ᠮᠠᠨ᠎ᠤ ᠣᠷᠣᠨ ᠬᠥᠬᠡᠬᠤᠲᠠ᠂ ᠣᠷᠳᠣᠰ ᠬᠤᠲᠠ᠂ ᠲᠦᠩᠯᠢᠶᠣᠤ ᠬᠤᠲᠠ᠂ ᠤᠯᠠᠭ᠋ᠠᠨᠴᠠᠪ ᠬᠤᠲᠠ᠂ ᠬᠢᠩᠭ᠋ᠠᠨ ᠠᠶ᠋ᠢᠮᠠᠭ ᠵᠡᠷᠭᠡ 5 ᠠᠶ᠋ᠢᠮᠠᠭ ᠬᠤᠲᠠ᠎ᠳᠤ ᠪᠡᠯᠡᠨ ᠬᠡᠷ ᠪᠠᠶ᠋ᠢᠰᠢᠩ ᠪᠣᠷᠣᠯᠠᠭᠤᠯᠬᠤ ᠲᠤᠷᠰᠢᠯᠲᠠ ᠵᠢᠨ ᠴᠡᠭ᠎ᠤᠨ ᠠᠵᠢᠯ ᠥᠷᠨᠢᠭᠦᠯᠵᠦ᠂ ᠲᠤᠷᠰᠢᠯᠲᠠ ᠵᠢᠨ ᠴᠡᠭ᠎ᠤᠨ 8 ᠲᠥᠷᠥᠯ ᠵᠦᠢ᠍ᠯ᠎ᠨᠢ 10 ᠲᠦᠮᠡᠨ ᠺᠦᠸᠠᠳ᠋ ᠮᠧᠳ᠋ᠷ᠎ᠢ ᠳᠠᠪᠠᠨ᠎ᠠ ᠭᠡᠵᠦ ᠲᠣᠳᠣᠷᠬᠠᠶ᠋ᠢᠯᠠᠪᠠ᠃ ᠣᠳᠣᠬᠠᠨ᠎ᠳᠤ᠂ ᠬᠢᠩᠭ᠋ᠠᠨ ᠠᠶ᠋ᠢᠮᠠᠭ᠎ᠤᠨ 1 ᠲᠥᠷᠥᠯ ᠵᠦᠢ᠍ᠯ᠎ᠤᠨ ᠭᠤᠤᠯ ᠴᠣᠭᠴᠠ ᠵᠢᠨ ᠪᠦᠲᠦᠴᠡ ᠵᠢ ᠨᠢᠭᠡᠨᠲᠡ ᠠᠳᠠᠭ᠋ᠠᠷᠯᠠᠭ᠋ᠠᠳ 10 ᠳ᠋ᠤᠭ᠋ᠠᠷ ᠰᠠᠷ᠎ᠠ ᠵᠢᠨ ᠰᠡᠭᠦᠯᠴᠢ᠎ᠪᠠᠷ ᠪᠣᠷᠣᠯᠠᠭᠤᠯᠬᠤ᠎ᠪᠠᠷ ᠲᠥᠯᠥᠪᠯᠡᠵᠦ ᠪᠣᠶ; ᠲᠦᠩᠯᠢᠶᠣᠤ ᠬᠤᠲᠠ ᠵᠢᠨ 1 ᠲᠥᠷᠥᠯ ᠵᠦᠢ᠍ᠯ᠎ᠨᠢ 2026 ᠣᠨ᠎ᠤ ᠰᠡᠭᠦᠯᠴᠢ᠎ᠠᠴᠠ ᠡᠮᠦᠨ᠎ᠡ ᠲᠤᠰᠢᠶᠠᠬᠤ᠎ᠪᠠᠷ ᠲᠥᠯᠥᠪᠯᠡᠵᠦ ᠪᠣᠢ; ᠤᠯᠠᠭ᠋ᠠᠨᠴᠠᠪ ᠬᠤᠲᠠ ᠵᠢᠨ 1 ᠲᠥᠷᠥᠯ ᠵᠦᠢ᠍ᠯ᠎ᠨᠢ ᠮᠡᠳᠡᠭᠦᠯᠦᠨ ᠪᠠᠶ᠋ᠢᠭᠤᠯᠬᠤ ᠭᠠᠷᠳᠠᠮ ᠵᠶ᠋ᠠᠨ ᠬᠢᠵᠦ ᠳᠠᠭᠤᠰᠬᠠᠭᠰᠠᠨ ᠪᠥᠭᠡᠳ ᠡᠮᠦᠨᠡᠬᠢ ᠬᠤᠭᠤᠴᠠᠭ᠋ᠠᠨ᠎ᠤ ᠠᠵᠢᠯ ᠵᠶ᠋ᠠᠨ ᠥᠷᠨᠢᠭᠦᠯᠵᠦ ᠪᠠᠶ᠋ᠢᠨ᠎ᠠ; ᠣᠷᠳᠣᠰ ᠬᠤᠲᠠ 3 ᠲᠥᠷᠥᠯ ᠵᠦᠢ᠍ᠯ᠎ᠤᠨ 1 ᠲᠥᠷᠥᠯ ᠵᠦᠢ᠍ᠯ᠎ᠢ᠎ᠨᠢ ᠪᠠᠶ᠋ᠢᠭᠤᠯᠵᠤ ᠳᠠᠭᠤᠰᠬᠠᠭ᠋ᠠᠳ᠂ ᠡᠨᠡ ᠵᠢᠯ᠎ᠤᠨ 12 ᠳ᠋ᠤᠭ᠋ᠠᠷ ᠰᠠᠷ᠎ᠠ᠎ᠠᠴᠠ ᠡᠬᠢᠯᠡᠨ ᠪᠣᠷᠣᠯᠠᠭᠤᠯᠬᠤ᠎ᠪᠠᠷ ᠵᠢᠱ᠌ᠢᠵᠦ ᠪᠣᠢ᠂ 2 ᠲᠥᠷᠥᠯ ᠵᠦᠢ᠍ᠯ᠎ᠢ᠎ᠨᠢ ᠶᠠᠭ ᠰᠠᠶᠢᠬᠠᠨ ᠮᠡᠳᠡᠭᠦᠯᠦᠨ ᠪᠠᠶ᠋ᠢᠭᠤᠯᠬᠤ ᠭᠠᠷᠳᠠᠮ ᠵᠶ᠋ᠠᠨ ᠭᠦᠢ᠍ᠴᠡᠳᠬᠡᠵᠦ ᠪᠠᠶ᠋ᠢᠨ᠎ᠠ; ᠬᠥᠬᠡᠬᠤᠲᠠ ᠵᠢᠨ ᠲᠤᠷᠰᠢᠯᠲᠠ ᠵᠢᠨ ᠴᠡᠭ᠎ᠤᠨ 2 ᠬᠡᠰᠡᠭ ᠭᠠᠵᠠᠷ᠎ᠲᠠᠬᠢ ᠭᠠᠵᠠᠷ 1 ᠵᠢᠨ ᠭᠠᠵᠠᠷ ᠰᠢᠷᠣᠶ ᠵᠢᠨ ᠲᠥᠯᠥᠪᠵᠢᠭᠦᠯᠭᠡ ᠵᠢᠨ ᠰᠢᠨᠵᠢ ᠴᠢᠨᠠᠷ᠎ᠲᠤ᠎ᠨᠢ ᠲᠣᠬᠢᠷᠠᠭᠤᠯᠤᠯᠲᠠ ᠬᠢᠵᠦ᠂ ᠭᠠᠵᠠᠷ 2᠎ᠨᠢ 10 ᠳ᠋ᠤᠭ᠋ᠠᠷ ᠰᠠᠷ᠎ᠠ᠎ᠳᠤ ᠳᠠᠭ᠋ᠠᠭ᠋ᠠᠴᠢᠯᠠᠯᠲᠠ ᠵᠠᠷᠯᠠᠬᠤ᠂ ᠦᠨ᠎ᠡ ᠬᠠᠶᠠᠯᠴᠠᠭᠤᠯᠤᠨ ᠬᠤᠳᠠᠯᠳᠤᠬᠤ᠂ ᠫᠠᠶ᠋ᠢᠰᠠ ᠡᠯᠭᠦᠬᠦ ᠪᠣᠯᠣᠨ᠎ᠠ᠃ (ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ)