ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
10 ᠳ᠋ᠤᠭ᠋ᠠᠷ ᠰᠠᠷ᠎ᠠ ᠵᠢᠨ 14᠎ᠤ ᠡᠳᠦᠷ᠎ᠤᠨ ᠲᠣᠪᠴᠢ ᠮᠡᠳᠡᠭᠡ
ᠨᠡᠶᠢᠲᠡᠯᠡᠭᠰᠡᠨ ᠴᠠᠭ᠄ 2024-10-14


    ᠣᠶ᠋ᠢᠷ᠎ᠠ᠎ᠳᠤ᠂ ᠬᠤ᠌ ᠷᠦᠨ ᠰᠤᠳᠤᠯᠭ᠋ᠠᠨ᠎ᠤ ᠬᠦᠷᠢᠶᠡᠯᠡᠩ᠎ᠠᠴᠠ 《2024 ᠣᠨ᠎ᠤ ᠬᠤ᠌ ᠷᠦᠨ ᠳᠤᠮᠳᠠᠳᠤ ᠤᠯᠤᠰ᠎ᠤᠨ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠨᠢᠭᠲᠠ ᠲᠥᠪᠯᠡᠷᠡᠯ ᠪᠦᠬᠦᠢ ᠬᠤᠲᠠ ᠵᠢᠨ ᠵᠢᠭᠰᠠᠭ᠋ᠠᠯᠲᠠ》 ᠵᠢ ᠨᠡᠶ᠋ᠢᠲᠡᠯᠡᠵᠦ᠂ ᠬᠥᠬᠡᠬᠤᠲᠠ ᠠᠩᠬ᠎ᠠ ᠤᠳᠠᠭ᠎ᠠ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠲᠥᠪᠯᠡᠷᠡᠯ᠎ᠤᠨ ᠬᠡᠮᠵᠢᠶ᠎ᠡ᠎ᠪᠠᠷ ᠬᠠᠮᠤᠭ᠎ᠤᠨ ᠥᠨᠳᠥᠷ ᠪᠣᠯᠬᠤ ᠳᠤᠮᠳᠠᠳᠤ ᠤᠯᠤᠰ᠎ᠤᠨ 50 ᠬᠦᠴᠦᠷᠬᠡᠭ ᠬᠤᠲᠠ ᠵᠢᠨ ᠡᠩᠨᠡᠭᠡᠨ᠎ᠳᠤ ᠵᠢᠭᠰᠠᠭ᠋ᠠᠭᠳᠠᠵᠤ᠂ 39 ᠳ᠋ᠦ᠍ᠭᠡᠷ᠎ᠲᠤ ᠪᠠᠶ᠋ᠢᠷᠢᠯᠠᠪᠠ᠃ ᠡᠭᠦᠨ᠎ᠳᠤ᠂ ᠰᠢᠨ᠎ᠡ ᠡᠨᠧᠷᠭᠢ ᠵᠢᠨ ᠪᠠᠯᠠ ᠣᠷᠣᠭᠤᠯᠤᠯᠲᠠ᠎ᠪᠠᠷ ᠬᠠᠯᠠᠮᠰᠢᠯ᠎ᠲᠠᠢ ᠪᠠᠶ᠋ᠢᠭ᠎ᠠ ᠲᠥᠪᠯᠡᠷᠡᠯ᠎ᠤᠨ ᠬᠡᠮᠵᠢᠶ᠎ᠡ᠎ᠨᠢ ᠪᠥᠬᠦ ᠤᠯᠤᠰ᠎ᠤᠨ 5 ᠳ᠋ᠤᠭ᠋ᠠᠷ᠎ᠲᠤ ᠣᠷᠣᠵᠤ᠂ ᠲᠡᠦᠬᠡ ᠵᠢᠨ ᠰᠢᠨ᠎ᠡ ᠲᠡᠮᠳᠡᠭᠯᠡᠯ᠎ᠢ ᠡᠭᠦᠳᠪᠡ᠃ (ᠬᠥᠬᠡᠬᠤᠲᠠ ᠵᠢᠨ ᠵᠠᠰᠠᠭ᠎ᠤᠨ ᠣᠷᠳᠣᠨ)
   10 ᠳ᠋ᠤᠭ᠋ᠠᠷ ᠰᠠᠷ᠎ᠠ ᠵᠢᠨ 11᠎ᠤ ᠡᠳᠦᠷ᠂ ᠲᠦᠩᠯᠢᠶᠣᠤ ᠬᠤᠲᠠ ᠵᠢᠯ᠎ᠳᠤ 10 ᠲᠦᠮᠡᠨ ᠠᠯᠠᠰᠢᠨ ᠦᠬᠡᠷ ᠨᠢᠲᠤᠯᠵᠤ᠂ ᠢᠳᠡᠭᠡᠨ᠎ᠢ ᠨᠠᠷᠢᠯᠢᠭ ᠡᠳ᠋ᠰᠢᠭᠦᠯᠦᠨ ᠪᠣᠯᠪᠠᠰᠤᠷᠠᠭᠤᠯᠬᠤ ᠵᠢᠴᠢ ᠬᠦᠢ᠍ᠲᠡᠨ ᠬᠡᠯᠬᠢᠶ᠎ᠡ᠎ᠪᠠᠷ ᠬᠠᠳᠠᠭ᠋ᠠᠯᠠᠨ ᠲᠡᠭᠡᠭᠡᠪᠦᠷᠢᠯᠡᠬᠦ ᠬᠦᠷᠢᠶᠡᠯᠡᠩ ᠲᠣᠭᠤᠷᠢᠭ᠎ᠤᠨ ᠲᠥᠷᠥᠯ ᠵᠦᠢ᠍ᠯ᠎ᠤᠨ ᠵᠥᠪᠯᠡᠯᠴᠡᠭᠡᠷ ᠲᠣᠭᠲᠠᠪᠠ᠃ ᠲᠤᠰ ᠲᠥᠷᠥᠯ ᠵᠦᠢ᠍ᠯ᠎ᠳᠤ 20 ᠳ᠋ᠦᠩᠰᠢᠭᠤᠷ ᠲᠥᠭᠦᠷᠢᠭ᠎ᠤᠨ ᠪᠡᠯᠡ ᠣᠷᠣᠭᠤᠯᠬᠤ᠎ᠪᠠᠷ ᠲᠥᠯᠥᠪᠯᠡᠵᠦ᠂ ᠪᠦᠬᠦᠨ᠎ᠢ ᠠᠰᠢᠭᠯᠠᠯᠲᠠ᠎ᠳᠤ ᠣᠷᠣᠭᠤᠯᠤᠭᠰᠠᠨ᠎ᠤ ᠳᠠᠷᠠᠭ᠎ᠠ᠂ ᠵᠢᠯ᠎ᠤᠨ ᠪᠣᠷᠤᠯᠠᠭᠤᠯᠭ᠎ᠠ ᠵᠢᠨ ᠣᠷᠣᠯᠭ᠎ᠠ 28 ᠳ᠋ᠦᠩᠰᠢᠭᠤᠷ ᠲᠥᠭᠦᠷᠢᠭ᠎ᠢ ᠪᠡᠶᠡᠯᠡᠭᠦᠯᠬᠦ ᠪᠣᠯᠣᠨ᠎ᠠ᠃ (ᠲᠦᠩᠯᠢᠶᠣᠣ ᠬᠤᠲᠠ ᠵᠢᠨ ᠵᠠᠰᠠᠭ᠎ᠤᠨ ᠣᠷᠳᠣᠨ)
   10 ᠳ᠋ᠤᠭ᠋ᠠᠷ ᠰᠠᠷ᠎ᠠ ᠵᠢᠨ 10᠎ᠤ ᠡᠳᠦᠷ᠂ ᠵᠢᠩ ᠤᠣ ᠨᠣᠤ ᠡᠯ ᠰᠠᠭᠤᠷᠢᠨ ᠭᠠᠵᠠᠷ᠎ᠤᠨ ᠵᠢᠯ᠎ᠤᠨ ᠦᠢ᠍ᠯᠡᠳᠪᠦᠷᠢᠯᠡᠯ᠎ᠤᠨ 5GW᠎ᠤᠨ ᠥᠨᠳᠥᠷ ᠪᠦᠲᠦᠮᠵᠢᠲᠡᠶ ᠲᠤᠨᠤᠬᠯᠠᠯ᠎ᠤᠨ ᠠᠩᠬᠠᠳᠠᠭᠴᠢ ᠲᠣᠨᠣᠭᠯᠠᠯ᠎ᠢ ᠦᠢ᠍ᠯᠡᠳᠪᠦᠷᠢᠯᠡᠵᠦ ᠭᠠᠷᠭ᠋ᠠᠭᠰᠠᠨ᠎ᠢ ᠳᠤᠷᠠᠰᠬᠠᠬᠤ ᠶᠣᠰᠣᠯᠠᠯ ᠪᠠᠶᠠᠨᠨᠠᠭᠤᠷ᠎ᠤᠨ ᠠᠵᠤ ᠠᠬᠤᠶ ᠮᠡᠷᠭᠡᠵᠢᠯ᠎ᠤᠨ ᠨᠡᠭᠡᠭᠡᠯᠲᠡ ᠵᠢᠨ ᠲᠣᠭᠤᠷᠢᠭ᠎ᠲᠤ ᠶᠠᠪᠤᠭᠳᠠᠵᠤ᠂ ᠲᠥᠷᠥᠯ ᠵᠦᠢ᠍ᠯ᠎ᠢ ᠪᠦᠬᠦᠨ᠎ᠢ ᠪᠠᠶ᠋ᠢᠭᠤᠯᠤᠭᠰᠠᠨ᠎ᠤ ᠳᠠᠷᠠᠭ᠎ᠠ᠂ ᠵᠢᠯ᠎ᠤᠨ ᠦᠢ᠍ᠯᠡᠳᠬᠦᠨ᠎ᠤ ᠥᠷᠲᠡᠭ᠎ᠢ 40 ᠳ᠋ᠦᠩᠰᠢᠭᠤᠷ ᠲᠥᠭᠦᠷᠢᠭ ᠪᠡᠶᠡᠯᠡᠭᠦᠯᠬᠦ ᠪᠣᠯᠤᠨ᠎ᠠ᠃ (ᠪᠠᠶᠠᠨᠨᠠᠭᠤᠷ ᠬᠤᠲᠠ ᠵᠢᠨ ᠵᠠᠰᠠᠭ᠎ᠤᠨ ᠣᠷᠳᠣᠨ)
    ᠣᠶ᠋ᠢᠷ᠎ᠠ᠎ᠳᠤ᠂ ᠬᠠᠢ᠎ᠲᠠᠢ ᠰᠢᠨ᠎ᠡ ᠡᠨᠧᠷᠭᠢ ᠵᠢᠨ ᠵᠢᠯ᠎ᠳᠤ 1GW᠎ᠤᠨ ᠭᠡᠷᠡᠯᠴᠢ ᠴᠡᠨᠡᠭ᠎ᠤᠨ ᠲᠣᠨᠣᠭᠯᠠᠯ᠎ᠤᠨ ᠲᠥᠷᠥᠯ ᠵᠦᠢ᠍ᠯ᠎ᠢ ᠰᠢᠯᠤᠭᠤᠨ ᠬᠥᠬᠡ ᠬᠤᠰᠢᠭᠤᠨ᠎ᠤ ᠱᠠᠩᠳᠤ ᠠᠵᠤ ᠦᠢ᠍ᠯᠡᠰ᠎ᠤᠨ ᠬᠦᠷᠢᠶᠡᠯᠡᠩ᠎ᠳᠤ ᠡᠬᠢᠯᠡᠭᠦᠯᠵᠦ᠂ 1 ᠳ᠋ᠦᠩᠰᠢᠭᠤᠷ ᠲᠥᠭᠦᠷᠢᠭ᠎ᠤᠨ ᠪᠠᠯᠠ ᠣᠷᠣᠭᠤᠯᠬᠤ᠎ᠪᠠᠷ ᠲᠥᠯᠥᠪᠯᠡᠵᠦ ᠪᠣᠶ᠃ ᠲᠣᠰ ᠲᠥᠷᠥᠯ ᠵᠦᠢ᠍ᠯ᠎ᠨᠢ ᠰᠢᠯᠢ ᠵᠢᠨ ᠭᠤᠤᠯ ᠠᠶ᠋ᠢᠮᠠᠭ᠎ᠤᠨ ᠲᠤᠰ ᠵᠢᠯ᠎ᠳᠤ᠎ᠪᠠᠨ ᠵᠥᠪᠯᠡᠯᠴᠡᠭᠡᠷ ᠲᠣᠭᠲᠠᠵᠤ᠂ ᠲᠤᠰ ᠵᠢᠯ᠎ᠳᠤ᠎ᠪᠠᠨ ᠠᠵᠢᠯ ᠵᠶ᠋ᠠᠨ ᠡᠬᠢᠯᠡᠭᠦᠯᠦᠭᠰᠡᠨ ᠲᠥᠷᠥᠯ ᠵᠦᠢ᠍ᠯ ᠪᠠᠶ᠋ᠢᠵᠤ᠂ ᠪᠠᠶ᠋ᠢᠭᠤᠯᠤᠭᠰᠠᠨ᠎ᠤ ᠳᠠᠷᠠᠭ᠎ᠠ ᠪᠥᠬᠦ ᠠᠶ᠋ᠢᠮᠠᠭ᠎ᠲᠤ ᠭᠡᠷᠡᠯᠴᠢ ᠴᠡᠨᠡᠭ᠎ᠤᠨ ᠲᠣᠨᠣᠭᠯᠠᠯ᠎ᠤᠨ ᠠᠵᠤ ᠦᠢ᠍ᠯᠡᠰ᠎ᠤᠨ ᠦᠭᠡᠢ ᠪᠠᠶ᠋ᠢᠭᠰᠠᠨ ᠲᠡᠦᠬᠡ ᠵᠢ ᠡᠴᠦᠰᠯᠡᠭᠦᠯᠵᠦ᠂ ᠡᠨᠡ ᠬᠦ᠌ ᠬᠤᠭᠤᠰᠣᠨ᠎ᠢ ᠨᠥᠬᠦᠪᠥᠷᠢᠯᠡᠬᠦ ᠪᠣᠯᠤᠨ᠎ᠠ᠃ (ᠰᠢᠯᠢ ᠵᠢᠨ ᠭᠤᠣᠯ ᠠᠶ᠋ᠢᠮᠠᠭ᠎ᠤᠨ ᠵᠠᠬᠢᠷᠭ᠎ᠠ)
    ᠣᠶ᠋ᠢᠷ᠎ᠠ᠎ᠳᠤ᠂ ᠬᠤᠶᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ 《ᠬᠥᠮᠦᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠭᠡᠷᠡᠯ ᠭᠢᠯᠪᠠᠭ᠎ᠠ》 ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠣᠬᠤᠷ ᠸᠢᠳᠢᠣ᠋ ᠵᠢᠨ ᠤᠷᠤᠯᠳᠤᠭ᠋ᠠᠨ᠎ᠤ ᠱᠠᠩᠨᠠᠯ ᠣᠯᠭᠤᠬᠤ ᠶᠣᠰᠣᠯᠠᠯ ᠳᠡᠭᠡᠷ᠎ᠡ᠂ ᠤᠯᠠᠭ᠋ᠠᠨᠴᠠᠪ ᠬᠤᠲᠠ ᠵᠢᠨ ᠭᠤᠶᠤᠴᠢᠯᠠᠨ ᠮᠡᠳᠡᠭᠦᠯᠦᠭᠰᠡᠨ 《ᠮᠢᠩᠭ᠋ᠠᠨ ᠣᠨ᠎ᠤ ᠰᠠᠭᠤᠭᠳᠠᠯ — ᠲᠦᠮᠡᠨ ᠭᠠᠵᠠᠷ᠎ᠤᠨ ᠤᠷᠲᠤ ᠴᠠᠭ᠋ᠠᠨ ᠬᠡᠷᠡᠮ ᠮᠥᠨ ᠲᠡᠷᠡ ᠬᠡᠪ ᠵᠶ᠋ᠠᠷ ᠵᠶ᠋ᠠᠨ ᠪᠠᠶ᠋ᠢᠭ᠎ᠠ ᠰᠢᠭ᠋》 ᠭᠡᠬᠦ ᠪᠦᠲᠦᠭᠡᠯ᠎ᠨᠢ ᠬᠤᠶᠠᠳᠤᠭ᠋ᠠᠷ ᠳᠡᠰ᠎ᠤᠨ ᠱᠠᠩᠨᠠᠯ ᠬᠦᠷᠲᠡᠪᠡ᠃ (ᠤᠯᠠᠭ᠋ᠠᠨᠴᠠᠪ ᠬᠤᠲᠠ ᠵᠢᠨ ᠵᠠᠰᠠᠭ᠎ᠤᠨ ᠣᠷᠳᠣᠨ)
