯᠤᠰ᠎ᠤᠨ ᠠᠷᠠᠳ᠎ᠤᠨ ᠳᠣᠲᠣᠭ᠋ᠠᠳᠤ ᠵᠢ ᠬᠠᠮᠠᠭ᠋ᠠᠯᠠᠬᠤ ᠶᠡᠭᠡ ᠰᠤᠷᠭ᠋ᠠᠭᠤᠯᠢ ᠵᠢᠨ ᠠᠮᠤᠷ᠎ᠢ ᠬᠠᠮᠠᠭ᠋ᠠᠯᠠᠬᠤ ᠳᠡᠭᠡᠳᠦ ᠰᠤᠷᠭ᠋ᠠᠭᠤᠯᠢ ᠵᠢᠨ ᠫᠷᠤᠹᠧᠰᠰᠤᠷ ᠦ᠋ ᠰᠢᠶᠠᠨ ᠵᠢᠶᠠᠩ᠂ ᠪᠥᠬᠦ ᠤᠯᠤᠰ᠎ᠲᠤ ᠨᠢᠭᠡᠳᠦᠯᠲᠡᠢ ᠬᠥᠮᠥᠨ ᠠᠮᠠ ᠵᠢᠨ ᠬᠠᠮᠢᠶᠠᠷᠤᠯᠲᠠ ᠵᠢᠨ ᠳᠦᠷᠢᠮ᠎ᠨᠢ ᠬᠥᠮᠥᠨ ᠠᠮᠠ ᠵᠢᠨ ᠳᠠᠩᠰᠠᠯᠠᠯᠲᠠ ᠵᠢᠨ ᠬᠠᠮᠢᠶᠠᠷᠤᠯᠲᠠ᠂ ᠬᠥᠮᠥᠨ ᠠᠮᠠ ᠵᠢᠨ ᠮᠡᠳᠡᠭᠡ ᠵᠠᠩᠭᠢ ᠵᠢᠨ ᠬᠠᠮᠢᠶᠠᠷᠤᠯᠲᠠ᠂ ᠬᠥᠮᠥᠨ ᠠᠮᠠ ᠵᠢᠨ ᠦᠢ᠍ᠯᠡᠴᠢᠯᠡᠭᠡᠨ᠎ᠤ ᠬᠠᠮᠢᠶᠠᠷᠤᠯᠲᠠ ᠵᠡᠷᠭᠡ ᠳᠦᠷᠢᠮ᠎ᠢ ᠬᠠᠮᠤᠷᠴᠤ ᠪᠠᠶ᠋ᠢᠨ᠎ᠠ᠃ ᠤᠯᠤᠰ᠎ᠤᠨ ᠲᠠᠯ᠎ᠠ᠎ᠠᠴᠠ ᠬᠥᠮᠥᠨ ᠠᠮᠠ ᠵᠢᠨ ᠬᠠᠮᠢᠶᠠᠷᠤᠯᠲᠠ ᠵᠢᠨ ᠳᠦᠷᠢᠮ᠎ᠢ ᠨᠢᠭᠡᠳᠦᠯᠲᠡᠢ ᠲᠦᠯᠦᠪᠯᠡᠬᠦ᠎ᠨᠢ ᠠᠷᠠᠳ ᠢᠷᠭᠡᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠨᠡᠩ ᠰᠠᠶ᠋ᠢᠲᠤᠷ ᠪᠠᠲᠤᠯᠠᠵᠤ᠂ ᠠᠷᠠᠳ ᠢᠷᠭᠡᠳ᠎ᠤᠨ ᠨᠡᠶ᠋ᠢᠭᠡᠮ᠎ᠤᠨ ᠠᠮᠢᠳᠤᠷᠠᠯ᠎ᠳᠤ ᠳᠥᠭᠦᠮ ᠦᠵᠡᠭᠦᠯᠵᠦ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠢᠷᠢ ᠲᠦᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠦᠨ᠂ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢ ᠠᠬᠢᠭᠤᠯᠬᠤ ᠵᠢᠨ ᠵᠡᠷᠭᠡ᠎ᠪᠠᠷ ᠨᠡᠶ᠋ᠢᠭᠡᠮ᠎ᠤᠨ ᠵᠠᠰᠠᠯᠲᠠ᠂ ᠤᠯᠤᠰ᠎ᠤᠨ ᠠᠮᠤᠷ ᠲᠦᠪᠰᠢᠨ᠎ᠳᠤ ᠰᠠᠭᠤᠷᠢᠯᠠᠬᠤ ᠴᠢᠨᠠᠷᠲᠠᠢ ᠲᠤᠯᠭ᠋ᠠᠭᠤᠷᠢᠯᠠᠯ ᠬᠠᠩᠭ᠋ᠠᠬᠤ ᠪᠣᠯᠣᠨ᠎ᠠ ᠭᠡᠵᠦ ᠦᠵᠡᠪᠡ᠃
