ᠣᠶ᠋ᠢᠷ᠎ᠠ᠎ᠳᠤ ᠮᠠᠨ᠎ᠤ ᠣᠷᠣᠨ᠎ᠤ ᠭᠤᠤᠯᠳᠠᠯᠭ᠎ᠠ᠎ᠲᠠᠢ ᠣᠯᠠᠨ ᠲᠥᠷᠥᠯ ᠵᠦᠢ᠍ᠯ ᠪᠠᠷᠢᠯᠭ᠎ᠠ ᠡᠬᠢᠯᠡᠵᠦ ᠪᠦᠲᠦᠭᠡᠨ ᠪᠠᠶ᠋ᠢᠭᠤᠯᠪᠠ᠃ 9 ᠳ᠋ᠦ᠍ᠭᠡᠷ ᠰᠠᠷ᠎ᠠ ᠵᠢᠨ 25᠎ᠤ ᠡᠳᠦᠷ᠂ ᠥᠪᠥᠷ ᠮᠣᠩᠭᠤᠯ᠎ᠤᠨ ᠪᠠᠷᠠᠭᠤᠨ ᠬᠡᠰᠡᠭ᠎ᠤᠨ ᠣᠷᠣᠨ ᠪᠦᠰᠡ ᠵᠢᠨ ᠢᠯᠴᠢ ᠵᠢᠨ ᠴᠠᠬᠢᠯᠭ᠋ᠠᠨ᠎ᠤ ᠮᠠᠰᠢᠨ ᠴᠣᠭᠴᠠᠯᠠᠪᠤᠷᠢ ᠵᠢᠨ ᠠᠮᠢᠳᠤᠯᠢᠭ ᠴᠢᠨᠠᠷᠲᠠᠶ ᠥᠭᠡᠷᠡᠴᠢᠯᠡᠨ ᠵᠠᠰᠬᠠᠤ᠎ᠪᠠᠷ 1018MW ᠰᠢᠨ᠎ᠡ ᠡᠨᠧᠷᠭᠢ ᠵᠢ ᠰᠢᠩᠭᠡᠭᠡᠨ ᠣᠷᠣᠭᠤᠯᠣᠨ ᠠᠪᠬᠤ ᠲᠥᠷᠥᠯ ᠵᠦᠢ᠍ᠯ᠎ᠤᠨ ᠪᠠᠷᠢᠯᠭ᠎ᠠ ᠵᠢᠨ ᠠᠵᠢᠯ ᠡᠬᠢᠯᠡᠬᠦ ᠶᠣᠰᠣᠯᠠᠯ ᠤᠯᠠᠭ᠋ᠠᠨᠴᠠᠪ ᠬᠤᠲᠠ ᠵᠢᠨ ᠴᠠᠬᠠᠷ ᠪᠠᠷᠠᠭᠤᠨ ᠭᠠᠷᠤᠨ ᠬᠤᠶ᠋ᠢᠲᠤ ᠬᠤᠰᠢᠭᠤᠨ᠎ᠳᠤ ᠶᠠᠪᠤᠭᠳᠠᠪᠠ᠃ ᠲᠥᠷᠥᠯ ᠵᠦᠢ᠍ᠯ᠎ᠤᠨ ᠶᠡᠷᠦᠩᠬᠡᠶ ᠪᠠᠯᠠ ᠣᠷᠣᠭᠤᠯᠤᠯᠲᠠ ᠪᠠᠷᠤᠭ 42.2 ᠳ᠋ᠦᠩᠰᠢᠭᠤᠷ ᠲᠥᠭᠦᠷᠢᠭ᠎ᠲᠤ ᠬᠦᠷᠴᠦ᠂ ᠶᠡᠷᠦᠩᠬᠡᠶ ᠮᠠᠰᠢᠨ ᠴᠣᠭᠴᠠᠯᠠᠪᠤᠷᠢ ᠵᠢᠨ ᠪᠠᠭᠲᠠᠭ᠋ᠠᠮᠵᠢ᠎ᠨᠢ 1018MW ᠪᠠᠶ᠋ᠢᠵᠤ᠂ 220kV᠎ᠤᠨ ᠬᠦᠴᠦᠳᠡᠯ ᠨᠡᠮᠡᠭᠳᠡᠭᠦᠯᠬᠦ ᠥᠷᠲᠡᠭᠡ ᠵᠢ 2 ᠪᠠᠶ᠋ᠢᠭᠤᠯᠵᠤ᠂ ᠲᠤᠰ ᠥᠷᠲᠡᠭᠡᠨ᠎ᠤ ᠭᠠᠷᠭ᠋ᠠᠭᠰᠠᠨ ᠴᠠᠬᠢᠯᠭ᠋ᠠᠨ ᠬᠦᠴᠦ ᠵᠢ ᠰᠣᠳᠣᠨ 500kV ᠬᠦᠴᠦᠳᠡᠯ ᠥᠭᠡᠷᠡᠴᠢᠯᠡᠬᠦ ᠥᠷᠲᠡᠭᠡ᠎ᠪᠠᠷ ᠳᠠᠮᠵᠢᠭᠤᠯᠤᠨ ᠥᠪᠥᠷ ᠮᠣᠩᠭᠤᠯ᠎ᠤᠨ ᠪᠠᠷᠠᠭᠤᠨ ᠬᠡᠰᠡᠭ᠎ᠤᠨ ᠴᠠᠬᠢᠯᠭ᠋ᠠᠨ ᠲᠣᠣᠷ᠎ᠲᠤ ᠣᠷᠣᠭᠤᠯᠵᠤ ᠰᠢᠩᠭᠡᠭᠡᠨ ᠣᠷᠣᠭᠤᠯᠬᠤ ᠪᠣᠯᠣᠨ᠎ᠠ᠃ ᠪᠠᠶ᠋ᠢᠭᠤᠯᠤᠭ᠋ᠠᠳ ᠠᠰᠢᠭᠯᠠᠯᠲᠠ᠎ᠳᠤ ᠣᠷᠣᠭᠰᠠᠨ᠎ᠤ ᠳᠠᠷᠠᠭ᠎ᠠ᠂ ᠵᠢᠱ᠌ᠢᠯᠲᠡ᠎ᠪᠠᠷ ᠵᠢᠯ ᠪᠦᠷᠢ 29.36 ᠳ᠋ᠦᠩᠰᠢᠭᠤᠷ ᠭ᠋ᠷᠠᠳᠦ᠋ᠰ᠎ᠤᠨ ᠪᠣᠬᠢᠷᠲᠤᠯ ᠦᠭᠡᠢ ᠴᠠᠬᠢᠯᠭ᠋ᠠᠨ ᠡᠨᠧᠷᠭᠢ ᠵᠢ ᠭᠠᠷᠭ᠋ᠠᠬᠤ ᠪᠣᠯᠤᠨ᠎ᠠ᠃ 9 ᠳ᠋ᠦ᠍ᠭᠡᠷ ᠰᠠᠷ᠎ᠠ ᠵᠢᠨ 26᠎ᠤ ᠡᠳᠦᠷ᠂ ᠲᠦᠩᠯᠢᠶᠣᠤ ᠬᠤᠲᠠ ᠵᠢᠨ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠤᠭᠰᠠᠨ ᠢᠨᠵᠧᠨᠧᠷᠢᠩ᠎ᠤᠨ ᠨᠢᠭᠡᠳᠦᠭᠡᠷ ᠬᠤᠭᠤᠴᠠᠭ᠋ᠠᠨ᠎ᠤ ᠢᠵᠢ ᠪᠦᠷᠢᠳᠦᠭᠰᠡᠨ 110 ᠲᠦᠮᠡᠨ ᠺᠢᠯᠣᠸᠠᠲ᠎ᠤᠨ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ᠎ᠨᠢ ᠵᠠᠷᠤᠳ ᠬᠤᠰᠢᠭᠤ ᠪᠠ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ ᠬᠤᠶᠠᠷ ᠭᠠᠵᠠᠷ᠎ᠤᠨ ᠢᠵᠢᠯ ᠲᠠᠯᠠᠪᠤᠷ᠎ᠲᠤ ᠰᠠᠯᠬᠢ ᠬᠡᠷᠡᠯ᠎ᠤᠨ ᠲᠥᠷᠥᠯ ᠵᠦᠢ᠍ᠯ᠎ᠨᠢ ᠪᠠᠷᠢᠯᠭ᠎ᠠ ᠪᠠᠶ᠋ᠢᠭᠤᠯᠬᠤ ᠭᠠᠵᠠᠷ ᠵᠶ᠋ᠠᠨ ᠰᠣᠩᠭᠤᠨ ᠵᠡᠷᠭᠡ᠎ᠪᠠᠷ ᠠᠵᠢᠯ ᠡᠬᠢᠯᠡᠭᠦᠯᠦᠨ ᠪᠥᠲᠥᠭᠡᠨ ᠪᠠᠶ᠋ᠢᠭᠤᠯᠪᠠ᠃ ᠲᠥᠷᠥᠯ ᠵᠦᠢ᠍ᠯ ᠪᠠᠶ᠋ᠢᠭᠤᠯᠤᠭᠳᠠᠭᠰᠠᠨ᠎ᠤ ᠳᠠᠷᠠᠭ᠎ᠠ᠂ ᠵᠢᠯ᠎ᠳᠤ ᠢᠯᠡᠭᠦᠦ 20 ᠳ᠋ᠦᠩᠰᠢᠭᠤᠷ ᠺᠢᠯᠣᠸᠠᠲ ᠴᠠᠭ᠎ᠤᠨ ᠪᠣᠬᠢᠷᠳᠤᠯ ᠦᠭᠡᠢ ᠴᠠᠬᠢᠯᠭ᠋ᠠᠨ᠎ᠢ ᠭᠠᠷᠭ᠋ᠠᠵᠤ᠂ ᠦᠢ᠍ᠯᠡᠳᠬᠦᠨ᠎ᠤ ᠥᠷᠲᠡᠭ᠎ᠢ 6 ᠳ᠋ᠦᠩᠰᠢᠭᠤᠷ ᠲᠥᠭᠦᠷᠢᠭ ᠪᠡᠶᠡᠯᠡᠭᠦᠯᠬᠦ ᠪᠣᠯᠣᠨ᠎ᠠ᠃ ᠪᠠᠶᠠᠨᠨᠠᠭᠤᠷ ᠬᠤᠲᠠ ᠵᠢᠨ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠤᠭᠰᠠᠨ ᠢᠨᠵᠧᠨᠧᠷᠢᠩ᠎ᠤᠨ ᠤᠷᠠᠳ᠎ᠤᠨ ᠳᠤᠮᠳᠠᠳᠤ ᠬᠤᠰᠢᠭᠤᠨ᠎ᠤ 56 ᠲᠦᠮᠡᠨ ᠺᠢᠯᠣᠸᠠᠲ᠎ᠤᠨ ᠰᠠᠯᠬᠢᠨ ᠬᠦᠴᠦᠨ᠎ᠤ ᠴᠠᠬᠢᠯᠭ᠋ᠠᠨ᠎ᠤ ᠲᠥᠷᠥᠯ ᠵᠦᠢ᠍ᠯ ᠣᠶ᠋ᠢᠷ᠎ᠠ᠎ᠳᠤ ᠠᠵᠢᠯ ᠡᠬᠢᠯᠡᠬᠦ ᠶᠣᠰᠣᠯᠠᠯ ᠶᠠᠪᠤᠭᠳᠠᠭᠤᠯᠵᠤ᠂ ᠲᠥᠷᠥᠯ ᠵᠦᠢ᠍ᠯ᠎ᠤᠨ ᠶᠡᠷᠦᠩᠬᠡᠢ ᠪᠡᠯᠡ ᠣᠷᠣᠭᠤᠯᠤᠯᠲᠠ 23.7 ᠳ᠋ᠦᠩᠰᠢᠭᠤᠷ ᠲᠥᠭᠦᠷᠢᠭ᠎ᠲᠤ ᠬᠦᠷᠴᠦ᠂ 56 ᠲᠦᠮᠡᠨ ᠺᠢᠯᠣᠸᠠᠲ᠎ᠤᠨ ᠰᠠᠯᠬᠢᠨ ᠬᠦᠴᠦᠨ᠎ᠤ ᠴᠠᠬᠢᠯᠭ᠋ᠠᠨ᠎ᠤ ᠮᠠᠰᠢᠨ ᠴᠣᠭᠴᠠᠯᠠᠪᠤᠷᠢ᠂ 220kV ᠬᠦᠴᠦᠳᠡᠯ ᠨᠡᠮᠡᠭᠳᠡᠭᠦᠯᠬᠦ ᠦᠷᠳᠡᠭᠡ ᠵᠢᠴᠢ ᠠᠵᠢᠯᠯᠠᠭ᠋ᠠᠨ᠎ᠤ ᠬᠠᠮᠢᠶᠠᠷᠤᠯᠲᠠ ᠵᠢᠨ ᠲᠥᠪ ᠵᠡᠷᠭᠡ ᠢᠵᠢ ᠪᠦᠷᠢᠳᠦᠭᠰᠡᠨ ᠪᠡᠯᠡᠳᠭᠡᠮᠵᠢ ᠵᠢ ᠰᠢᠨ᠎ᠡ᠎ᠪᠠᠷ ᠪᠠᠶ᠋ᠢᠭᠤᠯᠵᠤ᠂ ᠡᠨᠧᠷᠭᠢ ᠬᠠᠳᠠᠭ᠋ᠠᠯᠠᠬᠤ ᠬᠡᠪᠴᠢᠶᠡᠵᠢᠯ᠎ᠨᠢ 84MW / 168MWh᠎ᠢ ᠲᠣᠬᠢᠷᠠᠭᠤᠯᠤᠨ ᠪᠠᠶ᠋ᠢᠭᠤᠯᠵᠤ᠂ 2025 ᠣᠨ᠎ᠤ 9 ᠳ᠋ᠦ᠍ᠭᠡᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠪᠥᠬᠦ ᠪᠠᠭᠲᠠᠭ᠋ᠠᠮᠵᠢ᠎ᠪᠠᠷ᠎ᠨᠢ ᠲᠣᠣᠷ᠎ᠲᠤ ᠨᠡᠶ᠋ᠢᠯᠡᠭᠦᠯᠬᠦ᠎ᠪᠠᠷ ᠲᠥᠯᠥᠪᠯᠡᠵᠦ ᠪᠠᠶ᠋ᠢᠨ᠎ᠠ᠃ ᠲᠥᠷᠥᠯ ᠵᠦᠢ᠍ᠯ ᠪᠠᠶ᠋ᠢᠭᠤᠯᠤᠭᠳᠠᠭᠰᠠᠨ᠎ᠤ ᠳᠠᠷᠠᠭ᠎ᠠ᠂ ᠵᠢᠱ᠌ᠢᠯᠲᠡ᠎ᠪᠠᠷ ᠵᠢᠯ᠎ᠤᠨ ᠴᠠᠬᠢᠯᠭ᠋ᠠᠨ ᠭᠠᠷᠭ᠋ᠠᠬᠤ ᠬᠡᠮᠵᠢᠶ᠎ᠡ 12.9 ᠳ᠋ᠦᠩᠰᠢᠭᠤᠷ ᠺᠢᠯᠣᠸᠠᠲ ᠴᠠᠭ᠎ᠲᠤ ᠬᠦᠷᠬᠦ ᠪᠣᠯᠤᠨ᠎ᠠ᠃ 9 ᠳ᠋ᠦ᠍ᠭᠡᠷ ᠰᠠᠷ᠎ᠠ ᠵᠢᠨ 25᠎ᠤ ᠡᠳᠦᠷ᠂ ᠶᠤᠸᠠᠨ ᠵᠢᠩ ᠮᠧᠩ ᠰᠢᠨ ᠪᠦᠯᠦᠭᠯᠡᠯ᠎ᠤᠨ ᠠᠯᠠᠱ᠌ᠠ ᠠᠶ᠋ᠢᠮᠠᠭ᠎ᠤᠨ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠤᠭᠰᠠᠨ ᠲᠥᠷᠥᠯ ᠵᠦᠢ᠍ᠯ ᠵᠢᠩᠬᠢᠨᠢ᠎ᠪᠠᠷ ᠠᠵᠢᠯ ᠡᠬᠢᠯᠡᠵᠦ᠂ ᠲᠥᠷᠥᠯ ᠵᠦᠢ᠍ᠯ᠎ᠨᠢ 15.6 ᠳ᠋ᠦᠩᠰᠢᠭᠤᠷ ᠲᠥᠭᠦᠷᠢᠭ᠎ᠤᠨ ᠪᠡᠯᠡ ᠣᠷᠣᠭᠤᠯᠬᠤ᠎ᠪᠠᠷ ᠲᠥᠯᠥᠪᠯᠡᠵᠦ᠂ ᠶᠡᠷᠦᠩᠬᠡᠢ ᠪᠠᠭᠲᠠᠭ᠋ᠠᠮᠵᠢ᠎ᠨᠢ 59.5 ᠲᠦᠮᠡᠨ ᠺᠢᠯᠣᠸᠠᠲ᠎ᠲᠤ ᠬᠦᠷᠴᠦ᠂ 15% ᠵᠢᠨ ᠪᠠ 2h᠎ᠤᠨ ᠴᠠᠬᠢᠯᠭ᠋ᠠᠨ ᠬᠢᠮᠢ ᠵᠢᠨ ᠡᠨᠧᠷᠭᠢ ᠨᠥᠭᠡᠴᠡᠯᠡᠯᠲᠡ ᠵᠢ ᠢᠵᠢ ᠪᠦᠷᠢᠳᠦᠭᠦᠯᠦᠨ ᠪᠦᠲᠦᠭᠡᠨ ᠪᠠᠶ᠋ᠢᠭᠤᠯᠵᠤ᠂ 2025 ᠣᠨ᠎ᠤ 9 ᠳ᠋ᠦ᠍ᠭᠡᠷ ᠰᠠᠷ᠎ᠠ᠎ᠳᠤ ᠪᠠᠶ᠋ᠢᠭᠤᠯᠵᠤ ᠳᠠᠭᠤᠰᠬᠠᠭ᠋ᠠᠳ ᠲᠣᠣᠷ᠎ᠲᠤ ᠨᠡᠶ᠋ᠢᠯᠡᠭᠦᠯᠬᠦ᠎ᠪᠠᠷ ᠲᠥᠯᠥᠪᠯᠡᠵᠦ ᠪᠠᠶ᠋ᠢᠨ᠎ᠠ᠃ (《ᠡᠳᠦᠷ ᠪᠦᠷᠢ ᠵᠢᠨ ᠴᠢᠬᠤᠯᠠ ᠮᠡᠳᠡᠭᠡ》 ᠰᠡᠳᠭᠦᠯ)