ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠲᠥᠷᠥ ᠵᠢᠨ ᠪᠣᠳᠣᠯᠭ᠎ᠠ᠎ᠪᠠᠷ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠪᠠ! ᠶᠡᠭᠡ ᠬᠡᠪᠴᠢᠶᠡᠨ᠎ᠤ ᠲᠦᠭᠦᠭᠡᠷᠦᠮᠵᠢ ᠵᠢ ᠰᠢᠨᠡᠳᠬᠡᠬᠦ ᠪᠠ ᠬᠡᠷᠡᠭᠯᠡᠭᠡ ᠵᠢᠨ ᠵᠦᠢ᠍ᠯ᠎ᠤᠨ ᠬᠠᠭᠤᠴᠢᠨ᠎ᠢ ᠰᠢᠨ᠎ᠡ᠎ᠪᠠᠷ ᠰᠣᠯᠢᠬᠤ᠎ᠳᠤ ᠰᠢᠨ᠎ᠡ ᠪᠠᠶ᠋ᠢᠷᠢᠯᠠᠭᠤᠯᠤᠯᠲᠠ ᠬᠢᠪᠡ
ᠨᠡᠶᠢᠲᠡᠯᠡᠭᠰᠡᠨ ᠴᠠᠭ᠄ 2024-07-26


   7 ᠳ᠋ᠤᠭ᠋ᠠᠷ ᠰᠠᠷ᠎ᠠ ᠵᠢᠨ 19᠎ᠤ ᠡᠳᠦᠷ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠠᠴᠠ ᠶᠡᠭᠡ ᠬᠡᠪᠴᠢᠶᠡᠨ᠎ᠤ ᠲᠤᠨᠤᠭ ᠲᠥᠬᠦᠭᠡᠷᠦᠮᠵᠢ᠎ᠪᠠᠨ ᠰᠢᠨᠡᠳᠬᠡᠬᠦ ᠪᠠ ᠬᠡᠷᠡᠭᠯᠡᠭᠡ ᠵᠢᠨ ᠵᠦᠢ᠍ᠯ᠎ᠤᠨ ᠬᠠᠭᠤᠴᠢᠨ ᠵᠶ᠋ᠠᠨ ᠰᠢᠨ᠎ᠡ᠎ᠪᠠᠷ ᠰᠣᠯᠢᠬᠤ ᠵᠢ᠎ᠨᠢ ᠳᠡᠮᠵᠢᠬᠦ ᠲᠦᠷᠦ ᠵᠢᠨ ᠪᠤᠳᠤᠯᠭ᠎ᠠ ᠠᠷᠭ᠎ᠠ ᠬᠡᠮᠵᠢᠶ᠎ᠡ ᠵᠢ ᠰᠤᠳᠤᠯᠤᠨ ᠪᠠᠶ᠋ᠢᠷᠢᠯᠠᠭᠤᠯᠪᠠ᠃ ᠬᠤᠷᠠᠯ᠎ᠠᠴᠠ ᠵᠢᠭ᠋ᠠᠵᠤ ᠭᠠᠷᠭ᠋ᠠᠬᠤ᠎ᠳᠤ᠎ᠪᠠᠨ᠂ ᠶᠡᠭᠡ ᠬᠡᠪᠴᠢᠶᠡᠨ᠎ᠤ ᠲᠣᠨᠤᠭ ᠲᠥᠬᠦᠭᠡᠷᠦᠮᠵᠢ᠎ᠪᠠᠨ ᠰᠢᠨᠡᠳᠬᠡᠬᠦ ᠪᠠ ᠬᠡᠷᠡᠭᠯᠡᠭᠡ ᠵᠢᠨ ᠵᠦᠢ᠍ᠯ᠎ᠤᠨ ᠬᠠᠭᠤᠴᠢᠨ ᠵᠶ᠋ᠠᠨ ᠰᠢᠨ᠎ᠡ᠎ᠪᠠᠷ ᠰᠣᠯᠢᠬᠤ ᠶᠠᠪᠤᠳᠠᠯ᠎ᠨᠢ ᠲᠠᠲᠠᠬᠤ ᠴᠢᠨᠠᠷ ᠳᠠᠶ᠋ᠢᠴᠢᠯᠠᠬᠤ ᠴᠢᠨᠠᠷ ᠵᠶ᠋ᠠᠷ ᠴᠢᠩᠭ᠎ᠠ ᠪᠠᠶ᠋ᠢᠳᠠᠭ ᠪᠣᠯᠬᠤᠷ ᠲᠦᠷᠦ ᠵᠢᠨ ᠪᠤᠳᠤᠯᠭ᠎ᠠ᠎ᠪᠠᠷ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠬᠤ᠎ᠨᠢ ᠳᠣᠲᠣᠭ᠋ᠠᠳᠤ ᠬᠡᠷᠡᠭᠴᠡᠭᠡᠨ᠎ᠤ ᠳᠠᠯᠳᠠ ᠬᠦᠴᠦ ᠵᠢ ᠨᠡᠩ ᠰᠠᠶ᠋ᠢᠲᠤᠷ ᠪᠠᠳᠠᠷᠠᠭᠤᠯᠬᠤ᠎ᠳᠤ ᠠᠰᠢᠭᠲᠠᠢ ᠶᠤᠮ᠂ ᠳᠠᠷᠠᠭ᠋ᠠᠴᠢ ᠵᠢᠨ ᠵᠦᠢ᠍ᠯ᠎ᠢ ᠬᠠᠮᠲᠤ᠎ᠳᠤ᠎ᠪᠠᠨ ᠦᠵᠡᠵᠡᠭᠡᠶ᠎ᠡ —
    ᠤᠯᠤᠰ᠎ᠤᠨ ᠬᠡᠳᠦ ᠤᠷᠲᠤ ᠬᠤᠭᠤᠴᠠᠭ᠎ᠠ᠎ᠲᠠᠢ ᠣᠨᠴᠠᠭ᠋ᠠᠢ ᠵᠢᠭᠡᠯᠡᠯᠭᠡ ᠵᠢᠨ ᠪᠡᠯᠡ ᠮᠥᠩᠭᠦ ᠵᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠶᠡᠭᠡ ᠬᠡᠪᠴᠢᠶᠡᠨ᠎ᠤ ᠲᠣᠨᠤᠭ ᠲᠥᠬᠦᠭᠡᠷᠦᠮᠵᠢ᠎ᠪᠠᠨ ᠰᠢᠨᠡᠳᠬᠡᠬᠦ ᠪᠠ ᠬᠡᠷᠡᠭᠯᠡᠭᠡ ᠵᠢᠨ ᠵᠦᠢ᠍ᠯ᠎ᠤᠨ ᠬᠠᠭᠤᠴᠢᠨ ᠵᠶ᠋ᠠᠨ ᠰᠢᠨ᠎ᠡ᠎ᠪᠠᠷ ᠰᠣᠯᠢᠬᠤ ᠵᠢ ᠤᠯᠠᠮ ᠨᠢᠭᠡ ᠠᠯᠬᠤᠮ ᠲᠦᠯᠬᠢᠨ ᠠᠬᠢᠭᠤᠯᠤᠨ᠎ᠠ᠃
    ᠲᠣᠨᠤᠭ ᠲᠥᠬᠦᠭᠡᠷᠦᠮᠵᠢ᠎ᠪᠠᠨ ᠰᠢᠨᠡᠳᠬᠡᠬᠦ ᠲᠦᠷᠦᠯ ᠵᠦᠢ᠍ᠯ᠎ᠢ ᠳᠡᠮᠵᠢᠬᠦ ᠠᠷᠭ᠎ᠠ ᠬᠡᠯᠪᠡᠷᠢ᠎ᠪᠠᠨ ᠰᠢᠯᠢᠳᠡᠭᠵᠢᠭᠦᠯᠵᠦ᠂ ᠳᠡᠮᠵᠢᠬᠦ ᠬᠡᠪᠴᠢᠶ᠎ᠡ ᠵᠢ ᠡᠨᠧᠷᠭᠢ ᠵᠢᠨ ᠴᠠᠬᠢᠯᠭ᠋ᠠᠨ ᠬᠦᠴᠦᠨ᠂ ᠬᠠᠭᠤᠴᠢᠷᠠᠭᠰᠠᠨ ᠴᠠᠬᠢᠯᠭ᠋ᠠᠨ ᠱᠠᠲᠤ ᠵᠡᠷᠭᠡ ᠬᠦᠷᠢᠶᠡᠨ᠎ᠤ ᠲᠥᠬᠦᠭᠡᠷᠦᠮᠵᠢ ᠵᠢ ᠰᠢᠨᠡᠳᠬᠡᠬᠦ ᠵᠢᠴᠢ ᠭᠤᠤᠯᠳᠠᠯᠭ᠎ᠠ ᠪᠣᠯᠬᠤ ᠠᠵᠢᠯ ᠲᠥᠷᠥᠯ᠎ᠤᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢ ᠪᠠᠭ᠋ᠠᠰᠬᠠᠬᠤ ᠪᠠ ᠠᠮᠤᠷ ᠲᠦᠪᠰᠢᠨ᠎ᠤ ᠥᠭᠡᠷᠡᠴᠢᠯᠡᠨ ᠰᠢᠨᠡᠳᠭᠡᠬᠦ ᠬᠦᠷᠢᠶᠡᠨ᠎ᠳᠤ ᠬᠦᠷᠲᠡᠯ᠎ᠡ ᠥᠷᠭᠡᠳᠬᠡᠵᠦ᠂ ᠭᠤᠶᠤᠴᠢᠯᠠᠨ ᠮᠡᠳᠡᠭᠦᠯᠬᠦ ᠪᠠᠷᠢᠮᠵᠢᠶ᠎ᠠ ᠵᠢ᠎ᠨᠢ ᠳᠣᠷᠣᠭᠰᠢᠯᠠᠭᠤᠯᠤᠨ᠂ ᠬᠢᠨᠠᠨ ᠵᠥᠪᠰᠢᠶᠡᠷᠡᠬᠦ ᠶᠠᠪᠤᠴᠠ ᠵᠢ᠎ᠨᠢ ᠳᠥᠭᠦᠮᠴᠢᠯᠡᠨ᠎ᠡ᠃
    ᠲᠡᠭᠡᠭᠡᠪᠦᠷᠢ ᠵᠢᠨ ᠬᠠᠭᠤᠴᠢᠷᠬᠠᠰᠠᠨ ᠣᠩᠭᠤᠴᠠ ᠰᠠᠯ᠂ ᠲᠡᠭᠡᠭᠡᠪᠦᠷᠢ ᠡᠵᠡᠩᠨᠡᠵᠦ ᠪᠠᠶ᠋ᠢᠭ᠎ᠠ ᠬᠠᠭᠤᠴᠢᠷᠬᠠᠰᠠᠨ ᠪᠠᠷᠠᠭ᠋ᠠᠨ᠎ᠤ ᠮᠠᠰᠢᠨ ᠲᠡᠷᠭᠡ ᠵᠢ ᠬᠡᠷᠡᠭᠯᠡᠭᠡᠨ᠎ᠠᠴᠠ ᠭᠠᠷᠭ᠋ᠠᠵᠤ ᠰᠢᠨᠡᠳᠬᠡᠬᠦ ᠵᠢ᠎ᠨᠢ ᠳᠡᠮᠵᠢᠵᠦ᠂ ᠲᠠᠷᠢᠶᠠᠯᠠᠩ᠎ᠤᠨ ᠮᠠᠰᠢᠨ ᠮᠧᠬᠠᠨᠢᠭ᠂ ᠰᠢᠨ᠎ᠡ ᠡᠨᠧᠷᠭᠢ ᠵᠢᠨ ᠨᠡᠶ᠋ᠢᠲᠡ ᠵᠢᠨ ᠮᠠᠰᠢᠨ ᠲᠡᠷᠭᠡ ᠵᠡᠷᠭᠡ ᠵᠢ ᠰᠢᠨᠡᠳᠬᠡᠬᠦ᠎ᠳᠤ ᠨᠥᠬᠦᠪᠥᠷᠢ ᠣᠯᠭᠤᠬᠤ ᠪᠠᠷᠢᠮᠵᠢᠶ᠎ᠠ ᠵᠢ ᠳᠡᠭᠡᠭᠰᠢᠯᠡᠭᠦᠯᠦᠨ᠂ ᠲᠥᠬᠦᠭᠡᠷᠦᠮᠵᠢ ᠵᠢ ᠰᠢᠨᠡᠳᠬᠡᠬᠦ ᠵᠢᠭᠡᠯᠡᠯᠭᠡ ᠡᠳ᠋᠎ᠤᠨ ᠵᠠᠰᠠᠭ᠎ᠤᠨ ᠳᠠᠮ ᠬᠦᠦ ᠮᠥᠩᠬᠦ ᠥᠭᠬᠦ ᠬᠠᠷᠢᠴᠠᠯ᠎ᠢ᠎ᠨᠢ ᠳᠡᠭᠡᠭᠰᠢᠯᠡᠭᠦᠯᠦᠨ᠎ᠡ᠃
    ᠣᠷᠣᠨ ᠨᠤᠲᠤᠭ᠎ᠤᠨ᠎ᠬᠢᠨ᠎ᠤ ᠬᠡᠷᠡᠭᠯᠡᠭᠡ ᠵᠢᠨ ᠵᠦᠢ᠍ᠯ᠎ᠤᠨ ᠬᠠᠭᠤᠴᠢᠨ ᠵᠶ᠋ᠠᠨ ᠰᠢᠨ᠎ᠡ᠎ᠪᠠᠷ ᠰᠣᠯᠢᠬᠤ ᠴᠢᠳᠠᠪᠤᠷᠢ᠎ᠪᠠᠨ ᠴᠢᠩᠭ᠋ᠠᠳᠬᠠᠬᠤ ᠵᠢ ᠳᠡᠮᠵᠢᠵᠦ᠂ ᠮᠠᠰᠢᠨ ᠲᠡᠷᠭᠡ ᠵᠢ ᠬᠡᠷᠡᠭᠯᠡᠭᠡᠨ᠎ᠠᠴᠠ ᠭᠠᠷᠭ᠋ᠠᠵᠤ ᠰᠢᠨᠡᠳᠬᠡᠬᠦ᠂ ᠭᠡᠷ᠎ᠤᠨ ᠴᠠᠬᠢᠯᠭ᠋ᠠᠨ ᠬᠡᠷᠡᠭᠰᠡᠯ᠎ᠤᠨ ᠬᠠᠭᠤᠴᠢᠨ ᠦᠢ᠍ᠯᠡᠳᠬᠦᠨ ᠵᠶ᠋ᠠᠨ ᠰᠢᠨ᠎ᠡ᠎ᠪᠠᠷ ᠰᠣᠯᠢᠬᠤ᠎ᠳᠤ ᠨᠥᠬᠦᠪᠥᠷᠢ ᠣᠯᠭᠤᠬᠤ ᠡᠷᠴᠢᠮ᠎ᠢ ᠴᠢᠩᠭ᠋ᠠᠷᠠᠭᠤᠯᠤᠨ᠂ ᠬᠠᠶᠠᠭᠳᠠᠮᠠᠯ ᠴᠠᠬᠢᠯᠭ᠋ᠠᠨ ᠬᠡᠷᠡᠭᠰᠡᠯ ᠡᠯᠧᠺᠳ᠋ᠷᠣᠨ ᠦᠢ᠍ᠯᠡᠳᠬᠦᠨ᠎ᠢ ᠡᠭᠡᠭᠦᠯᠦᠨ ᠬᠤᠷᠢᠶᠠᠵᠤ ᠰᠢᠢ᠍ᠳᠪᠦᠷᠢᠯᠡᠬᠦ᠎ᠳᠤ ᠪᠡᠯᠡ ᠮᠦᠩᠭᠦᠨ᠎ᠤ ᠳᠡᠮᠵᠢᠯᠭᠡ ᠦᠵᠡᠭᠦᠯᠬᠦ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠤᠨ᠎ᠠ᠃
    ᠵᠠᠬ᠎ᠠ ᠳᠡᠯᠭᠡᠭᠦᠷ᠎ᠤᠨ ᠰᠠᠶ᠋ᠢᠨ ᠰᠠᠶ᠋ᠢᠬᠠᠨ ᠣᠷᠴᠢᠨ ᠨᠥᠬᠦᠴᠡᠯ᠎ᠢ ᠪᠣᠶ ᠪᠣᠯᠭ᠋ᠠᠵᠤ᠂ ᠠᠳᠠᠯᠢ ᠪᠤᠰᠤ ᠥᠮᠴᠢᠯᠡᠯ᠎ᠤᠨ ᠳᠦᠷᠢᠮ᠂ ᠠᠳᠠᠯᠢ ᠪᠤᠰᠤ ᠭᠠᠵᠠᠷ᠎ᠲᠤ ᠳᠠᠩᠰᠠᠯᠠᠭᠤᠯᠤᠭᠰᠠᠨ ᠠᠵᠤ ᠠᠬᠤᠶ᠋ᠢᠯᠠᠯ᠎ᠤᠳ᠎ᠤᠨ ᠲᠥᠷᠥ ᠵᠢᠨ ᠪᠣᠳᠣᠯᠭ᠎ᠠ ᠭᠥᠷᠳᠡᠬᠦ ᠵᠢ᠎ᠨᠢ ᠨᠢᠭᠡ ᠯᠡ ᠠᠳᠠᠯᠢ᠎ᠪᠠᠷ ᠳᠡᠮᠵᠢᠵᠦ᠂ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠵᠤ ᠪᠤᠲᠠᠲᠠᠶ᠋ᠢᠵᠢᠭᠤᠯᠬᠤ᠎ᠪᠠᠨ ᠦᠨᠡᠨ ᠬᠦ᠌ ᠪᠠᠲᠤᠯᠠᠨ᠎ᠠ᠃

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
9 ᠳ᠋ᠦ᠍ᠭᠡᠷ ᠰᠠᠷ᠎ᠠ ᠵᠢᠨ 23᠎ᠤ ᠡᠳᠦᠷ᠎ᠤᠨ ᠲᠣᠪᠴᠢ ᠮᠡᠳᠡᠭᠡ
9 ᠳ᠋ᠦ᠍ᠭᠡᠷ ᠰᠠᠷ᠎ᠠ ᠵᠢᠨ 24᠎ᠤ ᠡᠳᠦᠷ᠎ᠤᠨ ᠲᠣᠪᠴᠢ ᠮᠡᠳᠡᠭᠡ
1 — 8 ᠳ᠋ᠤᠭ᠋ᠠᠷ ᠰᠠᠷ᠎ᠠ᠎ᠳᠤ ᠪᠥᠬᠦ ᠣᠷᠣᠨ᠎ᠤ ᠡᠨᠧᠷᠭᠢ ᠵᠢᠨ ᠭᠤᠣᠯ ᠦᠢ᠍ᠯᠡᠳᠬᠦᠨ᠎ᠤ ᠭᠠᠷᠤᠯᠲᠠ ᠪᠥᠬᠦ ᠤᠯᠤᠰ᠎ᠤᠨ ᠡᠮᠦᠨ᠎ᠡ ᠡᠩᠨᠡᠭᠡᠨ᠎ᠳᠤ ᠣᠷᠤᠪᠠ
9 ᠳ᠋ᠦ᠍ᠭᠡᠷ ᠰᠠᠷ᠎ᠠ ᠵᠢᠨ 21᠎ᠤ ᠡᠳᠦᠷ ᠨᠡᠶ᠋ᠢᠲᠡ 44.95 ᠳ᠋ᠦᠩᠰᠢᠭᠤᠷ ᠲᠥᠭᠦᠷᠢᠭ᠎ᠤᠨ ᠪᠡᠯᠡ ᠣᠷᠣᠭᠤᠯᠤᠭᠰᠠᠨ ᠥᠪᠥᠷ ᠮᠣᠩᠭᠤᠯ᠎ᠤᠨ ᠡᠨᠧᠷᠭᠢ ᠵᠢᠨ ᠬᠤᠷᠴᠢᠨ ᠪᠠᠷᠠᠭᠤᠨ ᠭᠠᠷᠤᠨ ᠳᠤᠮᠳᠠᠳᠦ ᠬᠤᠰᠢᠭᠤ ᠵᠢᠨ ᠰᠢᠨ᠎ᠡ ᠡᠨᠧᠷᠭᠢ ᠵᠢᠨ ᠵᠠᠭᠤᠨ ᠲᠦᠮᠡᠨ ᠺᠢᠯᠣᠸᠠᠲ᠎ᠤᠨ ᠰᠠᠭᠤᠷᠢᠨ ᠭᠠᠵᠠᠷ᠎ᠤᠨ ᠲᠥᠷᠥᠯ ᠵᠦᠢ᠍ᠯ᠎ᠤᠨ ᠢᠨᠵᠧᠨᠧᠷᠢᠩ᠎ᠤᠨ ᠪᠠᠷᠢᠯᠭ᠎ᠠ ᠵᠢᠨ ᠠᠵᠢᠯ ᠡᠬᠢᠯᠡᠪᠡ
9 ᠳ᠋ᠦ᠍ᠭᠡᠷ ᠰᠠᠷ᠎ᠠ ᠵᠢᠨ 25᠎ᠤ ᠡᠳᠦᠷ᠎ᠤᠨ ᠲᠣᠪᠴᠢ ᠮᠡᠳᠡᠭᠡ
 
            