ᠲᠣᠭᠲᠠᠭ᠋ᠠᠯ᠎ᠳᠤ᠂ ᠨᠡᠶ᠋ᠢᠭᠡᠮ᠎ᠤᠨ ᠠᠵᠢᠯᠲᠠᠨ᠎ᠤ ᠡᠩᠨᠡᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢᠨ ᠪᠠᠶ᠋ᠢᠭᠤᠯᠤᠯᠲᠠ ᠵᠢ ᠠᠬᠢᠭᠤᠯᠤᠨ᠎ᠠ ᠭᠡᠵᠦ ᠲᠣᠳᠣᠷᠬᠠᠢ ᠲᠣᠭᠲᠠᠭ᠋ᠠᠵᠠᠢ᠃ ᠲᠥᠪ᠎ᠤᠨ ᠨᠡᠶ᠋ᠢᠭᠡᠮ᠎ᠤᠨ ᠠᠵᠢᠯ᠎ᠤᠨ ᠶᠠᠮᠤᠨ᠎ᠤ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠦᠷ ᠢᠯᠡᠷᠬᠡᠶ᠋ᠢᠯᠡᠬᠦ᠎ᠳᠤ᠎ᠪᠠᠨ᠂ ᠨᠠᠮ᠎ᠤᠨ ᠲᠥᠪ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠨᠡᠶ᠋ᠢᠭᠡᠮ᠎ᠤᠨ ᠠᠵᠢᠯᠲᠠᠨ᠎ᠤ ᠡᠩᠨᠡᠭᠡ ᠪᠠ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ ᠲᠠᠯ᠎ᠠ᠎ᠪᠠᠷ ᠬᠦᠴᠦᠯᠡᠨ ᠥᠭᠡᠷᠡᠴᠢᠯᠡᠯᠲᠡ ᠬᠢᠵᠦ ᠰᠢᠨ᠎ᠡ ᠵᠢ ᠡᠭᠦᠳᠦᠨ᠎ᠡ᠂ ᠬᠤᠯᠪᠣᠭᠳᠠᠯ ᠪᠦᠬᠦᠢ ᠲᠠᠯ᠎ᠠ ᠵᠢᠨ᠎ᠬᠢᠨ᠎ᠲᠠᠢ ᠬᠠᠮᠲᠤᠷᠠᠨ ᠨᠡᠶ᠋ᠢᠭᠡᠮ᠎ᠤᠨ ᠠᠵᠢᠯᠲᠠᠨ᠎ᠤ ᠡᠩᠨᠡᠭᠡ ᠵᠢ ᠪᠣᠯᠪᠠᠰᠤᠷᠠᠭᠤᠯᠬᠤ᠂ ᠦᠨᠡᠯᠡᠬᠦ᠂ ᠬᠡᠷᠡᠭᠯᠡᠬᠦ ᠪᠠ ᠤᠷᠮᠠᠰᠢᠭᠤᠯᠬᠤ ᠪᠠᠲᠤᠯᠠᠭ᠎ᠠ ᠵᠢᠨ ᠳᠦᠷᠢᠮ ᠵᠶ᠋ᠠᠨ ᠲᠡᠭᠦᠯᠳᠡᠷᠵᠢᠭᠦᠯᠵᠦ᠂ ᠨᠡᠶ᠋ᠢᠭᠡᠮ᠎ᠤᠨ ᠠᠵᠢᠯᠲᠠᠨ᠎ᠤ ᠡᠩᠨᠡᠭᠡ᠎ᠪᠠᠨ ᠲᠤᠰᠬᠠᠶ᠋ᠢᠵᠢᠭᠤᠯᠬᠤ᠂ ᠠᠵᠢᠯ ᠮᠡᠷᠭᠡᠵᠢᠭᠦᠯᠬᠦ ᠪᠠᠶ᠋ᠢᠭᠤᠯᠤᠯᠲᠠ ᠵᠢ ᠲᠦᠯᠬᠢᠨ ᠠᠬᠢᠭᠤᠯᠵᠤ᠂ ᠰᠠᠶ᠋ᠢᠨ ᠳᠤᠷ᠎ᠠ ᠵᠢᠨ ᠵᠣᠷᠢᠭ ᠰᠠᠨᠠᠭ᠎ᠠ ᠵᠢ ᠶᠡᠭᠡ᠎ᠪᠠᠷ ᠪᠠᠳᠠᠷᠠᠭᠤᠯᠤᠨ᠂ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠬᠦᠷᠢᠶ᠎ᠡ ᠵᠢ ᠥᠷᠭᠡᠳᠬᠡᠵᠦ᠂ ᠳᠡᠮᠵᠢᠨ ᠪᠠᠲᠤᠯᠠᠬᠤ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠵᠦ᠂ ᠨᠡᠷᠡᠲᠦ ᠲᠡᠮᠳᠡᠭ᠎ᠤᠨ ᠪᠠᠶ᠋ᠢᠭᠤᠯᠤᠯᠲᠠ ᠵᠢ ᠴᠢᠩᠭ᠋ᠠᠳᠬᠠᠨ᠂ ᠴᠢᠨᠠᠷ ᠰᠠᠶ᠋ᠢᠲᠠᠢ ᠬᠠᠩᠭ᠋ᠠᠯᠭ᠎ᠠ ᠵᠢ ᠨᠡᠮᠡᠭᠳᠡᠭᠦᠯᠵᠦ᠂ ᠨᠡᠩ ᠤᠯᠠᠨ ᠬᠦᠮᠦᠰ᠎ᠲᠤ ᠣᠷᠣᠯᠴᠠᠬᠤ ᠠᠷᠭ᠎ᠠ ᠵᠠᠮ᠎ᠲᠠᠢ᠂ ᠠᠴᠢᠶᠠᠯᠠᠪᠤᠷᠢ᠎ᠲᠠᠢ᠂ ᠪᠠᠶ᠋ᠢᠩᠭᠤ ᠵᠢᠨ ᠪᠠᠶ᠋ᠢᠳᠠᠯ᠎ᠲᠠᠢ ᠪᠣᠯᠭ᠋ᠠᠨ᠎ᠠ ᠭᠡᠵᠡᠢ᠃
ᠲᠣᠭᠲᠠᠭ᠋ᠠᠯ᠎ᠳᠤ᠂ ᠬᠤᠲᠠ ᠵᠢᠨ ᠬᠡᠪᠴᠢᠶᠡᠨ᠎ᠳᠠᠬᠢ ᠨᠡᠶ᠋ᠢᠭᠡᠮ᠎ᠤᠨ ᠵᠠᠰᠠᠯᠲᠠ ᠵᠢᠨ ᠴᠢᠳᠠᠪᠤᠷᠢ ᠵᠢ ᠳᠡᠭᠡᠭᠰᠢᠯᠡᠭᠦᠯᠵᠦ᠂ ᠬᠤᠲᠠ ᠵᠢᠨ ᠠᠷᠠᠳ᠎ᠤᠨ ᠬᠠᠯᠠᠮᠰᠢᠯ ᠤᠲᠠᠰᠤ ᠵᠡᠷᠭᠡ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠤᠨ ᠴᠢᠳᠠᠮᠵᠢ ᠵᠢ ᠴᠢᠩᠭ᠋ᠠᠷᠠᠭᠤᠯᠤᠨ᠂ 《ᠥᠨᠳᠥᠷ ᠪᠦᠲᠦᠮᠵᠢᠲᠡᠶ᠎ᠪᠠᠷ ᠨᠢᠭᠡ ᠠᠵᠢᠯ ᠶᠠᠪᠤᠳᠠᠯ᠎ᠢ ᠭᠦᠢ᠍ᠴᠡᠳᠬᠡᠬᠦ》 ᠭᠤᠣᠯᠳᠠᠯᠭ᠎ᠠ ᠪᠣᠯᠬᠤ ᠵᠦᠢ᠍ᠯᠡᠰ᠎ᠤᠨ ᠲᠣᠳᠣᠷᠬᠠᠢ ᠬᠠᠭᠤᠳᠠᠰᠤ ᠵᠢᠨ ᠬᠠᠮᠢᠶᠠᠷᠤᠯᠲᠠ ᠵᠢᠨ ᠲᠣᠭᠲᠠᠴᠠ ᠪᠠ ᠪᠠᠶ᠋ᠢᠩᠭᠤᠵᠢᠭᠤᠯᠤᠨ ᠠᠬᠢᠭᠤᠯᠬᠤ ᠲᠣᠭᠲᠠᠴᠠ ᠵᠢ ᠪᠦᠷᠢᠨᠰᠢᠭᠦᠯᠦᠨ᠎ᠡ ᠭᠡᠵᠦ ᠳᠤᠷᠠᠳᠴᠠᠢ᠃
ᠤᠮᠠᠷᠠᠲᠤ ᠵᠢᠨ ᠠᠵᠤ ᠦᠢ᠍ᠯᠡᠳᠪᠦᠷᠢ ᠵᠢᠨ ᠶᠡᠭᠡ ᠰᠤᠷᠭ᠋ᠠᠭᠤᠯᠢ ᠵᠢᠨ ᠬᠦᠮᠦᠨ ᠰᠣᠶᠣᠯ ᠪᠠ ᠬᠠᠤᠯᠢ ᠴᠠᠭ᠋ᠠᠵᠠ ᠵᠢᠨ ᠳᠡᠭᠡᠳᠦ ᠰᠤᠷᠭ᠋ᠠᠭᠤᠯᠢ ᠵᠢᠨ ᠵᠠᠬᠢᠷᠤᠯ ᠯᠢᠦ ᠽᠧ ᠵᠢᠶᠦ᠋ᠨ᠂ ᠬᠤᠳᠠ ᠵᠢᠨ ᠬᠡᠪᠴᠢᠶᠡᠨ᠎ᠤ ᠨᠡᠶ᠋ᠢᠭᠡᠮ᠎ᠤᠨ ᠵᠠᠰᠠᠯᠲᠠ᠎ᠨᠢ ᠲᠦᠭ ᠲᠦᠮᠡᠨ ᠠᠶ᠋ᠢᠯ ᠡᠷᠦᠬᠡ ᠵᠢᠨ ᠲᠤᠰ ᠪᠡᠶ᠎ᠡ ᠵᠢᠨ ᠠᠰᠢᠭ ᠲᠤᠰᠠ᠎ᠯᠤᠭ᠎ᠠ ᠬᠤᠯᠪᠣᠭᠳᠠᠵᠤ ᠪᠠᠶ᠋ᠢᠭ᠎ᠠ ᠪᠣᠯᠬᠤᠷ᠂ ᠪᠣᠳᠠᠲᠠᠢ ᠪᠥᠭᠡᠳ ᠬᠦᠴᠦᠲᠡᠢ ᠠᠷᠭ᠎ᠠ ᠬᠡᠮᠵᠢᠶ᠎ᠡ᠎ᠪᠠᠷ ᠭᠠᠷᠳᠠᠴᠠ ᠪᠣᠯᠭ᠋ᠠᠬᠤ ᠴᠢᠬᠤᠯᠠᠲᠠᠢ᠂ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠤᠨ ᠴᠢᠳᠠᠮᠵᠢ ᠵᠢ ᠴᠢᠩᠭ᠋ᠠᠳᠬᠠᠬᠤ᠎ᠪᠠᠷ ᠳᠠᠮᠵᠢᠭᠤᠯᠵᠤ᠂ ᠭᠤᠣᠯᠳᠠᠯᠭ᠎ᠠ ᠪᠣᠯᠬᠤ ᠵᠦᠢ᠍ᠯᠡᠰ᠎ᠤᠨ ᠲᠣᠳᠣᠷᠬᠠᠢ ᠬᠠᠭᠤᠳᠠᠰᠤ ᠵᠢ ᠪᠣᠳᠠᠲᠠᠢ᠎ᠳᠤ ᠨᠠᠶ᠋ᠢᠳᠠᠪᠤᠷᠢᠵᠢᠭᠤᠯᠤᠨ᠂ ᠪᠠᠶ᠋ᠢᠩᠭᠤᠵᠢᠭᠤᠯᠤᠨ ᠠᠬᠢᠭᠤᠯᠬᠤ ᠲᠣᠭᠲᠠᠴᠠ ᠵᠢ ᠪᠦᠷᠢᠨᠰᠢᠭᠦᠯᠵᠦ᠂ ᠠᠷᠠᠳ ᠤᠯᠠᠨ᠎ᠳᠤ ᠦᠨᠡᠨ ᠬᠦ᠌ ᠥᠭᠡᠷᠡᠴᠢᠯᠡᠯᠲᠡ ᠵᠢᠨ ᠬᠦᠷᠲᠡᠮᠵᠢ ᠵᠢᠨ ᠲᠥᠷᠥᠭᠳᠡᠯ᠎ᠲᠠᠢ ᠪᠣᠯᠭ᠋ᠠᠨ᠎ᠠ ᠭᠡᠵᠦ ᠦᠵᠡᠪᠡ᠃