10 ᠳ᠋ᠤᠭ᠋ᠠᠷ ᠰᠠᠷ᠎ᠠ ᠵᠢᠨ 3᠎ᠤ ᠡᠳᠦᠷ᠂ ᠬᠥᠯᠥᠨ ᠪᠤᠶ᠋ᠢᠷ ᠬᠤᠲᠠ ᠵᠢᠨ ᠬᠢᠵᠠᠭ᠋ᠠᠷ ᠳᠤᠲᠤᠷᠠᠬᠢ ᠤᠯᠤᠰ᠎ᠤᠨ ᠵᠠᠮ᠎ᠤᠨ 331 ᠳ᠋ᠦ᠍ᠭᠡᠷ ᠱᠤᠭᠤᠮ᠎ᠤᠨ ᠯᠦᠸᠧ ᠭᠦ᠋ ᠡᠾᠧ ᠭᠤᠣᠯ᠎ᠠᠴᠠ ᠡᠩᠬᠡᠬᠠᠳᠠ ᠬᠦᠷᠬᠦ ᠬᠡᠰᠡᠭ᠎ᠤᠨ ᠵᠠᠰᠠᠮᠠᠯ ᠵᠠᠮ ᠪᠥᠬᠦ ᠱᠤᠭᠤᠮ ᠵᠶ᠋ᠠᠷ ᠨᠡᠪᠲᠡᠷᠡᠪᠡ᠂ ᠡᠨᠡ᠎ᠨᠢ ᠬᠥᠯᠥᠨ ᠪᠤᠶ᠋ᠢᠷ ᠬᠤᠲᠠ ᠵᠢᠨ ᠬᠢᠯᠢ ᠬᠢᠵᠠᠭ᠋ᠠᠷ ᠳᠤᠳᠤᠷᠠᠬᠢ ᠤᠯᠤᠰ᠎ᠤᠨ ᠵᠠᠮ᠎ᠤᠨ 331 ᠳ᠋ᠦ᠍ᠭᠡᠷ ᠱᠤᠭᠤᠮ᠎ᠤᠨ ᠭᠤᠷᠪᠠᠳᠤᠭ᠋ᠠᠷ ᠳᠡᠰ ᠵᠢᠴᠢ ᠲᠡᠭᠦᠨ᠎ᠠᠴᠠ ᠳᠡᠭᠡᠭᠰᠢᠬᠢ ᠵᠠᠰᠠᠮᠠᠯ ᠵᠠᠮ ᠪᠥᠬᠦ ᠱᠤᠭᠤᠮ ᠵᠶ᠋ᠠᠷ ᠨᠡᠪᠲᠡᠷᠡᠭᠰᠡᠨ᠎ᠢ ᠬᠠᠷᠠᠭᠤᠯᠵᠤ ᠪᠠᠶ᠋ᠢᠨ᠎ᠠ᠃ (ᠬᠦᠯᠦᠨ ᠪᠤᠶ᠋ᠢᠷ ᠬᠤᠲᠠ ᠵᠢᠨ ᠵᠠᠰᠠᠭ᠎ᠤᠨ ᠣᠷᠳᠤᠨ)
ᠣᠶ᠋ᠢᠷ᠎ᠠ᠎ᠳᠤ᠂ 《ᠠᠯᠠᠱ᠌ᠠ ᠵᠡᠭᠦᠨ ᠬᠤᠰᠢᠭᠤᠨ᠎ᠤ ᠨᠢᠰᠬᠡᠯ᠎ᠤᠨ ᠪᠠᠭᠤᠳᠠᠯ᠎ᠤᠨ ᠶᠡᠷᠦᠩᠬᠡᠢ ᠲᠥᠯᠦᠪᠵᠢᠭᠦᠯᠭᠡ (2024 ᠣᠨ᠎ᠤ ᠬᠡᠪᠯᠡᠯ)》᠎ᠨᠢ ᠳᠤᠮᠳᠠᠳᠤ ᠤᠯᠤᠰ᠎ᠤᠨ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠬᠤᠸᠠᠪᠸᠢ ᠣᠷᠣᠨ᠎ᠤ ᠬᠠᠮᠢᠶᠠᠷᠤᠯᠲᠠ ᠵᠢᠨ ᠲᠣᠪᠴᠢᠶ᠎ᠠ ᠵᠢᠨ ᠴᠣᠬᠤᠯᠠᠪᠤᠷᠢ ᠵᠢ ᠵᠢᠩᠬᠢᠨᠢ᠎ᠪᠠᠷ ᠣᠯᠪᠠ᠃ (ᠠᠯᠠᠱ᠌ᠠ ᠠᠶ᠋ᠢᠮᠠᠭ᠎ᠤᠨ ᠵᠠᠬᠢᠷᠭ᠎ᠠ)
10 ᠳ᠋ᠤᠭ᠋ᠠᠷ ᠰᠠᠷ᠎ᠠ ᠵᠢᠨ 4᠎ᠤ ᠡᠳᠦᠷ᠂ ᠵᠢᠨᠢᠩ᠎ᠠᠴᠠ ᠳ᠋ᠠᠲ᠋ᠦ᠋ᠩ ᠶᠤᠸᠠᠨᠫᠢᠩ ᠬᠦᠷᠬᠦ ᠳᠡᠭᠡᠳᠦ ᠬᠤᠷᠳᠤ ᠵᠢᠨ ᠲᠡᠮᠦᠷ ᠵᠠᠮ᠎ᠤᠨ ᠬᠤᠯᠪᠤᠭ᠋ᠠᠯᠠᠨ ᠲᠣᠬᠢᠷᠠᠭᠤᠯᠵᠤ ᠬᠤᠯᠪᠤᠭ᠋ᠠᠯᠠᠨ ᠲᠤᠷᠰᠢᠬᠤ ᠠᠵᠢᠯ᠎ᠢ ᠪᠥᠬᠦ ᠲᠠᠯ᠎ᠠ᠎ᠪᠠᠷ ᠡᠬᠢᠯᠡᠭᠦᠯᠵᠦ᠂ ᠢᠨᠵᠧᠨᠧᠷᠢᠩ᠎ᠢ ᠰᠢᠯᠭ᠋ᠠᠨ ᠠᠪᠬᠤ ᠵᠠᠩᠭᠢᠯᠠᠭ᠎ᠠ ᠵᠢᠨ ᠱᠠᠲᠤᠨ᠎ᠳᠤ ᠣᠷᠣᠪᠠ᠃ ᠵᠢᠨᠢᠩ᠎ᠠᠴᠠ ᠳ᠋ᠠᠲ᠋ᠦ᠋ᠩ ᠶᠤᠸᠠᠨᠫᠢᠩ ᠬᠦᠷᠬᠦ ᠳᠡᠭᠡᠳᠦ ᠬᠤᠷᠳᠤ ᠵᠢᠨ ᠲᠡᠮᠦᠷ ᠵᠠᠮ᠎ᠢ ᠨᠡᠪᠲᠡᠷᠡᠭᠦᠯᠦᠭᠰᠡᠨ᠎ᠤ ᠳᠠᠷᠠᠭ᠎ᠠ᠂ ᠴᠢᠭᠤᠯᠤᠯᠲᠤ ᠬᠠᠭ᠋ᠠᠯᠭ᠎ᠠ᠎ᠠᠴᠠ ᠬᠦᠬᠡᠬᠤᠲᠠ ᠬᠦᠷᠬᠦ᠂ ᠳ᠋ᠠᠲ᠋ᠦ᠋ᠩ᠎ᠠᠴᠠ ᠰᠢ ᠠᠨ ᠬᠦᠷᠬᠦ᠂ ᠵᠧᠩᠵᠸᠤ᠎ᠠᠴᠠ ᠲᠠᠶ᠋ᠢᠶᠤᠸᠠᠨ ᠬᠦᠷᠬᠦ ᠵᠡᠷᠭᠡ ᠳᠡᠭᠡᠳᠦ ᠬᠤᠷᠳᠤ ᠵᠢᠨ ᠲᠡᠮᠦᠷ ᠵᠠᠮ᠎ᠲᠠᠢ ᠬᠤᠯᠪᠣᠨ ᠨᠠᠪᠲᠠᠷᠡᠭᠦᠯᠵᠦ᠂ ᠥᠪᠥᠷ ᠮᠣᠩᠭᠤᠯ᠎ᠤᠨ ᠳᠤᠮᠳᠠ ᠪᠠᠷᠠᠭᠤᠨ ᠬᠡᠰᠡᠭ᠎ᠤᠨ ᠭᠠᠵᠠᠷ ᠣᠷᠣᠨ᠎ᠢ ᠪᠦᠬᠦ ᠤᠯᠤᠰ᠎ᠤᠨ ᠳᠡᠭᠡᠳᠦ ᠬᠤᠷᠳᠤ ᠵᠢᠨ ᠲᠡᠮᠦᠷ ᠵᠠᠮ᠎ᠤᠨ ᠲᠣᠣᠷ᠎ᠲᠤ ᠵᠠᠯᠭ᠋ᠠᠨ ᠤᠷᠤᠭᠤᠯᠬᠤ ᠪᠤᠯᠤᠨ᠎ᠠ᠃ (ᠹᠧᠩᠵᠧᠨ ᠬᠤᠲᠠ ᠵᠢᠨ ᠵᠠᠰᠠᠭ᠎ᠤᠨ ᠣᠷᠳᠤᠨ)
ᠤᠯᠤᠰ᠎ᠤᠨ ᠪᠠᠶᠠᠷ᠎ᠤᠨ ᠬᠤᠭᠤᠴᠠᠭ᠋ᠠᠨ᠎ᠳᠤ᠂ ᠬᠥᠬᠡᠬᠤᠲᠠ ᠲᠡᠮᠦᠷ ᠵᠠᠮ᠎ᠤᠨ ᠲᠣᠪᠴᠢᠶ᠎ᠠ ᠨᠡᠶ᠋ᠢᠲᠡ 157.2 ᠲᠦᠮᠡᠨ ᠬᠥᠮᠥᠨ ᠤᠳᠠᠭ᠎ᠠ ᠠᠶᠠᠨᠴᠢᠳ᠎ᠢ ᠵᠦᠭᠡᠭᠡᠪᠦᠷᠢᠯᠡᠨ ᠬᠦᠷᠭᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 10 ᠲᠦᠮᠡᠨ ᠬᠥᠮᠥᠨ ᠨᠡᠮᠡᠭᠳᠡᠨ᠂ 6.8%᠎ᠪᠠᠷ ᠨᠡᠮᠡᠭᠳᠡᠵᠡᠢ᠂ ᠡᠭᠦᠨ᠎ᠳᠤ 10 ᠳ᠋ᠤᠭ᠋ᠠᠷ ᠰᠠᠷ᠎ᠠ ᠵᠢᠨ 1᠎ᠤ ᠡᠳᠦᠷ 23.8 ᠲᠦᠮᠡᠨ ᠠᠶᠠᠨᠴᠢᠳ᠎ᠢ ᠵᠦᠭᠡᠭᠡᠪᠦᠷᠢᠯᠡᠵᠦ᠂ ᠤᠯᠤᠰ᠎ᠤᠨ ᠪᠠᠶᠠᠷ᠎ᠤᠨ ᠠᠮᠠᠷᠠᠯᠲᠠ ᠵᠢᠨ ᠬᠤᠭᠤᠴᠠᠭ᠋ᠠᠨ᠎ᠤ ᠠᠯᠲᠠᠨ ᠭᠠᠷᠠᠭ᠎ᠤᠨ ᠲᠡᠭᠡᠭᠡᠪᠦᠷᠢ ᠵᠢᠨ ᠭᠠᠭᠴᠠ ᠡᠳᠦᠷ᠎ᠲᠠᠬᠢ ᠵᠦᠭᠡᠭᠡᠪᠦᠷᠢᠯᠡᠭᠰᠡᠨ ᠬᠥᠮᠥᠨ᠎ᠤ ᠲᠤᠭ᠎ᠠ᠎ᠨᠢ ᠲᠡᠦᠬᠡ ᠵᠢᠨ ᠰᠢᠨ᠎ᠡ ᠲᠡᠮᠳᠡᠭᠯᠡᠯ᠎ᠢ ᠡᠭᠦᠳᠪᠡ᠃ (ᠬᠥᠬᠡᠬᠤᠲᠠ ᠲᠡᠮᠦᠷ ᠵᠠᠮ᠎ᠤᠨ ᠲᠣᠪᠴᠢᠶ᠎ᠠ)