1 — 8 ᠳ᠋ᠤᠭ᠋ᠠᠷ ᠰᠠᠷ᠎ᠠ᠎ᠳᠤ ᠪᠥᠬᠦ ᠣᠷᠣᠨ᠎ᠤ ᠡᠨᠧᠷᠭᠢ ᠵᠢᠨ ᠭᠤᠣᠯ ᠦᠢ᠍ᠯᠡᠳᠬᠦᠨ᠎ᠤ ᠭᠠᠷᠤᠯᠲᠠ ᠪᠥᠬᠦ ᠤᠯᠤᠰ᠎ᠤᠨ ᠡᠮᠦᠨ᠎ᠡ ᠡᠩᠨᠡᠭᠡᠨ᠎ᠳᠤ ᠣᠷᠤᠪᠠ᠃ 1 — 8 ᠳ᠋ᠤᠭ᠋ᠠᠷ ᠰᠠᠷ᠎ᠠ᠎ᠳᠤ᠂ ᠪᠥᠬᠦ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠲᠦᠭᠦᠬᠡᠢ ᠨᠡᠭᠦᠷᠡᠰᠦᠨ᠎ᠤ ᠭᠠᠷᠤᠯᠲᠠ 8.41 ᠳ᠋ᠦᠩᠰᠢᠭᠤᠷ ᠲᠣᠨ᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 4.2% ᠵᠶ᠋ᠠᠷ ᠨᠡᠮᠡᠭᠳᠡᠨ᠂ ᠪᠥᠬᠦ ᠤᠯᠤᠰ᠎ᠤᠨ ᠲᠦᠭᠦᠬᠡᠢ ᠨᠡᠭᠦᠷᠡᠰᠦᠨ᠎ᠤ ᠭᠠᠷᠤᠯᠲᠠ ᠵᠢᠨ 27.5% ᠵᠢ ᠡᠵᠡᠯᠡᠵᠦ᠂ ᠪᠥᠬᠦ ᠤᠯᠤᠰ᠎ᠲᠤ ᠨᠢᠭᠡᠳᠦᠭᠡᠷ᠎ᠲᠤ ᠣᠷᠣᠪᠠ; ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠴᠠᠬᠢᠯᠭ᠋ᠠᠨ ᠭᠠᠷᠭ᠋ᠠᠭᠰᠠᠨ ᠬᠡᠮᠵᠢᠶ᠎ᠡ 5344.1 ᠳ᠋ᠦᠩᠰᠢᠭᠤᠷ ᠺᠢᠯᠣᠸᠠᠲ ᠴᠠᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 10.4%᠎ᠪᠠᠷ ᠨᠡᠮᠡᠭᠳᠡᠵᠦ᠂ ᠪᠦᠬᠦ ᠤᠯᠤᠰ᠎ᠤᠨ ᠴᠠᠬᠢᠯᠭ᠋ᠠᠨ ᠭᠠᠷᠭ᠋ᠠᠭᠰᠠᠨ ᠬᠡᠮᠵᠢᠶᠡᠨ᠎ᠤ 8.6% ᠵᠢ ᠡᠵᠡᠯᠡᠵᠦ᠂ ᠪᠦᠬᠦ ᠤᠯᠤᠰ᠎ᠲᠤ ᠨᠢᠭᠡᠳᠦᠭᠡᠷ᠎ᠲᠤ ᠣᠷᠣᠪᠠ; ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠰᠢᠩᠭᠡᠨᠵᠢᠮᠡᠯ ᠪᠠᠶ᠋ᠢᠭ᠋ᠠᠯᠢ ᠵᠢᠨ ᠰᠢᠲᠠᠮᠠᠬᠠᠢ ᠬᠡᠢ ᠵᠢᠨ ᠭᠠᠷᠤᠯᠲᠠ 393.7 ᠲᠦᠮᠡᠨ ᠲᠣᠨ᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 9.5%᠎ᠪᠠᠷ ᠨᠡᠮᠡᠭᠳᠡᠵᠦ᠂ ᠪᠦᠬᠦ ᠤᠯᠤᠰ᠎ᠤᠨ ᠰᠢᠩᠭᠡᠨᠵᠢᠮᠡᠯ ᠪᠠᠶ᠋ᠢᠭ᠋ᠠᠯᠢ ᠵᠢᠨ ᠰᠢᠲᠠᠮᠠᠬᠠᠢ ᠬᠡᠢ ᠵᠢᠨ ᠭᠠᠷᠤᠯᠲᠠ ᠵᠢᠨ 25.5% ᠵᠢ ᠡᠵᠡᠯᠡᠵᠦ᠂ ᠪᠦᠬᠦ ᠤᠯᠤᠰ᠎ᠲᠤ ᠨᠢᠭᠡᠳᠦᠭᠡᠷ᠎ᠲᠤ ᠣᠷᠣᠪᠠ; ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠬᠡᠦᠷᠡᠰᠦ ᠵᠢᠨ ᠭᠠᠷᠤᠯᠲᠠ 3305.2 ᠲᠦᠮᠡᠨ ᠲᠣᠨ᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 1%᠎ᠪᠠᠷ ᠪᠠᠭᠤᠷᠠᠵᠤ᠂ ᠪᠦᠬᠦ ᠤᠯᠤᠰ᠎ᠤᠨ ᠬᠡᠦᠷᠡᠰᠦ ᠵᠢᠨ ᠭᠠᠷᠤᠯᠲᠠ ᠵᠢᠨ 10.2%᠎ᠢ ᠡᠵᠡᠯᠡᠵᠦ᠂ ᠪᠦᠬᠦ ᠤᠯᠤᠰ᠎ᠲᠤ ᠬᠤᠶᠠᠳᠤᠭ᠋ᠠᠷ᠎ᠲᠤ ᠣᠷᠣᠪᠠ᠃ (ᠲᠤᠭ᠎ᠠ ᠪᠦᠷᠢᠳᠬᠡᠯ᠎ᠤᠨ ᠲᠣᠪᠴᠢᠶ᠎ᠠ)