ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
9 ᠳ᠋ᠦ᠍ᠭᠡᠷ ᠰᠠᠷ᠎ᠠ ᠵᠢᠨ 23᠎ᠤ ᠡᠳᠦᠷ᠎ᠤᠨ ᠲᠣᠪᠴᠢ ᠮᠡᠳᠡᠭᠡ
ᠨᠡᠶᠢᠲᠡᠯᠡᠭᠰᠡᠨ ᠴᠠᠭ᠄ 2024-09-24



   9 ᠳ᠋ᠦ᠍ᠭᠡᠷ ᠰᠠᠷ᠎ᠠ ᠵᠢᠨ 20᠎ᠤ ᠡᠳᠦᠷ᠂ ᠬᠥᠬᠡᠬᠤᠲᠠ ᠵᠢᠨ ᠱᠧᠩ ᠯᠧ ᠣᠯᠠᠨ ᠤᠯᠤᠰ᠎ᠤᠨ ᠨᠢᠰᠬᠡᠯ᠎ᠤᠨ ᠪᠠᠭᠤᠳᠠᠯ᠎ᠤᠨ ᠶᠡᠷᠦᠩᠬᠡᠶ᠋ᠢᠯᠡᠭᠰᠡᠨ ᠵᠠᠮ ᠬᠠᠷᠢᠯᠴᠠᠭ᠋ᠠᠨ᠎ᠤ ᠬᠦᠢ᠍ᠰᠦ ᠪᠣᠯᠬᠤ (ᠳᠡᠭᠡᠳᠦ ᠬᠤᠷᠳᠤ ᠵᠢᠨ ᠲᠡᠮᠦᠷ ᠵᠠᠮ᠎ᠳᠤ ᠤᠷᠢᠳᠴᠢᠯᠠᠨ ᠦᠯᠡᠳᠡᠭᠡᠬᠦ) ᠲᠥᠷᠥᠯ ᠵᠦᠢ᠍ᠯ᠎ᠤᠨ ᠭᠤᠤᠯ ᠴᠣᠭᠴᠠ ᠵᠢᠨ ᠪᠦᠲᠦᠴᠡ ᠵᠢᠨ ᠪᠠᠷᠢᠯᠭ᠎ᠠ ᠤᠷᠤᠭᠰᠢᠲᠠᠶ ᠶᠠᠪᠤᠭᠳᠠᠵᠤ ᠪᠠᠶ᠋ᠢᠨ᠎ᠠ᠃ (ᠬᠥᠬᠡᠬᠤᠲᠠ ᠵᠢᠨ ᠵᠠᠰᠠᠭ᠎ᠤᠨ ᠣᠷᠳᠣᠨ)

   2025 ᠣᠨ᠎ᠳᠤ᠂ ᠣᠷᠳᠣᠰ ᠬᠤᠲᠠ 369 ᠴᠢᠬᠤᠯᠠ ᠶᠡᠭᠡ ᠲᠥᠷᠥᠯ ᠵᠦᠢ᠍ᠯ᠎ᠢ ᠲᠥᠯᠥᠪᠵᠢᠭᠦᠯᠦᠨ ᠬᠡᠷᠡᠭᠵᠢᠭᠦᠯᠵᠦ᠂ ᠨᠡᠶ᠋ᠢᠲᠡ 8248 ᠳ᠋ᠦᠩᠰᠢᠭᠤᠷ ᠲᠥᠭᠦᠷᠢᠭ᠎ᠤᠨ ᠪᠡᠯᠡ ᠣᠷᠤᠭᠤᠯᠵᠤ᠂ 1700 ᠳ᠋ᠦᠩᠰᠢᠭᠤᠷ ᠲᠥᠭᠦᠷᠢᠭ᠎ᠤᠨ ᠪᠠᠯᠠ ᠣᠷᠣᠭᠤᠯᠤᠯᠲᠠ ᠵᠢ ᠪᠡᠶᠡᠯᠡᠭᠦᠯᠬᠦ᠎ᠪᠠᠷ ᠲᠥᠯᠥᠪᠯᠡᠵᠦ ᠪᠣᠶ᠃ ᠡᠭᠦᠨ᠎ᠳᠤ᠂ ᠰᠢᠨ᠎ᠡ᠎ᠪᠠᠷ ᠪᠠᠶ᠋ᠢᠭᠤᠯᠬᠤ ᠲᠥᠷᠥᠯ ᠵᠦᠢ᠍ᠯ 187 ᠪᠠᠶ᠋ᠢᠵᠤ᠂ 800 ᠳ᠋ᠦᠩᠰᠢᠭᠤᠷ ᠲᠥᠭᠦᠷᠢᠭ᠎ᠠᠴᠠ ᠳᠡᠭᠡᠭᠰᠢᠬᠢ ᠪᠡᠯᠡ ᠣᠷᠣᠭᠤᠯᠤᠯᠲᠠ ᠵᠢ ᠪᠡᠶᠡᠯᠡᠭᠦᠯᠬᠦ᠎ᠪᠠᠷ ᠲᠥᠯᠥᠪᠯᠡᠵᠦ᠂ 182 ᠲᠥᠷᠥᠯ ᠵᠦᠢ᠍ᠯ᠎ᠢ ᠦᠷᠭᠦᠯᠵᠢᠯᠡᠨ ᠪᠠᠶ᠋ᠢᠭᠤᠯᠵᠤ᠂ 900 ᠳ᠋ᠦᠩᠰᠢᠭᠤᠷ ᠲᠥᠭᠦᠷᠢᠭ᠎ᠠᠴᠠ ᠳᠡᠭᠡᠭᠰᠢᠬᠢ ᠪᠡᠯᠡ ᠣᠷᠣᠭᠤᠯᠤᠯᠲᠠ ᠵᠢ ᠪᠡᠶᠡᠯᠡᠭᠦᠯᠬᠦ᠎ᠪᠠᠷ ᠲᠥᠯᠥᠪᠯᠡᠵᠦ ᠪᠠᠶ᠋ᠢᠨ᠎ᠠ᠃ (ᠣᠷᠳᠣᠰ ᠬᠤᠲᠠ ᠵᠢᠨ ᠵᠠᠰᠠᠭ᠎ᠤᠨ ᠣᠷᠳᠤᠨ)

