ᠪᠥᠬᠦ ᠣᠷᠣᠨ᠎ᠤ ᠪᠥᠬᠦ ᠨᠡᠶ᠋ᠢᠭᠡᠮ᠎ᠤᠨ ᠰᠤᠳᠤᠯᠭ᠋ᠠᠨ ᠬᠢᠭᠡᠳ ᠲᠤᠷᠰᠢᠯᠲᠠ ᠵᠢᠨ ᠬᠥᠭᠵᠢᠯᠲᠡ (R&D) ᠵᠢᠨ ᠵᠠᠷᠤᠳᠠᠯ᠎ᠤᠨ ᠣᠷᠣᠭᠤᠯᠤᠯᠲᠠ ᠵᠢᠨ ᠡᠷᠴᠢᠮ (ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠥᠷᠲᠡᠭᠯᠦᠭᠡ ᠵᠢᠨ ᠬᠠᠷᠢᠴᠠᠯ)᠎ᠨᠢ 0.93% ᠪᠠᠶ᠋ᠢᠵᠤ᠂ 2022 ᠣᠨ᠎ᠤ᠎ᠬᠢ᠎ᠠᠴᠠ 0.03 ᠵᠠᠭᠤᠨ᠎ᠤ ᠴᠡᠭ ᠵᠶ᠋ᠠᠷ ᠳᠡᠭᠡᠭᠰᠢᠯᠡᠪᠡ᠃ ᠮᠠᠨ᠎ᠤ ᠣᠷᠣᠨ᠎ᠤ ᠪᠥᠬᠦ ᠨᠡᠶ᠋ᠢᠭᠡᠮ᠎ᠤᠨ R&D᠎ᠤᠨ ᠵᠠᠷᠤᠳᠠᠯ᠎ᠤᠨ ᠶᠡᠷᠦᠩᠬᠡᠢ ᠬᠡᠮᠵᠢᠶ᠎ᠡ ᠪᠥᠬᠦ ᠤᠯᠤᠰ᠎ᠲᠤ ᠬᠤᠷᠢᠨ ᠬᠤᠶᠠᠳᠤᠭ᠋ᠠᠷ᠎ᠲᠤ ᠪᠠᠶ᠋ᠢᠷᠢᠯᠠᠵᠤ᠂ ᠳᠡᠭᠡᠷ᠎ᠡ ᠵᠢᠯ᠎ᠤᠨ᠎ᠬᠢ᠎ᠠᠴᠠ 1 ᠤᠷᠤᠨ ᠳᠡᠪᠰᠢᠪᠡ; R&D᠎ᠤᠨ ᠵᠠᠷᠤᠳᠠᠯ᠎ᠤᠨ ᠨᠡᠮᠡᠭᠳᠡᠯ᠎ᠤᠨ ᠬᠤᠷᠳᠤᠴᠠ᠎ᠨᠢ ᠪᠥᠬᠦ ᠤᠯᠤᠰ᠎ᠤᠨ ᠳᠤᠮᠳᠠᠴᠢ ᠬᠢᠷᠢ ᠲᠦᠪᠰᠢᠨ᠎ᠠᠴᠠ 0.5 ᠵᠠᠭᠤᠨ᠎ᠤ ᠴᠡᠭ ᠥᠨᠳᠥᠷ ᠪᠠᠶ᠋ᠢᠵᠤ᠂ ᠨᠢᠭᠡᠨᠲᠡ 3 ᠵᠢᠯ ᠳᠠᠷᠠᠭ᠋ᠠᠯᠠᠨ ᠪᠥᠬᠦ ᠤᠯᠤᠰ᠎ᠤᠨ ᠳᠤᠮᠳᠠᠴᠢ ᠬᠢᠷᠢ ᠲᠦᠪᠰᠢᠨ᠎ᠠᠴᠠ ᠥᠨᠳᠥᠷ ᠪᠣᠯᠵᠤ᠂ ᠨᠡᠮᠡᠭᠳᠡᠯ᠎ᠤᠨ ᠬᠤᠷᠳᠤᠴᠠ᠎ᠨᠢ ᠪᠥᠬᠦ ᠤᠯᠤᠰ᠎ᠲᠤ ᠠᠷᠪᠠᠨ ᠲᠠᠪᠤᠳᠤᠭ᠋ᠠᠷ᠎ᠲᠤ ᠪᠠᠶ᠋ᠢᠷᠢᠯᠠᠵᠤ᠂ ᠲᠦᠷᠦᠭᠦᠤ ᠵᠢᠯ᠎ᠤᠨ᠎ᠬᠢ᠎ᠠᠴᠠ 5 ᠤᠷᠤᠨ ᠳᠡᠭᠡᠭᠰᠢᠯᠡᠪᠡ; R&D᠎ᠤᠨ ᠵᠠᠷᠤᠳᠠᠯ᠎ᠤᠨ ᠣᠷᠣᠭᠤᠯᠤᠯᠲᠠ ᠵᠢᠨ ᠡᠷᠴᠢᠮ ᠪᠥᠬᠦ ᠤᠯᠤᠰ᠎ᠲᠤ ᠬᠤᠷᠢᠨ ᠳᠤᠯᠤᠳᠤᠭ᠋ᠠᠷ᠎ᠲᠤ ᠪᠠᠶ᠋ᠢᠷᠢᠯᠠᠵᠤ᠂ ᠲᠦᠷᠦᠭᠦᠤ ᠵᠢᠯᠤᠨᠬᠢᠯᠦᠭᠡ ᠲᠡᠩᠴᠡᠭᠦᠦ ᠪᠠᠶ᠋ᠢᠪᠠ᠃ ᠪᠠᠷᠠᠭᠤᠨ ᠣᠷᠣᠨ᠎ᠤ 12 ᠮᠤᠵᠢ (ᠬᠤᠲᠠ) ᠵᠢᠨ ᠳᠣᠲᠣᠷ᠎ᠠ᠂ ᠮᠠᠨ᠎ᠤ ᠣᠷᠣᠨ᠎ᠤ R&D᠎ᠤᠨ ᠵᠠᠷᠤᠳᠠᠯ᠎ᠤᠨ ᠶᠡᠷᠦᠩᠬᠡᠢ ᠬᠡᠮᠵᠢᠶ᠎ᠡ ᠵᠢᠴᠢ R&D᠎ᠤᠨ ᠵᠠᠷᠤᠳᠠᠯ᠎ᠤᠨ ᠨᠡᠮᠡᠭᠳᠡᠯ᠎ᠤᠨ ᠬᠤᠷᠳᠤᠴᠠ ᠴᠥᠮ ᠲᠠᠪᠤᠳᠤᠭ᠋ᠠᠷ᠎ᠲᠤ ᠪᠠᠶ᠋ᠢᠷᠢᠯᠠᠵᠤ᠂ R&D᠎ᠤᠨ ᠵᠠᠷᠤᠳᠠᠯ᠎ᠤᠨ ᠣᠷᠣᠭᠤᠯᠤᠯᠲᠠ ᠵᠢᠨ ᠡᠷᠴᠢᠮ᠎ᠨᠢ ᠨᠠᠢ᠍ᠮᠠ᠎ᠳᠤ ᠤᠷᠤᠪᠠ᠃ ᠠᠵᠢᠯᠯᠠᠭ᠎ᠠ ᠵᠢᠨ ᠲᠥᠷᠥᠯ ᠵᠦᠢ᠍ᠯ ᠵᠶ᠋ᠠᠷ ᠬᠤᠪᠢᠶᠠᠵᠤ ᠦᠵᠡᠪᠡᠯ᠂ ᠪᠥᠬᠦ ᠣᠷᠣᠨ᠎ᠤ ᠰᠠᠭᠤᠷᠢ ᠰᠤᠳᠤᠯᠭ᠋ᠠᠨ᠎ᠤ ᠵᠠᠷᠤᠳᠠᠯ 7.6 ᠳ᠋ᠦᠩᠰᠢᠭᠤᠷ ᠲᠥᠭᠦᠷᠢᠭ ᠪᠠᠶ᠋ᠢᠵᠦ᠂ ᠳᠡᠭᠡᠷ᠎ᠡ ᠵᠢᠯ᠎ᠤᠨ᠎ᠬᠢ᠎ᠠᠴᠠ 5.6%᠎ᠪᠠᠷ ᠪᠠᠭᠤᠷᠠᠪᠠ; ᠬᠡᠷᠡᠭᠯᠡᠭᠡᠨ᠎ᠤ ᠰᠤᠳᠤᠯᠭ᠋ᠠᠨ᠎ᠤ ᠵᠠᠷᠤᠳᠠᠯ 17 ᠳ᠋ᠦᠩᠰᠢᠭᠤᠷ ᠲᠥᠭᠦᠷᠢᠭ ᠪᠠᠶ᠋ᠢᠵᠦ᠂ 1.3%᠎ᠪᠠᠷ ᠨᠡᠮᠡᠭᠳᠡᠪᠡ; ᠲᠤᠷᠰᠢᠯᠲᠠ ᠵᠢᠨ ᠬᠦᠭᠵᠢᠯᠲᠡ ᠵᠢᠨ ᠵᠠᠷᠤᠳᠠᠯ 203.5 ᠳ᠋ᠦᠩᠰᠢᠭᠤᠷ ᠪᠠᠶ᠋ᠢᠵᠦ᠂ 10.2%᠎ᠪᠠᠷ ᠨᠡᠮᠡᠭᠳᠡᠪᠡ᠃ ᠠᠵᠢᠯᠯᠠᠭ᠎ᠠ ᠵᠢᠨ ᠪᠡᠶᠡᠴᠢ ᠴᠣᠭᠴᠠ᠎ᠪᠠᠷ ᠬᠤᠪᠢᠶᠠᠵᠤ ᠦᠵᠡᠪᠡᠯ᠂ ᠡᠯ᠎ᠡ ᠲᠥᠷᠥᠯ᠎ᠤᠨ ᠠᠵᠤ ᠠᠬᠤᠶ᠋ᠢᠯᠠᠯ᠎ᠤᠨ R&D᠎ᠤᠨ ᠵᠠᠷᠤᠳᠠᠯ 201.1 ᠳ᠋ᠦᠩᠰᠢᠭᠤᠷ ᠲᠥᠭᠦᠷᠢᠭ ᠪᠠᠶ᠋ᠢᠵᠦ᠂ ᠲᠦᠷᠦᠭᠦᠤ ᠵᠢᠯ᠎ᠤᠨ᠎ᠬᠢ᠎ᠠᠴᠠ 10.4%᠎ᠪᠠᠷ ᠨᠡᠮᠡᠭᠳᠡᠪᠡ; ᠳᠡᠭᠡᠳᠦ ᠵᠡᠷᠭᠡ ᠵᠢᠨ ᠰᠤᠷᠭ᠋ᠠᠭᠤᠯᠢ ᠵᠢᠨ R&D᠎ᠤᠨ ᠵᠠᠷᠤᠳᠠᠯ 10.8 ᠳ᠋ᠦᠩᠰᠢᠭᠤᠷ ᠪᠠᠶ᠋ᠢᠵᠦ᠂ 25%᠎ᠪᠠᠷ ᠨᠡᠮᠡᠭᠳᠡᠪᠡ; ᠵᠠᠰᠠᠭ᠎ᠤᠨ ᠣᠷᠳᠣᠨ᠎ᠤ ᠬᠠᠷᠢᠶ᠎ᠠ ᠰᠤᠳᠤᠯᠭ᠋ᠠᠨ᠎ᠤ ᠪᠠᠶ᠋ᠢᠭᠤᠯᠤᠮᠵᠢ ᠵᠢᠨ R&D᠎ᠤᠨ ᠵᠠᠷᠤᠳᠠᠯ 11.9 ᠳ᠋ᠦᠩᠰᠢᠭᠤᠷ ᠲᠥᠭᠦᠷᠢᠭ ᠪᠠᠶ᠋ᠢᠵᠦ᠂ 18.1%᠎ᠪᠠᠷ ᠪᠠᠭᠤᠷᠠᠪᠠ᠃ ᠠᠶ᠋ᠢᠮᠠᠭ ᠬᠤᠲᠠ᠎ᠪᠠᠷ ᠬᠤᠪᠢᠶᠠᠵᠤ ᠦᠵᠡᠪᠡᠯ᠂ R&D᠎ᠤᠨ ᠵᠠᠷᠤᠳᠠᠯ᠎ᠤᠨ ᠡᠮᠦᠨ᠎ᠡ ᠵᠢᠭᠰᠠᠭ᠋ᠠᠭᠳᠠᠭᠰᠠᠨ ᠭᠤᠷᠪᠠ᠎ᠳᠤ ᠪᠤᠭᠤᠲᠤ ᠬᠤᠲᠠ (82.4 ᠳ᠋ᠦᠩᠰᠢᠭᠤᠷ ᠲᠥᠭᠦᠷᠢᠭ)᠂ ᠣᠷᠳᠣᠰ ᠬᠤᠲᠠ (53.2 ᠳ᠋ᠦᠩᠰᠢᠭᠤᠷ ᠲᠥᠭᠦᠷᠢᠭ) ᠪᠠ ᠬᠥᠬᠡᠬᠤᠲᠠ (45.9 ᠳ᠋ᠦᠩᠰᠢᠭᠤᠷ ᠲᠥᠭᠦᠷᠢᠭ) ᠪᠤᠢ᠃ R&D᠎ᠤᠨ ᠵᠠᠷᠤᠳᠠᠯ᠎ᠤᠨ ᠣᠷᠣᠭᠤᠯᠤᠯᠲᠠ ᠵᠢᠨ ᠡᠷᠴᠢᠮ᠎ᠨᠢ ᠪᠥᠬᠦ ᠣᠷᠣᠨ᠎ᠤ ᠳᠤᠮᠳᠠᠴᠢ ᠬᠢᠷᠢ ᠲᠦᠪᠰᠢᠨ᠎ᠠᠴᠠ ᠳᠠᠪᠠᠭᠰᠠᠨ ᠠᠶ᠋ᠢᠮᠠᠭ ᠬᠤᠲᠠ 3 ᠪᠠᠶ᠋ᠢᠵᠤ᠂ ᠲᠣᠰ ᠲᠣᠰ ᠪᠤᠭᠤᠲᠤ ᠬᠤᠲᠠ (1.93%)᠂ ᠬᠥᠬᠡᠬᠤᠲᠠ (1.21%) ᠪᠠ ᠦᠬᠠᠢ ᠬᠤᠲᠠ (1.12%) ᠪᠣᠯᠣᠨ᠎ᠠ᠃ (ᠲᠤᠭ᠎ᠠ ᠪᠦᠷᠢᠳᠬᠡᠯ᠎ᠤᠨ ᠲᠣᠪᠴᠢᠶ᠎ᠠ)