ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
9 ᠳ᠋ᠦ᠍ᠭᠡᠷ ᠰᠠᠷ᠎ᠠ ᠵᠢᠨ 24᠎ᠤ ᠡᠳᠦᠷ᠎ᠤᠨ ᠲᠣᠪᠴᠢ ᠮᠡᠳᠡᠭᠡ
ᠨᠡᠶᠢᠲᠡᠯᠡᠭᠰᠡᠨ ᠴᠠᠭ᠄ 2024-09-25



    ᠣᠶ᠋ᠢᠷ᠎ᠠ᠎ᠳᠤ᠂ ᠬᠥᠬᠡᠬᠤᠲᠠ ᠵᠢᠨ ᠠᠩᠬᠠᠨ᠎ᠤ ᠡᠭᠡᠯᠵᠢᠲᠦ ᠰᠦᠯᠵᠢᠶ᠎ᠡ᠎ᠪᠠᠷ ᠪᠣᠯᠵᠤᠬᠤ ᠨᠡᠶ᠋ᠢᠲᠡ ᠵᠢᠨ ᠮᠠᠰᠢᠨ ᠲᠡᠷᠭᠡ ᠨᠡᠪᠲᠡᠷᠡᠪᠡ᠂ ᠶᠡᠭᠡ ᠰᠤᠷᠭ᠋ᠠᠭᠤᠯᠢ ᠵᠢᠨ ᠬᠤᠲᠠ ᠲᠡᠭᠦᠷᠭᠡ ᠪᠠ ᠸᠠᠨ ᠳ᠋ᠠ ᠲᠠᠯᠠᠪᠠᠢ ᠵᠢᠨ ᠬᠤᠭᠤᠷᠣᠨᠳᠣ ᠨᠡᠶ᠋ᠢᠲᠡ 6 ᠥᠷᠲᠡᠭᠡ ᠴᠡᠭ ᠭᠠᠷᠭ᠋ᠠᠵᠤ᠂ ᠶᠡᠭᠡ ᠰᠤᠷᠭ᠋ᠠᠭᠤᠯᠢ ᠵᠢᠨ ᠬᠤᠲᠠ ᠲᠡᠭᠦᠷᠭᠡ ᠵᠢᠨ ᠰᠤᠷᠤᠭᠴᠢᠳ᠎ᠤᠨ ᠶᠠᠪᠤᠵᠤ ᠰᠠᠭᠤᠬᠤ᠎ᠳᠤ ᠬᠦᠴᠢᠷ ᠠᠰᠠᠭᠤᠳᠠᠯ᠎ᠢ ᠰᠢᠢ᠍ᠳᠪᠦᠷᠢᠯᠡᠭᠰᠡᠨ ᠪᠠᠶ᠋ᠢᠨ᠎ᠠ᠃ (ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ)

    ᠣᠶ᠋ᠢᠷ᠎ᠠ᠎ᠳᠤ᠂ ᠥᠪᠥᠷ ᠮᠣᠩᠭᠤᠯ᠎ᠤᠨ ᠴᠠᠭᠳᠠᠭ᠎ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠬᠤᠷᠢᠨᠭᠡᠷ ᠰᠢᠨ᠎ᠡ ᠲᠣᠭᠤᠷᠢᠭ᠎ᠲᠠᠬᠢ ᠰᠤᠷᠭ᠋ᠠᠭᠤᠯᠢ ᠵᠢᠨ ᠲᠣᠭᠤᠷᠢᠭ ᠵᠢᠩᠬᠢᠨᠢ᠎ᠪᠠᠷ ᠠᠰᠢᠭᠯᠠᠯᠲᠠ᠎ᠳᠤ ᠣᠷᠣᠵᠤ᠂ ᠲᠦᠷᠦᠭᠦᠤ ᠪᠦᠯᠦᠭ᠎ᠤᠨ 1041 ᠰᠣᠷᠣᠭᠴᠢ ᠠᠮᠵᠢᠯᠲᠠ᠎ᠲᠠᠢ᠎ᠪᠠᠷ ᠣᠷᠣᠵᠤ ᠰᠠᠭᠤᠪᠠ᠃ (ᠬᠥᠬᠡᠬᠤᠲᠠ ᠵᠢᠨ ᠵᠠᠰᠠᠭ᠎ᠤᠨ ᠣᠷᠳᠣᠨ)