   9 ᠳ᠋ᠦ᠍ᠭᠡᠷ ᠰᠠᠷ᠎ᠠ ᠵᠢᠨ ᠰᠡᠭᠦᠯᠴᠢ ᠪᠣᠯᠲᠠᠯ᠎ᠠ᠂ ᠪᠥᠬᠦ ᠣᠷᠣᠨ᠎ᠤ 《ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠥᠪᠥᠷ ᠮᠣᠩᠭᠤᠯ᠎ᠤᠨ ᠢᠲᠡᠭᠡᠮᠵᠢᠲᠦ ᠵᠢᠭᠡᠯᠡᠯᠭᠡ》 ᠵᠢᠨ ᠰᠢᠨ᠎ᠡ᠎ᠪᠠᠷ ᠨᠡᠮᠡᠭᠳᠡᠭᠰᠡᠨ ᠢᠲᠡᠭᠡᠮᠵᠢ ᠣᠯᠭᠤᠭᠰᠠᠨ ᠬᠡᠮᠵᠢᠶ᠎ᠡ 18.4 ᠳ᠋ᠦᠩᠰᠢᠭᠤᠷ ᠲᠥᠭᠦᠷᠢᠭ ᠪᠠᠶ᠋ᠢᠵᠤ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ 5200 ᠡᠷᠦᠬᠡ᠎ᠳᠤ ᠠᠰᠢᠭ ᠬᠦᠷᠲᠡᠭᠡᠵᠦ᠂ ᠡᠷᠦᠬᠡ ᠪᠦᠷᠢ᠎ᠳᠤ ᠳᠤᠮᠳᠠᠴᠢ᠎ᠪᠠᠷ 35 ᠲᠦᠮᠡᠨ ᠲᠥᠭᠦᠷᠢᠭ᠎ᠤᠨ ᠢᠲᠡᠭᠡᠮᠵᠢ ᠣᠯᠭᠤᠵᠤ᠂ ᠡᠭᠦᠨ᠎ᠳᠤ 10 ᠳ᠋ᠦᠩᠰᠢᠭᠤᠷ ᠲᠥᠭᠦᠷᠢᠭ᠎ᠤᠨ ᠢᠲᠡᠭᠡᠮᠵᠢᠲᠦ ᠵᠢᠭᠡᠯᠡᠯᠭᠡ ᠲᠠᠯᠪᠢᠵᠤ᠂ 54% ᠵᠢ ᠡᠵᠡᠯᠡᠪᠡ᠃ (ᠬᠥᠳᠡᠭᠡ ᠲᠣᠰᠬᠤᠨ᠎ᠤ ᠢᠲᠡᠭᠡᠮᠵᠢ ᠵᠢᠨ ᠬᠤᠷᠰᠢᠶ᠎ᠠ)