   9 ᠳ᠋ᠦ᠍ᠭᠡᠷ ᠰᠠᠷ᠎ᠠ ᠵᠢᠨ 22᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠭᠤᠤᠯᠯᠠᠨ ᠡᠷᠬᠢᠯᠡᠵᠦ ᠪᠠᠶ᠋ᠢᠭ᠎ᠠ ᠥᠪᠡᠷᠲᠡᠭᠡᠨ ᠵᠠᠰᠠᠬᠤ ᠣᠷᠣᠨ᠎ᠤ ᠨᠠᠮᠤᠷ᠎ᠤᠨ ᠤᠯᠠᠷᠢᠯ᠎ᠤᠨ ᠠᠵᠢᠯᠲᠠᠨ ᠡᠯᠰᠡᠵᠦ ᠣᠷᠢᠬᠤ ᠴᠤᠭᠯᠠᠭ᠋ᠠᠨ ᠲᠦᠩᠯᠢᠶᠣᠤ ᠬᠤᠲᠠ᠎ᠳᠤ ᠡᠬᠢᠯᠡᠵᠦ᠂ ᠨᠡᠶ᠋ᠢᠲᠡ 7800 ᠭᠠᠷᠤᠶ ᠠᠵᠢᠯ᠎ᠤᠨ ᠪᠠᠶ᠋ᠢᠷᠢ ᠬᠠᠩᠭ᠋ᠠᠬᠤ ᠪᠣᠯᠤᠨ᠎ᠠ᠃ (ᠲᠦᠩᠯᠢᠶᠣᠣ ᠬᠤᠲᠠ ᠵᠢᠨ ᠵᠠᠰᠠᠭ᠎ᠤᠨ ᠣᠷᠳᠣᠨ)

   9 ᠳ᠋ᠦ᠍ᠭᠡᠷ ᠰᠠᠷ᠎ᠠ ᠵᠢᠨ 19᠎ᠤ ᠡᠳᠦᠷ᠂ ᠤᠯᠠᠭ᠋ᠠᠨᠬᠠᠳᠠ ᠬᠤᠲᠠ ᠬᠢᠭᠡᠳ ᠴᠧᠨ ᠵᠥᠩ ᠶᠤᠸᠠᠨ ᠰᠢᠨ᠎ᠡ ᠮᠠᠲ᠋ᠧᠷᠢᠶᠠᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ (ᠥᠪᠥᠷ ᠮᠣᠩᠭᠤᠯ)᠎ᠤᠨ ᠬᠢᠵᠠᠭ᠋ᠠᠷᠲᠤ ᠺᠣᠮᠫᠠᠨᠢ ᠵᠢᠨ ᠨᠡᠶ᠋ᠢᠲᠡ 90 ᠳ᠋ᠦᠩᠰᠢᠭᠤᠷ ᠲᠥᠭᠦᠷᠢᠭ᠎ᠤᠨ ᠪᠡᠯᠡ ᠣᠷᠤᠭᠤᠯᠤᠯᠲᠠ᠎ᠲᠠᠢ ᠰᠢᠨ᠎ᠡ ᠬᠡᠯᠪᠡᠷᠢ ᠵᠢᠨ ᠨᠡᠶ᠋ᠢᠯᠡᠮᠡᠯ ᠮᠠᠲ᠋ᠧᠷᠢᠶᠠᠯ (ᠬᠦᠷᠮᠡᠨ ᠴᠢᠯᠠᠭᠤᠯᠢᠭ᠎ᠤᠨ ᠬᠠᠶ᠋ᠢᠷᠰᠤ)᠎ᠤᠨ ᠠᠵᠤ ᠦᠢ᠍ᠯᠡᠰ᠎ᠤᠨ ᠬᠦᠷᠢᠶᠡᠯᠡᠩ᠎ᠤᠨ ᠲᠥᠷᠥᠯ ᠵᠦᠢ᠍ᠯ᠎ᠳᠤ ᠪᠦᠳᠦᠭᠦᠪᠴᠢ ᠵᠥᠪᠯᠡᠯᠴᠡᠭᠡᠷ ᠲᠣᠭᠲᠠᠪᠠ᠃ (ᠤᠯᠠᠭ᠋ᠠᠨᠬᠠᠳᠠ ᠬᠤᠲᠠ ᠵᠢᠨ ᠵᠠᠰᠠᠭ᠎ᠤᠨ ᠣᠷᠳᠣᠨ)

