1 — 8 ᠳ᠋ᠤᠭ᠋ᠠᠷ ᠰᠠᠷ᠎ᠠ᠎ᠳᠤ ᠪᠥᠬᠦ ᠣᠷᠣᠨ᠎ᠤ ᠡᠨᠧᠷᠭᠢ ᠵᠢᠨ ᠬᠦᠷᠢᠶᠡᠨ᠎ᠳᠠᠬᠢ ᠴᠢᠬᠤᠯᠠ ᠶᠡᠭᠡ ᠲᠥᠷᠥᠯ ᠵᠦᠢ᠍ᠯ᠎ᠤᠨ ᠠᠬᠢᠴᠠ ᠤᠷᠤᠭᠰᠢᠲᠠᠶ ᠶᠠᠪᠤᠭᠳᠠᠵᠤ ᠪᠠᠶ᠋ᠢᠨ᠎ᠠ᠃ ᠡᠨᠡ ᠵᠢᠯ ᠪᠥᠬᠦ ᠣᠷᠣᠨ᠎ᠤ ᠡᠨᠧᠷᠭᠢ ᠵᠢᠨ ᠬᠦᠷᠢᠶᠡᠨ᠎ᠳᠠᠬᠢ ᠴᠢᠬᠤᠯᠠ ᠶᠡᠭᠡ ᠲᠥᠷᠥᠯ ᠵᠦᠢ᠍ᠯ᠎ᠤᠨ ᠣᠨ᠎ᠤ ᠲᠥᠯᠥᠪᠯᠡᠭᠡ᠎ᠳᠤ 3360 ᠳ᠋ᠦᠩᠰᠢᠭᠤᠷ ᠲᠥᠭᠦᠷᠢᠭ᠎ᠤᠨ ᠪᠠᠯᠠ ᠣᠷᠣᠭᠤᠯᠬᠤ᠎ᠪᠠᠷ ᠲᠥᠯᠥᠪᠯᠡᠵᠦ᠂ 1 — 8 ᠳ᠋ᠤᠭ᠋ᠠᠷ ᠰᠠᠷ᠎ᠠ᠎ᠳᠤ ᠨᠡᠶ᠋ᠢᠲᠡ 2374.5 ᠳ᠋ᠦᠩᠰᠢᠭᠤᠷ ᠲᠥᠭᠦᠷᠢᠭ᠎ᠤᠨ ᠪᠠᠯᠠ ᠣᠷᠣᠭᠤᠯᠤᠯᠲᠠ ᠵᠢ ᠪᠡᠶᠡᠯᠡᠭᠦᠯᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 20%᠎ᠪᠠᠷ ᠨᠡᠮᠡᠭᠳᠡᠵᠦ᠂ ᠪᠥᠬᠦ ᠵᠢᠯ᠎ᠳᠠᠬᠢ ᠪᠠᠯᠠ ᠣᠷᠣᠭᠤᠯᠤᠯᠲᠠ ᠵᠢᠨ ᠲᠥᠯᠥᠪᠯᠡᠭᠡ ᠵᠢᠨ ᠵᠶ᠋ᠠᠨ 71% ᠵᠢ ᠡᠵᠡᠯᠡᠪᠡ᠃ ᠡᠭᠦᠨ᠎ᠳᠤ᠂ ᠡᠨᠧᠷᠭᠢ ᠵᠢᠨ ᠴᠢᠬᠤᠯᠠ ᠶᠡᠭᠡ ᠲᠥᠷᠥᠯ ᠵᠦᠢ᠍ᠯ᠎ᠤᠨ ᠪᠡᠯᠡ ᠣᠷᠣᠭᠤᠯᠤᠯᠲᠠ ᠵᠢ 1500 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠲᠥᠬᠦᠭᠡᠷᠦᠮᠵᠢ ᠬᠤᠳᠠᠯᠳᠤᠨ ᠠᠪᠬᠤ ᠦᠨ᠎ᠡ ᠬᠠᠩᠰᠢ ᠶᠡᠭᠡ᠎ᠪᠠᠷ ᠪᠠᠭᠤᠷᠠᠭᠰᠠᠨ ᠪᠠ ᠨᠢᠳᠤᠨᠤᠨ᠎ᠤ ᠪᠡᠯᠡ ᠣᠷᠣᠭᠤᠯᠤᠯᠲᠠ ᠵᠢᠨ ᠰᠠᠭᠤᠷᠢ ᠲᠤᠭ᠎ᠠ᠎ᠨᠢ ᠦᠨᠳᠦᠷ᠂ ᠦᠰᠦᠯᠲᠡ᠎ᠨᠢ ᠥᠨᠳᠥᠷ (ᠦᠰᠦᠯᠲᠡ ᠵᠢᠨ ᠨᠤᠷᠮ᠎ᠠ 70%) ᠪᠠᠶ᠋ᠢᠭᠰᠠᠨ ᠰᠠᠭᠤᠷᠢᠨ ᠳᠡᠭᠡᠷ᠎ᠡ᠂ ᠮᠥᠨ ᠬᠦ᠌ 8%᠎ᠪᠠᠷ ᠨᠡᠮᠡᠭᠳᠡᠭᠦᠯᠵᠦ᠂ ᠰᠢᠨ᠎ᠡ ᠡᠨᠧᠷᠭᠢ ᠵᠢᠨ ᠲᠣᠨᠤᠭ ᠲᠥᠬᠦᠭᠡᠷᠦᠮᠵᠢ ᠵᠢ ᠦᠢ᠍ᠯᠡᠳᠬᠦ ᠲᠥᠷᠥᠯ ᠵᠦᠢ᠍ᠯ᠎ᠳᠤ 874.5 ᠳ᠋ᠦᠩᠰᠢᠭᠤᠷ ᠲᠥᠭᠦᠷᠢᠭ᠎ᠤᠨ ᠪᠡᠯᠡ ᠣᠷᠣᠭᠤᠯᠤᠯᠲᠠ ᠵᠢ ᠪᠡᠶᠡᠯᠡᠭᠦᠯᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 68%᠎ᠪᠠᠷ ᠨᠡᠮᠡᠭᠳᠡᠪᠡ᠃ ᠰᠢᠨ᠎ᠡ ᠡᠨᠧᠷᠭᠢ ᠵᠢᠴᠢ ᠲᠣᠨᠤᠭ ᠲᠥᠬᠦᠭᠡᠷᠦᠮᠵᠢ ᠦᠢ᠍ᠯᠡᠳᠬᠦ ᠲᠥᠷᠥᠯ ᠵᠦᠢ᠍ᠯ᠎ᠳᠤ ᠨᠡᠶ᠋ᠢᠲᠡ 1961.5 ᠳ᠋ᠦᠩᠰᠢᠭᠤᠷ ᠲᠥᠭᠦᠷᠢᠭ᠎ᠤᠨ ᠪᠡᠯᠡ ᠣᠷᠣᠭᠤᠯᠤᠯᠲᠠ ᠵᠢ ᠪᠡᠶᠡᠯᠡᠭᠦᠯᠵᠦ᠂ 23%᠎ᠪᠠᠷ ᠨᠡᠮᠡᠭᠳᠡᠨ᠂ ᠪᠥᠬᠦ ᠪᠡᠶᠡᠯᠡᠭᠦᠯᠦᠭᠰᠡᠨ ᠪᠡᠯᠡ ᠣᠷᠣᠭᠤᠯᠤᠯᠲᠠ ᠵᠢᠨ 83% ᠵᠢ ᠡᠵᠡᠯᠡᠪᠡ᠃ 1 — 8 ᠳ᠋ᠤᠭ᠋ᠠᠷ ᠰᠠᠷ᠎ᠠ᠎ᠳᠤ ᠨᠢᠭᠡᠨᠲᠡ ᠠᠰᠢᠭᠯᠠᠯᠲᠠ᠎ᠳᠤ ᠣᠷᠣᠭᠰᠠᠨ (ᠲᠣᠣᠷ᠎ᠲᠤ ᠨᠡᠶ᠋ᠢᠯᠡᠭᠦᠯᠦᠭᠰᠡᠨ) ᠡᠨᠧᠷᠭᠢ ᠵᠢᠨ ᠴᠢᠬᠤᠯᠠ ᠶᠡᠭᠡ ᠲᠥᠷᠥᠯ ᠵᠦᠢ᠍ᠯ 35 ᠪᠠᠶ᠋ᠢᠵᠤ᠂ ᠪᠥᠬᠦ ᠣᠷᠣᠨ᠎ᠤ ᠰᠢᠨ᠎ᠡ ᠡᠨᠧᠷᠭᠢ ᠵᠢᠨ ᠲᠣᠣᠷ᠎ᠲᠤ ᠨᠡᠶ᠋ᠢᠯᠡᠭᠦᠯᠦᠭᠰᠡᠨ ᠮᠠᠰᠢᠨ ᠴᠣᠭᠴᠠᠯᠠᠪᠤᠷᠢ ᠵᠢᠨ ᠪᠠᠭᠲᠠᠭ᠋ᠠᠮᠵᠢ 1310 ᠲᠦᠮᠡᠨ ᠺᠢᠯᠣᠸᠠᠲ᠎ᠲᠤ ᠬᠦᠷᠴᠦ᠂ ᠰᠢᠨ᠎ᠡ ᠡᠨᠧᠷᠭᠢ ᠵᠢᠨ ᠲᠣᠣᠷ᠎ᠲᠤ ᠨᠡᠶ᠋ᠢᠯᠡᠭᠦᠯᠦᠭᠰᠡᠨ ᠮᠠᠰᠢᠨ ᠴᠣᠭᠴᠠᠯᠠᠪᠤᠷᠢ ᠵᠢᠨ ᠪᠠᠭᠲᠠᠭ᠋ᠠᠮᠵᠢ 10633 ᠲᠦᠮᠡᠨ ᠺᠢᠯᠣᠸᠠᠲ᠎ᠲᠤ ᠬᠦᠷᠪᠡ᠃ (ᠡᠨᠧᠷᠭᠢ ᠵᠢᠨ ᠲᠣᠪᠴᠢᠶ᠎ᠠ)