ᠰᠢᠠᠬᠤᠧᠠ ᠬᠤᠷᠢᠶᠠᠨ᠎ᠤ ᠪᠡᠭᠡᠵᠢᠩ᠎ᠤᠨ 7 ᠳ᠋ᠤᠭ᠋ᠠᠷ ᠰᠠᠷ᠎ᠠ ᠵᠢᠨ 21᠎ᠤ ᠡᠳᠦᠷ᠎ᠤᠨ ᠴᠠᠭᠢᠯᠭ᠋ᠠᠨ ᠮᠠᠲᠡᠭᠡ 21᠎ᠤ ᠡᠳᠦᠷ ᠨᠡᠶ᠋ᠢᠲᠡᠯᠡᠭᠰᠡᠨ 《ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠲᠣᠭᠲᠠᠭ᠋ᠠᠯ》᠎ᠳᠤ᠂ ᠲᠦᠷᠢᠶᠡᠰᠦᠯᠡᠬᠦ ᠪᠠ ᠬᠤᠳᠠᠯᠳᠤᠨ ᠠᠪᠬᠤ ᠵᠢ ᠵᠡᠷᠭᠡ᠎ᠪᠠᠷ ᠬᠡᠷᠡᠭᠵᠢᠭᠦᠯᠬᠦ ᠣᠷᠣᠨ ᠰᠠᠭᠤᠴᠠ ᠵᠢᠨ ᠳᠦᠷᠢᠮ᠎ᠢ ᠲᠦᠷᠭᠡᠪᠴᠢᠯᠡᠨ ᠪᠠᠶ᠋ᠢᠭᠤᠯᠵᠤ᠂ ᠭᠡᠷ ᠪᠠᠶ᠋ᠢᠰᠢᠩ ᠭᠠᠵᠠᠷ ᠬᠥᠷᠥᠩᠭᠡ ᠵᠢᠨ ᠬᠥᠭᠵᠢᠯᠲᠡ ᠵᠢᠨ ᠰᠢᠨ᠎ᠡ ᠬᠡᠪ ᠵᠠᠭᠪᠤᠷ᠎ᠢ ᠲᠦᠷᠭᠡᠪᠴᠢᠯᠡᠨ ᠪᠠᠶ᠋ᠢᠭᠤᠯᠤᠨ᠎ᠠ ᠭᠡᠵᠦ ᠳᠤᠷᠠᠳᠪᠠ᠃
ᠲᠣᠭᠲᠠᠭ᠋ᠠᠯ᠎ᠳᠤ ᠳᠤᠷᠠᠳᠬᠤ᠎ᠳᠤ᠎ᠪᠠᠨ᠂ ᠪᠠᠲᠤᠯᠠᠭ᠎ᠠ ᠵᠢᠨ ᠴᠢᠨᠠᠷᠲᠠᠢ ᠣᠷᠣᠨ ᠰᠠᠭᠤᠴᠠ ᠵᠢᠨ ᠪᠦᠳᠦᠭᠡᠨ ᠪᠠᠶ᠋ᠢᠭᠤᠯᠤᠯᠲᠠ ᠪᠠ ᠬᠠᠩᠭ᠋ᠠᠯᠭ᠎ᠠ ᠵᠢ ᠨᠡᠮᠡᠭᠳᠡᠭᠦᠯᠵᠦ᠂ ᠴᠠᠯᠢᠩ ᠣᠯᠣᠭᠰᠠᠳ᠎ᠤᠨ ᠵᠠᠪᠠᠯ ᠬᠡᠷᠡᠭᠰᠡᠬᠦ ᠣᠷᠣᠨ ᠰᠠᠭᠤᠴᠠ ᠵᠢᠨ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠨ᠎ᠠ᠃ ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠯᠠᠨ ᠶᠠᠩᠵᠤᠴᠢᠯᠠᠭᠰᠠᠨ ᠰᠠᠶ᠋ᠢᠵᠢᠷᠠᠭᠤᠯᠬᠤ ᠴᠢᠨᠠᠷᠲᠠᠢ ᠣᠷᠣᠨ ᠰᠠᠭᠤᠴᠠ ᠵᠢᠨ ᠬᠡᠷᠡᠭᠴᠡᠭᠡ ᠱᠠᠭ᠋ᠠᠷᠳᠠᠯᠭ᠎ᠠ ᠵᠢ ᠳᠡᠮᠵᠢᠨ᠎ᠡ ᠭᠡᠵᠡᠢ᠃
《ᠬᠡᠷ ᠪᠠᠶ᠋ᠢᠰᠢᠩ ᠭᠠᠵᠠᠷ ᠬᠥᠷᠥᠩᠭᠡ ᠵᠢᠨ ᠬᠥᠭᠵᠢᠯᠲᠡ ᠵᠢᠨ ᠰᠢᠨ᠎ᠡ ᠬᠡᠪ ᠵᠠᠭᠪᠤᠷ᠎ᠢ ᠪᠠᠶ᠋ᠢᠭᠤᠯᠬᠤ ᠪᠣᠯ ᠬᠡᠷ ᠪᠠᠶ᠋ᠢᠰᠢᠩ ᠭᠠᠵᠠᠷ ᠬᠥᠷᠥᠩᠭᠡ ᠵᠢᠨ ᠬᠥᠭᠵᠢᠯᠲᠡ ᠵᠢᠨ ᠬᠦᠴᠢᠷ ᠠᠰᠠᠭᠤᠳᠠᠯ᠎ᠢ ᠰᠢᠢ᠍ᠳᠪᠦᠷᠢᠯᠡᠬᠦ᠂ ᠬᠡᠷ ᠪᠠᠶ᠋ᠢᠰᠢᠩ ᠭᠠᠵᠠᠷ ᠬᠥᠷᠥᠩᠭᠡ ᠵᠢᠨ ᠲᠣᠭᠲᠠᠭᠤᠨ ᠪᠥᠭᠡᠳ ᠡᠷᠡᠭᠦᠯ ᠬᠥᠭᠵᠢᠯᠲᠡ ᠵᠢ ᠠᠬᠢᠭᠤᠯᠬᠤ ᠦᠨᠳᠦᠰᠦᠨ ᠠᠷᠭ᠎ᠠ ᠪᠣᠳᠣᠯᠭ᠎ᠠ ᠪᠣᠯᠣᠨ᠎ᠠ᠃ ᠪᠠᠲᠤᠯᠠᠭ᠎ᠠ ᠵᠢᠨ ᠴᠢᠨᠠᠷᠲᠠᠶ ᠣᠷᠣᠨ ᠰᠠᠭᠤᠴᠠ ᠵᠢᠨ ᠪᠦᠲᠦᠭᠡᠨ ᠪᠠᠶ᠋ᠢᠭᠤᠯᠤᠯᠲᠠ ᠪᠠ ᠬᠠᠩᠭ᠋ᠠᠯᠭ᠎ᠠ ᠵᠢ ᠨᠡᠮᠡᠭᠳᠡᠭᠦᠯᠵᠦ᠂ ᠣᠷᠣᠨ ᠰᠠᠭᠤᠴᠠ ᠵᠢᠨ ᠬᠠᠩᠭ᠋ᠠᠯᠭ᠎ᠠ ᠵᠢᠨ ᠲᠣᠭᠲᠠᠯᠴᠠᠭ᠎ᠠ ᠵᠢ ᠲᠡᠭᠦᠯᠳᠡᠷᠵᠢᠭᠦᠯᠦᠨ᠂ ᠵᠠᠪᠠᠯ ᠬᠡᠷᠡᠭᠰᠡᠬᠦ ᠪᠠ ᠰᠠᠶ᠋ᠢᠵᠢᠷᠠᠭᠤᠯᠬᠤ ᠴᠢᠨᠠᠷᠲᠠᠶ ᠣᠷᠣᠨ ᠰᠠᠭᠤᠴᠠ ᠵᠢᠨ ᠬᠡᠷᠡᠭᠴᠡᠭᠡ ᠱᠠᠭ᠋ᠠᠷᠳᠠᠯᠭ᠎ᠠ ᠵᠢ ᠨᠡᠩ ᠰᠠᠶ᠋ᠢᠲᠤᠷ ᠬᠠᠩᠭ᠋ᠠᠬᠤ ᠪᠣᠯ ᠭᠡᠷ ᠪᠠᠶ᠋ᠢᠰᠢᠩ ᠭᠠᠵᠠᠷ ᠬᠥᠷᠥᠩᠭᠡ ᠵᠢᠨ ᠬᠥᠭᠵᠢᠯᠲᠡ ᠵᠢᠨ ᠰᠢᠨ᠎ᠡ ᠬᠡᠪ ᠵᠠᠭᠪᠤᠷ᠎ᠢ ᠪᠠᠶ᠋ᠢᠭᠤᠯᠬᠤ ᠵᠢᠨ ᠴᠢᠬᠤᠯᠠ ᠠᠭᠤᠯᠭ᠎ᠠ ᠪᠣᠯᠣᠨ᠎ᠠ》 ᠭᠡᠵᠦ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠶᠠᠮᠤᠨ᠎ᠤ ᠲᠥᠷᠥ ᠵᠢᠨ ᠪᠣᠳᠣᠯᠭ᠎ᠠ ᠵᠢᠨ ᠰᠤᠳᠤᠯᠬᠤ ᠲᠥᠪ᠎ᠤᠨ ᠳᠡᠳ᠋ ᠡᠷᠬᠢᠯᠡᠭᠴᠢ ᠫᠦ᠋ ᠵᠠᠨ ᠬᠡᠯᠡᠪᠡ᠃
《ᠡᠨᠡ ᠤᠳᠠᠭ᠋ᠠᠨ᠎ᠤ ᠪᠠᠶ᠋ᠢᠷᠢᠯᠠᠭᠤᠯᠤᠭᠰᠠᠨ ᠬᠡᠷ ᠪᠠᠶ᠋ᠢᠰᠢᠩ ᠭᠠᠵᠠᠷ ᠬᠥᠷᠥᠩᠭᠡ ᠵᠢᠨ ᠬᠥᠭᠵᠢᠯᠲᠡ ᠥᠭᠡᠷᠡᠴᠢᠯᠡᠯᠲᠡ ᠵᠢᠨ ᠠᠷᠭ᠎ᠠ ᠵᠠᠮ᠎ᠤᠨ ᠴᠢᠭᠯᠡᠯ᠎ᠨᠢ ᠲᠤᠳᠤᠷᠬᠠᠢ᠂ ᠭᠤᠣᠯᠳᠠᠯᠭ᠎ᠠ᠎ᠨᠢ ᠲᠣᠪᠣᠶ᠋ᠢᠮ᠎ᠠ ᠪᠣᠯᠬᠤᠷ ᠮᠠᠨ᠎ᠤ ᠤᠯᠤᠰ᠎ᠤᠨ ᠬᠡᠷ ᠪᠠᠶ᠋ᠢᠰᠢᠩ ᠭᠠᠵᠠᠷ ᠬᠥᠷᠥᠩᠭᠡ ᠵᠢᠨ ᠰᠢᠨ᠎ᠡ ᠬᠠᠭᠤᠴᠢᠨ ᠬᠡᠪ ᠵᠠᠭᠪᠤᠷ᠎ᠤᠨ ᠰᠢᠯᠵᠢᠨ ᠬᠤᠪᠢᠷᠠᠬᠤ ᠲᠠᠰᠢᠷᠠᠮ᠎ᠳᠤ ᠭᠠᠷᠭ᠋ᠠᠭᠰᠠᠨ ᠲᠥᠷᠥ ᠵᠢᠨ ᠪᠣᠳᠣᠯᠭ᠎ᠠ ᠵᠢᠨ ᠦᠵᠦ ᠵᠢᠷᠤᠭ ᠲᠥᠯᠥᠪᠯᠡᠭᠡ ᠪᠣᠯᠣᠨ᠎ᠠ᠃ ᠬᠡᠷ ᠪᠠᠶ᠋ᠢᠰᠢᠩ ᠭᠠᠵᠠᠷ ᠬᠥᠷᠥᠩᠭᠡ ᠵᠢᠨ ᠴᠢᠨᠠᠷ ᠰᠠᠶ᠋ᠢᠲᠠᠶ ᠬᠥᠭᠵᠢᠯᠲᠡ᠎ᠨᠢ ᠳᠤᠮᠳᠠᠳᠤ ᠤᠯᠤᠰ᠎ᠤᠨ ᠠᠵᠤ ᠠᠬᠤᠶ ᠵᠢᠨ ᠴᠢᠨᠠᠷ ᠰᠠᠶ᠋ᠢᠲᠠᠶ ᠬᠥᠭᠵᠢᠬᠦ᠎ᠳᠤ ᠰᠢᠨ᠎ᠡ ᠬᠥᠳᠡᠯᠭᠡᠬᠦ ᠬᠦᠴᠦᠨ ᠬᠤᠷᠠᠭᠤᠯᠵᠤ᠂ ᠠᠷᠠᠳ ᠣᠯᠠᠨ᠎ᠤ ᠰᠢᠨ᠎ᠡ ᠬᠦᠰᠡᠯ ᠬᠥᠭᠡᠭᠡᠴᠡᠯᠳᠦᠯ᠎ᠳᠤ ᠵᠣᠬᠢᠴᠠᠭᠰᠠᠨ 〈ᠰᠠᠶ᠋ᠢᠨ ᠬᠡᠷ ᠪᠠᠶ᠋ᠢᠰᠢᠩ〉᠎ᠢ ᠪᠥᠲᠥᠭᠡᠨ ᠪᠠᠶ᠋ᠢᠭᠤᠯᠬᠤ᠎ᠳᠤ ᠬᠦᠴᠦᠲᠡᠶ ᠲᠤᠯᠭ᠋ᠠᠭᠤᠷᠢᠯᠠᠯ ᠬᠠᠩᠭ᠋ᠠᠬᠤ ᠪᠣᠯᠤᠨ᠎ᠠ》 ᠭᠡᠵᠦ ᠫᠦ᠋ ᠵᠠᠨ ᠬᠡᠯᠡᠪᠡ᠃
ᠲᠣᠭᠲᠠᠭ᠋ᠠᠯ᠎ᠳᠤ ᠡᠯ᠎ᠡ ᠬᠤᠲᠠ ᠵᠢᠨ ᠵᠠᠰᠠᠭ᠎ᠤᠨ ᠣᠷᠳᠣᠨ᠎ᠳᠤ ᠭᠡᠷ ᠪᠠᠶ᠋ᠢᠰᠢᠩ ᠭᠠᠵᠠᠷ ᠬᠥᠷᠥᠩᠭᠡ ᠵᠢᠨ ᠵᠠᠬ᠎ᠠ ᠳᠡᠯᠭᠡᠭᠦᠷ ᠵᠶ᠋ᠠᠷ ᠲᠣᠬᠢᠷᠠᠭᠤᠯᠤᠨ ᠡᠵᠡᠮᠳᠡᠵᠦ ᠡᠵᠡᠨ ᠮᠡᠳᠡᠬᠦ ᠡᠷᠬᠡ ᠵᠢ ᠭᠦᠢ᠍ᠴᠡᠳ ᠣᠯᠭᠤᠵᠣ᠂ ᠬᠤᠯᠪᠣᠭᠳᠠᠯ ᠪᠦᠬᠦᠢ ᠬᠤᠲᠠ ᠵᠢᠨ ᠪᠠᠶ᠋ᠢᠳᠠᠯ᠎ᠳᠤ᠎ᠪᠠᠨ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠤᠲᠠ ᠵᠢᠨ ᠣᠷᠣᠨ ᠰᠠᠭᠤᠴᠠ ᠬᠤᠳᠠᠯᠳᠤᠨ ᠠᠪᠬᠤ ᠵᠢ ᠬᠢᠵᠠᠭ᠋ᠠᠷᠯᠠᠬᠤ ᠲᠥᠷᠥ ᠵᠢᠨ ᠪᠣᠳᠣᠯᠭ᠎ᠠ᠎ᠪᠠᠨ ᠬᠦᠴᠦᠨ ᠦᠭᠡᠢ ᠪᠣᠯᠭ᠋ᠠᠬᠤ ᠪᠤᠶᠤ ᠲᠣᠬᠢᠷᠠᠭᠤᠯᠤᠯᠲᠠ ᠬᠢᠵᠦ᠂ ᠡᠩ᠎ᠤᠨ ᠣᠷᠣᠨ ᠰᠠᠭᠤᠴᠠ ᠪᠠ ᠡᠩ᠎ᠤᠨ ᠪᠤᠰᠤ ᠣᠷᠣᠨ ᠰᠠᠭᠤᠴᠠ ᠵᠢᠨ ᠪᠠᠷᠢᠮᠵᠢᠶ᠎ᠠ᠎ᠪᠠᠨ ᠬᠦᠴᠦᠨ ᠦᠭᠡᠢ ᠪᠣᠯᠭ᠋ᠠᠬᠤ ᠵᠢ᠎ᠨᠢ ᠵᠥᠪᠰᠢᠶᠡᠷᠡᠬᠦ ᠵᠢ ᠴᠢᠬᠤᠯᠠᠴᠢᠯᠠᠪᠠ᠃
ᠫᠦ᠋ ᠵᠠᠨ ᠢᠯᠡᠷᠬᠡᠶ᠋ᠢᠯᠡᠬᠦ᠎ᠳᠤ᠎ᠪᠠᠨ᠂ ᠣᠯᠠᠨ ᠰᠠᠯᠠᠭ᠎ᠠ ᠮᠥᠴᠢᠷ᠎ᠤᠨ᠎ᠬᠢᠨ ᠮᠥᠩᠭᠦᠨ ᠭᠦᠢ᠍ᠯᠭᠡᠭᠡᠨ᠂ ᠭᠠᠵᠠᠷ ᠰᠢᠷᠣᠶ᠂ ᠲᠠᠸᠠᠷ᠎ᠤᠨ ᠦᠯᠡᠳᠡᠭᠡᠯ ᠣᠷᠣᠨ ᠰᠠᠭᠤᠴᠠ ᠵᠢ ᠬᠤᠳᠠᠯᠳᠤᠨ ᠪᠣᠷᠤᠯᠠᠭᠤᠯᠬᠤ ᠵᠡᠷᠭᠡ ᠲᠥᠷᠥ ᠵᠢᠨ ᠪᠣᠳᠣᠯᠭ᠎ᠠ ᠵᠢᠨ 《ᠬᠠᠮ ᠠᠷᠭ᠎ᠠ ᠬᠡᠮᠵᠢᠶ᠎ᠡ》 ᠵᠢ ᠭᠠᠷᠭ᠋ᠠᠵᠤ᠂ ᠡᠯ᠎ᠡ ᠭᠠᠵᠠᠷ᠎ᠤᠨ᠎ᠬᠢᠨ ᠲᠣᠰ ᠭᠠᠵᠠᠷ᠎ᠤᠨ ᠪᠣᠳᠠᠲᠠᠶ᠎ᠲᠠᠢ᠎ᠪᠠᠨ ᠤᠶᠠᠯᠳᠤᠭᠤᠯᠤᠨ ᠬᠡᠷ ᠪᠠᠶ᠋ᠢᠰᠢᠩ ᠭᠠᠵᠠᠷ ᠬᠥᠷᠥᠩᠭᠡ ᠵᠢᠨ ᠲᠥᠷᠥ ᠵᠢᠨ ᠪᠣᠳᠣᠯᠭ᠎ᠠ ᠵᠢ ᠴᠠᠭ ᠲᠤᠬᠠᠶ᠎ᠳᠤᠨᠢ ᠰᠢᠯᠢᠳᠡᠭᠵᠢᠭᠦᠯᠦᠨ ᠳᠣᠭᠢᠷᠠᠭᠤᠯᠵᠤ᠂ ᠲᠥᠷᠥ ᠵᠢᠨ ᠪᠣᠳᠣᠯᠭ᠎ᠠ ᠵᠢᠨ ᠦᠢ᠍ᠯᠡᠳᠦᠯ᠎ᠢ ᠠᠯᠬᠤᠮ ᠠᠯᠬᠤᠮ ᠵᠶ᠋ᠠᠷ ᠪᠠᠳᠠᠷᠠᠭᠤᠯᠵᠤ᠂ ᠵᠠᠬ᠎ᠠ ᠳᠡᠯᠭᠡᠭᠦᠷ᠎ᠤᠨ ᠢᠳᠡᠪᠬᠢᠵᠢᠯ ᠨᠡᠯᠢᠶᠡᠳ ᠳᠡᠭᠡᠭᠰᠢᠯᠡᠨ᠂ ᠬᠡᠷ ᠪᠠᠶ᠋ᠢᠰᠢᠩ ᠭᠠᠵᠠᠷ ᠬᠥᠷᠥᠩᠭᠡ ᠵᠢᠨ ᠵᠠᠬ᠎ᠠ ᠳᠡᠯᠭᠡᠭᠦᠷ᠎ᠲᠤ ᠶᠠᠭ ᠢᠳᠡᠪᠬᠢ ᠬᠤᠪᠢᠷᠠᠯᠲᠠ ᠭᠠᠷᠴᠤ ᠪᠠᠶ᠋ᠢᠨ᠎ᠠ᠃ ᠲᠣᠭᠲᠠᠭ᠋ᠠᠯ᠎ᠢ ᠨᠡᠶ᠋ᠢᠲᠡᠯᠡᠭᠰᠡᠨ᠎ᠤ ᠳᠠᠷᠠᠭ᠎ᠠ ᠭᠡᠷ ᠬᠦᠷᠦᠩᠭᠡ ᠬᠤᠳᠠᠯᠳᠤᠨ ᠠᠪᠬᠤ ᠬᠡᠷᠡᠭᠴᠡᠭᠡ ᠱᠠᠭ᠋ᠠᠷᠳᠠᠯᠭ᠎ᠠ ᠵᠢ ᠤᠯᠠᠮ ᠨᠢᠭᠡ ᠠᠯᠬᠤᠮ ᠥᠷᠭᠡᠳᠭᠡᠨ᠂ ᠰᠠᠭᠤᠭ᠋ᠠᠯᠢ ᠠᠷᠠᠳ᠎ᠤᠨ ᠣᠷᠣᠨ ᠰᠠᠭᠤᠴᠠ ᠵᠢᠨ ᠬᠡᠷᠡᠭᠯᠡᠭᠡ ᠵᠢᠨ ᠳᠠᠷᠤᠭ᠋ᠠᠰᠤ ᠵᠢ ᠬᠥᠩᠭᠡᠷᠡᠭᠦᠯᠵᠦ᠂ ᠭᠡᠷ ᠪᠠᠶ᠋ᠢᠰᠢᠩ ᠭᠠᠵᠠᠷ ᠬᠥᠷᠥᠩᠭᠡ ᠵᠢᠨ ᠵᠠᠬ᠎ᠠ ᠳᠡᠯᠭᠡᠭᠦᠷ᠎ᠤᠨ ᠢᠲᠡᠭᠡᠯ᠎ᠢ ᠡᠷᠴᠢᠯᠡᠨ᠂ ᠲᠣᠬᠢᠷᠠᠭᠤᠯᠭ᠎ᠠ ᠵᠢᠨ ᠬᠤᠭᠤᠴᠠᠭ᠋ᠠᠨ᠎ᠤ ᠶᠠᠪᠤᠴᠠ ᠵᠢ ᠲᠦᠷᠭᠡᠳᠭᠡᠬᠦ ᠪᠣᠯᠣᠨ᠎ᠠ᠃
ᠲᠣᠭᠲᠠᠭ᠋ᠠᠯ᠎ᠳᠤ ᠪᠠᠰᠠ 《ᠬᠡᠷ ᠪᠠᠶ᠋ᠢᠰᠢᠩ ᠭᠠᠵᠠᠷ ᠬᠥᠷᠥᠩᠭᠡ ᠵᠢᠨ ᠨᠡᠭᠡᠭᠡᠨ ᠬᠥᠭᠵᠢᠭᠦᠯᠵᠦ ᠪᠠᠯᠠ ᠲᠣᠬᠢᠷᠠᠭᠤᠯᠬᠤ ᠠᠷᠭ᠎ᠠ ᠬᠡᠯᠪᠡᠷᠢ ᠪᠠ ᠲᠠᠸᠠᠷ᠎ᠤᠨ ᠬᠡᠷ ᠪᠠᠶ᠋ᠢᠰᠢᠩ᠎ᠢ ᠤᠷᠢᠳᠴᠢᠯᠠᠨ ᠬᠤᠳᠠᠯᠳᠤᠬᠤ ᠲᠦᠷᠢᠮ》᠂ 《ᠬᠡᠷ ᠪᠠᠶ᠋ᠢᠰᠢᠩ ᠭᠠᠵᠠᠷ ᠬᠥᠷᠥᠩᠭᠡ ᠵᠢᠨ ᠭᠠᠶ᠋ᠢᠯᠢ ᠲᠠᠲᠠᠪᠤᠷᠢ ᠵᠢ ᠲᠡᠭᠦᠯᠳᠡᠷᠵᠢᠭᠦᠯᠬᠦ ᠲᠦᠷᠢᠮ》 ᠵᠡᠷᠭᠡ ᠰᠠᠭᠤᠷᠢ ᠪᠣᠯᠬᠤ ᠴᠢᠨᠠᠷᠲᠠᠶ ᠲᠦᠷᠢᠮ᠎ᠤᠨ ᠥᠭᠡᠷᠡᠴᠢᠯᠡᠯᠲᠡ᠎ᠳᠤ ᠱᠠᠭ᠋ᠠᠷᠳᠠᠯᠭ᠎ᠠ ᠳᠤᠷᠠᠳᠪᠠ᠃
ᠲᠥᠪ᠎ᠤᠨ ᠡᠳ᠋᠎ᠤᠨ ᠵᠠᠰᠠᠭ᠎ᠤᠨ ᠠᠵᠤ ᠠᠬᠤᠢ ᠵᠢᠨ ᠬᠤᠷᠢᠶᠠᠨ᠎ᠤ ᠠᠯᠪᠠᠨ ᠬᠡᠷ᠎ᠤᠨ ᠡᠳᠦᠷ ᠲᠤᠲᠤᠮ᠎ᠤᠨ ᠠᠵᠢᠯ᠎ᠢ ᠬᠤᠪᠢᠳᠠᠨ ᠬᠠᠮᠢᠶᠠᠷᠴᠤ ᠪᠠᠶ᠋ᠢᠭ᠎ᠠ ᠳᠡᠳ᠋ ᠡᠷᠬᠢᠯᠡᠭᠴᠢ᠂ ᠲᠥᠪ᠎ᠤᠨ ᠬᠥᠳᠡᠭᠡ ᠲᠣᠰᠬᠤᠨ᠎ᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠠᠯᠪᠠᠨ ᠬᠡᠷ᠎ᠤᠨ ᠡᠷᠬᠢᠯᠡᠭᠴᠢ ᠬᠠᠨ ᠸᠧᠨ ᠰᠢᠤ ᠢᠯᠡᠷᠬᠡᠶ᠋ᠢᠯᠡᠬᠦ᠎ᠳᠤ᠎ᠪᠠᠨ᠂ ᠲᠠᠷᠠᠭ᠋ᠠᠴᠢ ᠵᠢᠨ ᠠᠯᠬᠤᠮ᠎ᠳᠤ᠂ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠭᠤᠷᠪᠠᠳᠤᠭ᠋ᠠᠷ ᠪᠥᠬᠦᠳᠡ ᠬᠤᠷᠠᠯᠳᠤᠭ᠋ᠠᠨ᠎ᠤ ᠵᠣᠷᠢᠭ ᠰᠠᠨᠠᠭ᠎ᠠ ᠵᠢ ᠰᠠᠶ᠋ᠢᠲᠤᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠬᠡᠷ ᠪᠠᠶ᠋ᠢᠰᠢᠩ ᠭᠠᠵᠠᠷ ᠬᠥᠷᠥᠩᠭᠡ ᠵᠢᠨ ᠬᠥᠭᠵᠢᠯᠲᠡ ᠵᠢᠨ ᠰᠢᠨ᠎ᠡ ᠬᠡᠪ ᠵᠠᠭᠪᠤᠷ᠎ᠢ ᠲᠦᠷᠭᠡᠳᠬᠡᠨ ᠪᠠᠶ᠋ᠢᠭᠤᠯᠵᠤ᠂ ᠥᠩᠭᠡᠷᠡᠭᠰᠡᠨ᠎ᠤ 《ᠥᠷᠢ ᠶᠡᠭᠡ᠂ ᠡᠷᠭᠢᠯᠲᠡ ᠲᠦᠷᠭᠡᠨ᠂ ᠬᠥᠰᠢᠭᠦᠷᠭᠡ ᠦᠨᠳᠦᠷ》 ᠪᠠᠶ᠋ᠢᠳᠠᠭ ᠬᠡᠪ ᠵᠠᠭᠪᠤᠷ᠎ᠤᠨ ᠬᠡᠮ ᠰᠣᠭᠤᠭ᠎ᠢ ᠠᠷᠢᠯᠭ᠋ᠠᠵᠤ᠂ ᠠᠷᠠᠳ ᠣᠯᠠᠨ᠎ᠤ ᠰᠢᠨ᠎ᠡ ᠬᠦᠰᠡᠯ ᠬᠥᠭᠡᠭᠡᠴᠡᠯᠳᠦᠯ᠎ᠳᠤ ᠵᠣᠬᠢᠴᠠᠭᠰᠠᠨ 《ᠰᠠᠶ᠋ᠢᠨ ᠬᠡᠷ ᠪᠠᠶ᠋ᠢᠰᠢᠩ》᠎ᠢ ᠪᠥᠲᠥᠭᠡᠨ ᠪᠠᠶ᠋ᠢᠭᠤᠯᠵᠤ᠂ ᠵᠠᠪᠠᠯ ᠬᠡᠷᠡᠭᠰᠡᠬᠦ ᠪᠠ ᠰᠠᠶ᠋ᠢᠵᠢᠷᠠᠭᠤᠯᠬᠤ ᠴᠢᠨᠠᠷᠲᠠᠶ ᠣᠷᠣᠨ ᠰᠠᠭᠤᠴᠠ ᠵᠢᠨ ᠬᠡᠷᠡᠭᠴᠡᠭᠡ ᠱᠠᠭ᠋ᠠᠷᠳᠠᠯᠭ᠎ᠠ ᠵᠢ ᠨᠠᠩ ᠰᠠᠶ᠋ᠢᠲᠤᠷ ᠬᠠᠩᠭ᠋ᠠᠬᠤ ᠵᠢᠨ ᠬᠠᠮᠲᠤ ᠲᠡᠭᠦᠨ᠎ᠯᠦᠭᠡ ᠵᠣᠬᠢᠴᠠᠭᠰᠠᠨ ᠪᠠᠯᠠ ᠳᠣᠬᠢᠷᠠᠭᠤᠯᠭ᠎ᠠ᠂ ᠡᠳ᠋᠎ᠤᠨ ᠵᠠᠰᠠᠭ ᠭᠠᠶ᠋ᠢᠯᠢ᠂ ᠭᠠᠵᠠᠷ ᠰᠢᠷᠣᠶ᠂ ᠪᠣᠷᠣᠯᠠᠭᠤᠯᠭ᠎ᠠ ᠵᠡᠷᠭᠡ ᠰᠠᠭᠤᠷᠢ ᠪᠣᠯᠬᠤ ᠴᠢᠨᠠᠷᠲᠠᠶ ᠲᠦᠷᠢᠮ᠎ᠢ ᠪᠠᠶ᠋ᠢᠭᠤᠯᠬᠤ ᠬᠡᠷᠡᠭᠲᠡᠶ ᠭᠡᠵᠡᠶ᠃