   

   



ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
9 ᠳ᠋ᠦ᠍ᠭᠡᠷ ᠰᠠᠷ᠎ᠠ ᠵᠢᠨ 24᠎ᠤ ᠡᠳᠦᠷ᠎ᠤᠨ ᠲᠣᠪᠴᠢ ᠮᠡᠳᠡᠭᠡ
1 — 8 ᠳ᠋ᠤᠭ᠋ᠠᠷ ᠰᠠᠷ᠎ᠠ᠎ᠳᠤ ᠪᠥᠬᠦ ᠣᠷᠣᠨ᠎ᠤ ᠡᠨᠧᠷᠭᠢ ᠵᠢᠨ ᠭᠤᠣᠯ ᠦᠢ᠍ᠯᠡᠳᠬᠦᠨ᠎ᠤ ᠭᠠᠷᠤᠯᠲᠠ ᠪᠥᠬᠦ ᠤᠯᠤᠰ᠎ᠤᠨ ᠡᠮᠦᠨ᠎ᠡ ᠡᠩᠨᠡᠭᠡᠨ᠎ᠳᠤ ᠣᠷᠤᠪᠠ
9 ᠳ᠋ᠦ᠍ᠭᠡᠷ ᠰᠠᠷ᠎ᠠ ᠵᠢᠨ 21᠎ᠤ ᠡᠳᠦᠷ ᠨᠡᠶ᠋ᠢᠲᠡ 44.95 ᠳ᠋ᠦᠩᠰᠢᠭᠤᠷ ᠲᠥᠭᠦᠷᠢᠭ᠎ᠤᠨ ᠪᠡᠯᠡ ᠣᠷᠣᠭᠤᠯᠤᠭᠰᠠᠨ ᠥᠪᠥᠷ ᠮᠣᠩᠭᠤᠯ᠎ᠤᠨ ᠡᠨᠧᠷᠭᠢ ᠵᠢᠨ ᠬᠤᠷᠴᠢᠨ ᠪᠠᠷᠠᠭᠤᠨ ᠭᠠᠷᠤᠨ ᠳᠤᠮᠳᠠᠳᠦ ᠬᠤᠰᠢᠭᠤ ᠵᠢᠨ ᠰᠢᠨ᠎ᠡ ᠡᠨᠧᠷᠭᠢ ᠵᠢᠨ ᠵᠠᠭᠤᠨ ᠲᠦᠮᠡᠨ ᠺᠢᠯᠣᠸᠠᠲ᠎ᠤᠨ ᠰᠠᠭᠤᠷᠢᠨ ᠭᠠᠵᠠᠷ᠎ᠤᠨ ᠲᠥᠷᠥᠯ ᠵᠦᠢ᠍ᠯ᠎ᠤᠨ ᠢᠨᠵᠧᠨᠧᠷᠢᠩ᠎ᠤᠨ ᠪᠠᠷᠢᠯᠭ᠎ᠠ ᠵᠢᠨ ᠠᠵᠢᠯ ᠡᠬᠢᠯᠡᠪᠡ
9 ᠳ᠋ᠦ᠍ᠭᠡᠷ ᠰᠠᠷ᠎ᠠ ᠵᠢᠨ 25᠎ᠤ ᠡᠳᠦᠷ᠎ᠤᠨ ᠲᠣᠪᠴᠢ ᠮᠡᠳᠡᠭᠡ
ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠬᠢᠯᠢ ᠬᠢᠵᠠᠭ᠋ᠠᠷ᠎ᠢ ᠬᠠᠮᠠᠭ᠋ᠠᠯᠠᠬᠤ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ ᠡᠬᠡ ᠤᠯᠤᠰ᠎ᠤᠨ ᠤᠮᠠᠷᠠᠲᠤ ᠬᠢᠯᠢ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠠᠲᠤ ᠴᠣᠭᠴᠠᠯᠠᠪᠠ
 
            