   9 ᠳ᠋ᠦ᠍ᠭᠡᠷ ᠰᠠᠷ᠎ᠠ ᠵᠢᠨ 21᠎ᠤ ᠡᠳᠦᠷ᠂ ᠬᠢᠩᠭ᠋ᠠᠨ ᠠᠶ᠋ᠢᠮᠠᠭ᠎ᠤᠨ 2024 ᠣᠨ᠎ᠤ ᠨᠠᠮᠤᠷ᠎ᠤᠨ ᠤᠯᠠᠷᠢᠯ᠎ᠤᠨ 34 ᠭᠤᠣᠯᠳᠠᠯᠭ᠎ᠠ᠎ᠲᠠᠢ ᠲᠥᠷᠥᠯ ᠵᠦᠢ᠍ᠯ᠎ᠢ ᠲᠥᠪᠯᠡᠷᠡᠭᠦᠯᠦᠨ ᠪᠠᠷᠢᠯᠭ᠎ᠠ ᠵᠢᠨ ᠠᠵᠢᠯ ᠡᠬᠢᠯᠡᠭᠦᠯᠵᠦ᠂ ᠡᠨᠧᠷᠭᠢ᠂ ᠲᠠᠷᠢᠶᠠᠯᠠᠩ ᠮᠠᠯ ᠠᠵᠤ ᠠᠬᠤᠢ᠂ ᠬᠤᠲᠠ ᠵᠢᠨ ᠪᠦᠲᠦᠭᠡᠨ ᠪᠠᠶ᠋ᠢᠭᠤᠯᠤᠯᠲᠠ᠂ ᠠᠮᠢ ᠠᠬᠤᠢ ᠵᠡᠷᠭᠡ 4 ᠬᠦᠷᠢᠶ᠎ᠡ ᠵᠢ ᠪᠠᠭᠲᠠᠭ᠋ᠠᠵᠤ᠂ ᠨᠡᠶ᠋ᠢᠲᠡ 332 ᠳ᠋ᠦᠩᠰᠢᠭᠤᠷ ᠲᠥᠭᠦᠷᠢᠭ᠎ᠤᠨ ᠪᠡᠯᠡ ᠣᠷᠣᠭᠤᠯᠪᠠ᠃ (ᠬᠢᠩᠭ᠋ᠠᠨ ᠠᠶ᠋ᠢᠮᠠᠭ᠎ᠤᠨ ᠵᠠᠬᠢᠷᠭ᠎ᠠ)

   9 ᠳ᠋ᠦ᠍ᠭᠡᠷ ᠰᠠᠷ᠎ᠠ ᠵᠢᠨ 21᠎ᠤ ᠡᠳᠦᠷ ᠪᠣᠯᠲᠠᠯ᠎ᠠ᠂ ᠭᠠᠭᠴᠠᠮᠣᠳᠤ ᠪᠣᠭᠤᠮᠲᠠ ᠵᠢᠨ ᠡᠨᠡ ᠵᠢᠯ᠎ᠤᠨ ᠪᠣᠭᠤᠮᠲᠠ᠎ᠪᠠᠷ ᠥᠩᠭᠡᠷᠡᠭᠰᠡᠨ ᠪᠠᠷᠠᠭ᠋ᠠᠨ᠎ᠤ ᠬᠡᠮᠵᠢᠶ᠎ᠡ 3003.01 ᠲᠦᠮᠡᠨ ᠲᠣᠨ᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ᠎ᠪᠠᠨ 12.82% ᠵᠶ᠋ᠠᠷ ᠨᠡᠮᠡᠭᠳᠡᠨ᠂ ᠪᠣᠭᠤᠮᠲᠠ᠎ᠪᠠᠷ ᠪᠠᠷᠠᠭ᠎ᠠ ᠥᠩᠭᠡᠷᠡᠭᠰᠡᠨ᠎ᠠᠴᠠ ᠨᠠᠭ᠋ᠠᠰᠢᠬᠢ ᠠᠳᠠᠯᠢ ᠬᠤᠭᠤᠴᠠᠭ᠋ᠠᠨ᠎ᠤ ᠲᠡᠦᠬᠡ ᠵᠢᠨ ᠰᠢᠨ᠎ᠡ ᠲᠡᠮᠳᠡᠭᠯᠡᠯ᠎ᠢ ᠡᠭᠦᠳᠪᠡ᠃ (ᠪᠠᠶᠠᠨᠨᠠᠭᠤᠷ ᠬᠤᠲᠠ ᠵᠢᠨ ᠵᠠᠰᠠᠭ᠎ᠤᠨ ᠣᠷᠳᠣᠨ)

   9 ᠳ᠋ᠦ᠍ᠭᠡᠷ ᠰᠠᠷ᠎ᠠ ᠵᠢᠨ 21᠎ᠤ ᠡᠳᠦᠷ᠂ ᠨᠡᠶ᠋ᠢᠲᠡ 50 ᠳ᠋ᠦᠩᠰᠢᠭᠤᠷ ᠲᠥᠭᠦᠷᠢᠭ᠎ᠤᠨ ᠪᠡᠯᠡ ᠣᠷᠣᠭᠤᠯᠤᠭᠰᠠᠨ ᠵᠥᠩ ᠹᠦ᠋ ᠷᠦᠩ ᠰᠢ (ᠰᠢᠶᠠᠮᠧᠨ) ᠰᠢᠨ᠎ᠡ ᠡᠨᠧᠷᠭᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠦᠯᠦᠭᠯᠡᠯ᠎ᠤᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ ᠵᠢᠨ ᠪᠤᠭᠤᠲᠤ ᠵᠢᠨ ᠣᠶᠤᠨᠴᠢ ᠦᠢ᠍ᠯᠡᠳᠬᠦ ᠠᠵᠤ ᠦᠢ᠍ᠯᠡᠰ᠎ᠤᠨ ᠰᠠᠭᠤᠷᠢᠨ ᠭᠠᠵᠠᠷ᠎ᠤᠨ ᠲᠥᠷᠥᠯ ᠵᠦᠢ᠍ᠯ᠎ᠢ ᠳ᠋ᠦᠩ ᠾᠧ ᠲᠣᠭᠤᠷᠢᠭ᠎ᠲᠤ ᠰᠠᠭᠤᠷᠢᠰᠢᠭᠤᠯᠵᠤ᠂ ᠲᠥᠷᠥᠯ ᠵᠦᠢ᠍ᠯ᠎ᠢ ᠪᠠᠶ᠋ᠢᠭᠤᠯᠤᠭᠰᠠᠨ᠎ᠤ ᠳᠠᠷᠠᠭ᠎ᠠ᠂ ᠵᠢᠱ᠌ᠢᠯᠲᠡ᠎ᠪᠠᠷ 110 ᠳ᠋ᠦᠩᠰᠢᠭᠤᠷ ᠲᠥᠭᠦᠷᠢᠭ ᠪᠦᠬᠦᠢ ᠵᠢᠯ᠎ᠤᠨ ᠦᠢ᠍ᠯᠡᠳᠬᠦᠨ᠎ᠤ ᠥᠷᠲᠡᠭ᠎ᠢ ᠪᠡᠶᠡᠯᠡᠭᠦᠯᠬᠦ ᠪᠣᠯᠣᠨ᠎ᠠ᠃ (ᠳ᠋ᠦᠩ ᠾᠧ ᠲᠣᠭᠤᠷᠢᠭ᠎ᠤᠨ ᠵᠠᠰᠠᠭ᠎ᠤᠨ ᠣᠷᠳᠣᠨ)


ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
1 — 8 ᠳ᠋ᠤᠭ᠋ᠠᠷ ᠰᠠᠷ᠎ᠠ᠎ᠳᠤ ᠪᠥᠬᠦ ᠣᠷᠣᠨ᠎ᠤ ᠡᠨᠧᠷᠭᠢ ᠵᠢᠨ ᠭᠤᠣᠯ ᠦᠢ᠍ᠯᠡᠳᠬᠦᠨ᠎ᠤ ᠭᠠᠷᠤᠯᠲᠠ ᠪᠥᠬᠦ ᠤᠯᠤᠰ᠎ᠤᠨ ᠡᠮᠦᠨ᠎ᠡ ᠡᠩᠨᠡᠭᠡᠨ᠎ᠳᠤ ᠣᠷᠤᠪᠠ
9 ᠳ᠋ᠦ᠍ᠭᠡᠷ ᠰᠠᠷ᠎ᠠ ᠵᠢᠨ 21᠎ᠤ ᠡᠳᠦᠷ ᠨᠡᠶ᠋ᠢᠲᠡ 44.95 ᠳ᠋ᠦᠩᠰᠢᠭᠤᠷ ᠲᠥᠭᠦᠷᠢᠭ᠎ᠤᠨ ᠪᠡᠯᠡ ᠣᠷᠣᠭᠤᠯᠤᠭᠰᠠᠨ ᠥᠪᠥᠷ ᠮᠣᠩᠭᠤᠯ᠎ᠤᠨ ᠡᠨᠧᠷᠭᠢ ᠵᠢᠨ ᠬᠤᠷᠴᠢᠨ ᠪᠠᠷᠠᠭᠤᠨ ᠭᠠᠷᠤᠨ ᠳᠤᠮᠳᠠᠳᠦ ᠬᠤᠰᠢᠭᠤ ᠵᠢᠨ ᠰᠢᠨ᠎ᠡ ᠡᠨᠧᠷᠭᠢ ᠵᠢᠨ ᠵᠠᠭᠤᠨ ᠲᠦᠮᠡᠨ ᠺᠢᠯᠣᠸᠠᠲ᠎ᠤᠨ ᠰᠠᠭᠤᠷᠢᠨ ᠭᠠᠵᠠᠷ᠎ᠤᠨ ᠲᠥᠷᠥᠯ ᠵᠦᠢ᠍ᠯ᠎ᠤᠨ ᠢᠨᠵᠧᠨᠧᠷᠢᠩ᠎ᠤᠨ ᠪᠠᠷᠢᠯᠭ᠎ᠠ ᠵᠢᠨ ᠠᠵᠢᠯ ᠡᠬᠢᠯᠡᠪᠡ
9 ᠳ᠋ᠦ᠍ᠭᠡᠷ ᠰᠠᠷ᠎ᠠ ᠵᠢᠨ 25᠎ᠤ ᠡᠳᠦᠷ᠎ᠤᠨ ᠲᠣᠪᠴᠢ ᠮᠡᠳᠡᠭᠡ
ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠬᠢᠯᠢ ᠬᠢᠵᠠᠭ᠋ᠠᠷ᠎ᠢ ᠬᠠᠮᠠᠭ᠋ᠠᠯᠠᠬᠤ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ ᠡᠬᠡ ᠤᠯᠤᠰ᠎ᠤᠨ ᠤᠮᠠᠷᠠᠲᠤ ᠬᠢᠯᠢ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠠᠲᠤ ᠴᠣᠭᠴᠠᠯᠠᠪᠠ
1 — 8 ᠳ᠋ᠤᠭ᠋ᠠᠷ ᠰᠠᠷ᠎ᠠ᠎ᠳᠤ ᠪᠥᠬᠦ ᠣᠷᠣᠨ᠎ᠤ ᠡᠨᠧᠷᠭᠢ ᠵᠢᠨ ᠬᠦᠷᠢᠶᠡᠨ᠎ᠳᠠᠬᠢ ᠴᠢᠬᠤᠯᠠ ᠶᠡᠭᠡ ᠲᠥᠷᠥᠯ ᠵᠦᠢ᠍ᠯ᠎ᠤᠨ ᠠᠬᠢᠴᠠ ᠤᠷᠤᠭᠰᠢᠲᠠᠶ ᠶᠠᠪᠤᠭᠳᠠᠵᠤ ᠪᠤᠢ
 
            