ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠬᠢᠯᠢ ᠬᠢᠵᠠᠭ᠋ᠠᠷ᠎ᠢ ᠬᠠᠮᠠᠭ᠋ᠠᠯᠠᠬᠤ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ ᠡᠬᠡ ᠤᠯᠤᠰ᠎ᠤᠨ ᠤᠮᠠᠷᠠᠲᠤ ᠬᠢᠯᠢ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠠᠲᠤ ᠴᠣᠭᠴᠠᠯᠠᠪᠠ
ᠨᠡᠶᠢᠲᠡᠯᠡᠭᠰᠡᠨ ᠴᠠᠭ᠄ 2024-09-26


 

    ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠬᠢᠯᠢ ᠬᠢᠵᠠᠭ᠋ᠠᠷ᠎ᠢ ᠬᠠᠮᠠᠭ᠋ᠠᠯᠠᠬᠤ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠡᠬᠡ ᠤᠯᠤᠰ᠎ᠤᠨ ᠤᠮᠠᠷᠠᠲᠤ ᠬᠢᠯᠢ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠠᠲᠤ ᠴᠣᠭᠴᠠᠯᠠᠪᠠ᠃ ᠨᠢᠭᠡ᠎ᠳᠤ᠂ ᠬᠠᠮᠢᠶᠠᠷᠤᠨ ᠡᠵᠡᠮᠳᠡᠬᠦ ᠬᠦᠴᠦᠨ ᠰᠡᠷᠭᠡᠶ᠋ᠢᠯᠡᠯᠲᠡ ᠵᠢᠨ ᠬᠦᠴᠦᠨ᠎ᠤ ᠳᠣᠬᠢᠷᠠᠭᠤᠯᠭ᠎ᠠ ᠵᠢ ᠰᠢᠯᠢᠳᠡᠭᠵᠢᠭᠦᠯᠪᠡ᠃ 《46654》 ᠬᠢᠯᠢ ᠵᠢᠨ ᠬᠠᠮᠢᠶᠠᠷᠤᠯᠲᠠ ᠡᠵᠡᠮᠳᠡᠯ᠎ᠤᠨ ᠲᠣᠭᠲᠠᠯᠴᠠᠭ᠎ᠠ ᠵᠢ ᠪᠠᠶ᠋ᠢᠭᠤᠯᠵᠤ᠂ ᠬᠢᠯᠢ ᠵᠢᠨ ᠲᠣᠮᠢᠯᠠᠭᠰᠠᠨ ᠰᠠᠯᠪᠤᠷᠢ ᠵᠢᠨ ᠬᠦᠴᠦᠨ᠎ᠤ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠵᠦ᠂ ᠰᠢᠨ᠎ᠡ ᠴᠠᠭ ᠦᠶ᠎ᠡ ᠵᠢᠨ ᠲᠠᠯ᠎ᠠ ᠨᠤᠲᠤᠭ᠎ᠤᠨ 110 ᠵᠡᠷᠭᠡ ᠴᠠᠭᠳᠠᠭ᠋ᠠᠨ᠎ᠤ ᠶᠠᠪᠤᠳᠠᠯ᠎ᠤᠨ ᠨᠠᠷᠠᠲᠤ ᠲᠡᠮᠳᠡᠭᠲᠦ ᠵᠢ ᠲᠣᠭᠲᠠᠪᠤᠷᠢᠵᠢᠭᠤᠯᠵᠤ᠂ 《ᠴᠠᠰᠤᠲᠤ ᠬᠤᠲᠠ ᠵᠢᠨ ᠵᠢᠷᠤᠮ᠎ᠤᠨ ᠴᠠᠭᠳᠠᠭ᠎ᠠ》 ᠵᠡᠷᠭᠡ ᠣᠯᠠᠨ ᠵᠶ᠋ᠠᠷ ᠵᠶ᠋ᠠᠨ ᠰᠡᠷᠭᠡᠶ᠋ᠢᠯᠡᠵᠦ ᠣᠯᠠᠨ ᠵᠶ᠋ᠠᠷ ᠵᠶ᠋ᠠᠨ ᠵᠠᠰᠠᠬᠤ ᠬᠡᠪ ᠵᠠᠭᠪᠤᠷ᠎ᠢ ᠪᠣᠶ ᠪᠣᠯᠭ᠋ᠠᠵᠤ᠂ ᠰᠢᠨ᠎ᠡ ᠵᠢ ᠡᠭᠦᠳᠦᠭᠰᠡᠨ ᠠᠷᠭ᠎ᠠ ᠬᠢᠳᠡᠯ ᠵᠶ᠋ᠠᠨ ᠪᠥᠬᠦ ᠤᠯᠤᠰ᠎ᠤᠨ 《ᠹᠧᠩᠴᠢᠶᠤᠤ ᠵᠢᠨ ᠲᠤᠷᠰᠢᠯᠭ᠎ᠠ》 ᠵᠢᠨ 60 ᠵᠢᠯ᠎ᠤᠨ ᠣᠶ ᠵᠢᠨ ᠶᠡᠭᠡ ᠬᠤᠷᠠᠯ᠎ᠤᠨ ᠠᠬᠤᠢ ᠲᠠᠯᠠᠪᠠᠶ᠎ᠳᠤ ᠳᠡᠯᠭᠡᠨ ᠦᠵᠡᠭᠦᠯᠪᠡ᠃ ᠬᠤᠶᠠᠷ᠎ᠲᠤ᠂ ᠬᠢᠯᠢ ᠬᠢᠵᠠᠭ᠋ᠠᠷ᠎ᠢ ᠬᠠᠮᠢᠶᠠᠷᠤᠨ ᠡᠵᠡᠮᠳᠡᠬᠦ ᠨᠡᠶ᠋ᠢᠯᠡᠮᠡᠯ ᠬᠦᠴᠦᠨ᠎ᠢ ᠲᠥᠪᠯᠡᠷᠡᠭᠦᠯᠪᠡ᠃ ᠤᠮᠠᠷᠠᠲᠤ ᠬᠡᠰᠡᠭ᠎ᠤᠨ ᠪᠠᠶ᠋ᠢᠯᠳᠤᠭ᠋ᠠᠨ᠎ᠤ ᠲᠣᠭᠤᠷᠢᠭ᠎ᠤᠨ ᠬᠠᠭᠤᠷᠠᠶ ᠵᠠᠮ᠎ᠤᠨ ᠴᠡᠷᠢᠭ᠎ᠤᠨ ᠱᠲ᠋ᠠᠪᠴᠢ ᠵᠢᠨ ᠭᠠᠵᠠᠷ ᠵᠡᠷᠭᠡ᠎ᠲᠠᠢ ᠬᠤᠯᠪᠣᠭ᠋ᠠᠯᠠᠨ ᠵᠢᠵᠢᠭᠦᠷᠯᠡᠵᠦ ᠬᠤᠯᠪᠣᠭ᠋ᠠᠯᠠᠨ ᠰᠡᠷᠭᠡᠶ᠋ᠢᠯᠡᠵᠦ ᠬᠤᠯᠪᠣᠭ᠋ᠠᠯᠠᠨ ᠬᠥᠳᠡᠯᠦᠯᠴᠡᠬᠦ ᠲᠣᠭᠲᠠᠴᠠ ᠵᠢ ᠪᠠᠶ᠋ᠢᠭᠤᠯᠵᠤ᠂ ᠲᠥᠪ (ᠤᠯᠤᠰ)᠎ᠠᠴᠠ ᠬᠠᠮᠢᠶᠠᠷᠴᠤ ᠪᠦᠬᠦᠢ 14 ᠠᠵᠤ ᠠᠬᠤᠶ᠋ᠢᠯᠠᠯ᠎ᠢ ᠵᠣᠬᠢᠴᠠᠭᠤᠯᠤᠨ ᠬᠢᠯᠢ ᠵᠢᠨ ᠰᠠᠭᠤᠷᠢ ᠪᠡᠯᠡᠳᠬᠡᠮᠵᠢ ᠵᠢᠨ ᠪᠥᠲᠥᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠬᠦᠴᠦᠷᠬᠡᠭ ᠶᠡᠭᠡ ᠬᠢᠯᠢ ᠵᠢᠨ ᠵᠠᠰᠠᠯᠲᠠ ᠵᠢᠨ ᠨᠡᠶ᠋ᠢᠯᠡᠮᠡᠯ ᠬᠦᠴᠦᠨ᠎ᠢ ᠪᠦᠷᠢᠯᠳᠦᠭᠦᠯᠪᠡ᠃ ᠭᠤᠷᠪᠠ᠎ᠳᠤ᠂ ᠬᠢᠯᠢ ᠬᠢᠵᠠᠭ᠋ᠠᠷ᠎ᠤᠨ ᠨᠡᠶ᠋ᠢᠭᠡᠮ᠎ᠤᠨ ᠬᠠᠮᠢᠶᠠᠷᠤᠯᠲᠠ ᠡᠵᠡᠮᠳᠡᠯ᠎ᠢ ᠴᠢᠩᠭ᠋ᠠᠷᠠᠭᠤᠯᠪᠠ᠃ 《ᠦᠨᠳᠦᠰᠦᠲᠡᠨ᠎ᠤ ᠪᠦᠯᠬᠦᠮᠳᠡᠯ᠎ᠤᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ》᠎ᠢ 4 ᠪᠠᠶ᠋ᠢᠭᠤᠯᠵᠤ᠂ ᠵᠥᠷᠢᠴᠡᠯ ᠵᠠᠭᠤᠷᠠᠯᠳᠤᠭ᠋ᠠᠨ᠎ᠢ ᠰᠢᠢ᠍ᠳᠪᠦᠷᠢᠯᠡᠬᠦ ᠣᠯᠠᠨ ᠡᠰᠢᠭᠦᠵᠢᠭᠦᠯᠦᠭᠰᠡᠨ ᠲᠣᠭᠲᠠᠴᠠ ᠵᠢ ᠲᠡᠭᠦᠯᠳᠡᠷᠵᠢᠭᠦᠯᠦᠨ᠂ 《ᠬᠢᠯᠢ ᠬᠢᠵᠠᠭ᠋ᠠᠷ᠎ᠢ ᠠᠮᠤᠷᠵᠢᠭᠤᠯᠬᠤ》 ᠵᠡᠷᠭᠡ ᠲᠤᠰᠬᠠᠶ ᠵᠠᠰᠠᠯᠲᠠ ᠵᠢ ᠬᠡᠷᠡᠭᠵᠢᠭᠦᠯᠵᠦ᠂ 《ᠠᠷᠠᠳ᠎ᠤᠨ ᠴᠠᠭᠳᠠᠭ᠎ᠠ + ᠬᠢᠯᠢ ᠵᠢᠨ ᠬᠠᠮᠠᠭ᠋ᠠᠯᠠᠭᠴᠢ + ᠲᠤᠰᠠᠯᠠᠬᠤ ᠴᠠᠭᠳᠠᠭ᠎ᠠ + ᠡᠷᠦᠬᠡ ᠵᠢᠨ ᠴᠡᠷᠢᠭ + N》 ᠬᠢᠯᠢ ᠵᠢᠨ ᠴᠠᠭᠳᠠᠨ ᠪᠠᠶ᠋ᠢᠴᠠᠭ᠋ᠠᠬᠤ ᠬᠡᠪ ᠵᠠᠭᠪᠤᠷ᠎ᠢ ᠬᠡᠷᠡᠭᠵᠢᠭᠦᠯᠵᠦ᠂ ᠳᠡᠩᠨᠡᠨ ᠰᠢᠢ᠍ᠳᠪᠦᠷᠢᠯᠡᠭᠰᠡᠨ ᠣᠯᠠᠨ ᠬᠦᠨᠳᠦ ᠶᠡᠭᠡ ᠡᠷᠡᠭᠦᠦ ᠵᠢᠨ ᠬᠡᠷᠡᠭ᠎ᠨᠢ ᠲᠥᠪ ᠲᠧᠯᠸᠢᠰ᠎ᠤᠨ 《ᠲᠡᠭᠷᠢ ᠵᠢ ᠪᠦᠷᠬᠦᠭᠰᠡᠨ ᠲᠣᠣᠷ》 ᠵᠡᠷᠭᠡ ᠵᠠᠭᠤᠴᠢᠯᠠᠭᠤᠷ᠎ᠤᠨ ᠠᠩᠬᠠᠷᠤᠯ᠎ᠢ ᠲᠠᠲᠠᠭᠰᠠᠨ ᠪᠠᠶ᠋ᠢᠨ᠎ᠠ᠃ (ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ)



ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
1 — 8 ᠳ᠋ᠤᠭ᠋ᠠᠷ ᠰᠠᠷ᠎ᠠ᠎ᠳᠤ ᠪᠥᠬᠦ ᠣᠷᠣᠨ᠎ᠤ ᠡᠨᠧᠷᠭᠢ ᠵᠢᠨ ᠬᠦᠷᠢᠶᠡᠨ᠎ᠳᠠᠬᠢ ᠴᠢᠬᠤᠯᠠ ᠶᠡᠭᠡ ᠲᠥᠷᠥᠯ ᠵᠦᠢ᠍ᠯ᠎ᠤᠨ ᠠᠬᠢᠴᠠ ᠤᠷᠤᠭᠰᠢᠲᠠᠶ ᠶᠠᠪᠤᠭᠳᠠᠵᠤ ᠪᠤᠢ
ᠣᠶ᠋ᠢᠷ᠎ᠠ᠎ᠳᠤ ᠮᠠᠨ᠎ᠤ ᠣᠷᠣᠨ᠎ᠤ ᠭᠤᠤᠯᠳᠠᠯᠭ᠎ᠠ᠎ᠲᠠᠢ ᠣᠯᠠᠨ ᠲᠥᠷᠥᠯ ᠵᠦᠢ᠍ᠯ ᠪᠠᠷᠢᠯᠭ᠎ᠠ ᠡᠬᠢᠯᠡᠵᠦ ᠪᠦᠲᠦᠭᠡᠨ ᠪᠠᠶ᠋ᠢᠭᠤᠯᠪᠠ
ᠡᠭᠦᠷᠭᠡ ᠵᠢᠨ ᠪᠢᠴᠢᠭ᠂ ᠴᠠᠭ᠎ᠤᠨ ᠬᠦᠰᠦᠨᠦᠭᠲᠦ᠂ ᠤᠷᠢᠳ ᠵᠶ᠋ᠠᠷ ᠬᠢᠬᠦ ᠳᠡᠰ ᠳᠠᠷᠠᠭ᠋ᠠᠯᠠᠯ᠎ᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠨ᠎ᠠ
ᠦᠶᠡᠷ᠎ᠤᠨ ᠬᠤᠭᠤᠴᠠᠭ᠋ᠠᠨ᠎ᠳᠠᠬᠢ ᠭᠠᠳᠠᠭᠰᠢ ᠵᠢᠭᠤᠯᠴᠢᠯᠠᠬᠤ ᠲᠠᠯ᠎ᠠ᠎ᠪᠠᠷ᠎ᠬᠢ ᠠᠮᠤᠷ ᠲᠦᠪᠰᠢᠨ᠎ᠤ ᠰᠠᠨᠠᠭᠤᠯᠤᠮᠵᠢ
ᠬᠤᠲᠠ᠎ᠳᠠᠬᠢ ᠠᠮᠢᠳᠤᠷᠠᠯ᠎ᠳᠤ ᠳᠥᠭᠦᠮᠯᠡᠬᠦ ᠮᠥᠴᠡ ᠵᠢᠨ ᠵᠠᠶ᠋ᠢᠲᠠᠢ ᠲᠣᠭᠤᠷᠢᠭ᠎ᠤᠨ ᠲᠤᠷᠰᠢᠯᠲᠠ ᠵᠢᠨ ᠴᠡᠭ᠎ᠤᠨ ᠰᠠᠨᠠᠭᠤᠯᠤᠮᠵᠢ
 
            