 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ ᠪᠡᠯᠡᠨ ᠭᠡᠷ ᠪᠠᠶ᠋ᠢᠰᠢᠩ ᠪᠣᠷᠣᠯᠠᠭᠤᠯᠬᠤ ᠲᠤᠷᠰᠢᠯᠲᠠ ᠵᠢᠨ ᠴᠡᠭ᠎ᠤᠨ ᠠᠵᠢᠯ᠎ᠢ ᠡᠮᠬᠢ ᠵᠢᠷᠤᠮ᠎ᠲᠠᠢ᠎ᠪᠠᠷ ᠠᠬᠢᠭᠤᠯᠵᠤ ᠪᠣᠢ
ᠲᠦᠷᠦᠭᠦᠦ ᠭᠤᠷᠪᠠᠨ ᠤᠯᠠᠷᠢᠯ᠎ᠳᠤ ᠮᠠᠨ᠎ᠤ ᠣᠷᠣᠨ ᠬᠢᠭᠡᠳ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠠᠶ᠋ᠢᠭᠤᠯᠬᠤ ᠤᠯᠤᠰ᠎ᠯᠤᠭ᠎ᠠ ᠵᠢᠨ ᠬᠢᠯᠢ ᠠᠯᠤᠰᠯᠠᠭᠰᠠᠨ ᠰᠢᠭᠤᠳ ᠪᠡᠯᠡ ᠣᠷᠣᠭᠤᠯᠤᠯᠲᠠ ᠵᠢᠨ ᠬᠠᠮᠲᠤᠷᠠᠯᠴᠠᠭ᠎ᠠ ᠦᠷᠨᠢᠩᠭᠦᠢ ᠬᠥᠭᠵᠢᠪᠡ
10 ᠳ᠋ᠤᠭ᠋ᠠᠷ ᠰᠠᠷ᠎ᠠ ᠵᠢᠨ 15᠎ᠤ ᠡᠳᠦᠷ᠎ᠤᠨ ᠲᠣᠪᠴᠢ ᠮᠡᠳᠡᠭᠡ
ᠮᠠᠨ᠎ᠤ ᠣᠷᠣᠨ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠣᠨᠣᠯ᠎ᠤᠨ ᠲᠣᠶ᠋ᠢᠮᠤ》 ᠵᠢᠨ ᠪᠦᠷᠢᠨ ᠢᠵᠢᠲᠦ ᠵᠢᠭ᠋ᠠᠨ ᠰᠤᠷᠭ᠋ᠠᠯᠲᠠ ᠵᠢᠨ ᠡᠬᠢ ᠪᠠᠶᠠᠯᠢᠭ᠎ᠤᠨ ᠬᠥᠮᠥᠷᠭᠡ ᠵᠢ ᠤᠷᠢᠳ ᠵᠶ᠋ᠠᠷ ᠪᠠᠶ᠋ᠢᠭᠤᠯᠪᠠ
ᠮᠠᠨ᠎ᠤ ᠣᠷᠣᠨ᠎ᠤ ᠰᠢᠰᠲ᠋ᠧᠮᠲᠦ ᠨᠥᠬᠦᠷᠰᠡᠭ ᠬᠡᠯᠪᠡᠷᠢ ᠵᠢᠨ ᠰᠢᠨ᠎ᠡ ᠡᠨᠧᠷᠭᠢ ᠵᠢᠨ ᠲᠥᠷᠥᠯ ᠵᠦᠢ᠍ᠯ᠎ᠢ ᠤᠯᠤᠰ᠎ᠤᠨ ᠡᠨᠧᠷᠭᠢ ᠵᠢᠨ ᠲᠣᠪᠴᠢᠶ᠎ᠠ᠎ᠠᠴᠠ ᠵᠢᠱ᠌ᠢᠶ᠎ᠡ ᠦᠵᠡᠭᠦᠯᠦᠨ ᠳᠡᠯᠭᠡᠷᠡᠭᠦᠯᠪᠡ
 
            