ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠲᠦᠷᠦᠭᠦᠦ ᠭᠤᠷᠪᠠᠨ ᠤᠯᠠᠷᠢᠯ᠎ᠳᠤ ᠮᠠᠨ᠎ᠤ ᠣᠷᠣᠨ ᠬᠢᠭᠡᠳ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠠᠶ᠋ᠢᠭᠤᠯᠬᠤ ᠤᠯᠤᠰ᠎ᠯᠤᠭ᠎ᠠ ᠵᠢᠨ ᠬᠢᠯᠢ ᠠᠯᠤᠰᠯᠠᠭᠰᠠᠨ ᠰᠢᠭᠤᠳ ᠪᠡᠯᠡ ᠣᠷᠣᠭᠤᠯᠤᠯᠲᠠ ᠵᠢᠨ ᠬᠠᠮᠲᠤᠷᠠᠯᠴᠠᠭ᠎ᠠ ᠦᠷᠨᠢᠩᠭᠦᠢ ᠬᠥᠭᠵᠢᠪᠡ
ᠨᠡᠶᠢᠲᠡᠯᠡᠭᠰᠡᠨ ᠴᠠᠭ᠄ 2024-10-14


    ᠬᠢᠯᠢ ᠵᠢᠨ ᠭᠠᠳᠠᠨᠠᠬᠢ ᠪᠠᠯᠠ ᠣᠷᠣᠭᠤᠯᠤᠯᠲᠠ ᠵᠢᠨ ᠲᠠᠯ᠎ᠠ᠎ᠪᠠᠷ᠂ 1 — 9 ᠳ᠋ᠦ᠍ᠭᠡᠷ ᠰᠠᠷ᠎ᠠ᠎ᠳᠤ᠂ ᠮᠠᠨ᠎ᠤ ᠣᠷᠣᠨ 《ᠨᠢᠭᠡ ᠪᠦᠰᠡ ᠨᠢᠭᠡ ᠵᠠᠮ》 ᠳᠠᠭ᠋ᠠᠤ ᠵᠢᠨ ᠤᠯᠤᠰ᠎ᠲᠠᠬᠢ ᠬᠢᠯᠢ ᠵᠢᠨ ᠭᠠᠳᠠᠨᠠᠬᠢ ᠪᠠᠯᠠ ᠣᠷᠣᠭᠤᠯᠤᠯᠲᠠ ᠵᠢᠨ ᠠᠵᠤ ᠠᠬᠤᠶ᠋ᠢᠯᠠᠯ᠎ᠢ 30 ᠰᠢᠨ᠎ᠡ᠎ᠪᠠᠷ ᠨᠡᠮᠡᠭᠳᠡᠭᠦᠯᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 42.86%᠎ᠪᠠᠷ ᠨᠡᠮᠡᠭᠳᠡᠨ᠂ ᠪᠥᠬᠦ ᠣᠷᠣᠨ᠎ᠤ ᠬᠢᠯᠢ ᠵᠢᠨ ᠭᠠᠳᠠᠨᠠᠬᠢ ᠪᠠᠯᠠ ᠣᠷᠣᠭᠤᠯᠤᠯᠲᠠ ᠵᠢᠨ ᠠᠵᠤ ᠠᠬᠤᠶ᠋ᠢᠯᠠᠯ᠎ᠤᠨ 81.08% ᠵᠢ ᠡᠵᠡᠯᠡᠪᠡ᠃ 9 ᠳ᠋ᠦ᠍ᠭᠡᠷ ᠰᠠᠷ᠎ᠠ ᠵᠢᠨ ᠰᠡᠭᠦᠯᠴᠢ ᠪᠣᠯᠲᠠᠯ᠎ᠠ᠂ ᠮᠠᠨ᠎ᠤ ᠣᠷᠣᠨ 《ᠨᠢᠭᠡ ᠪᠦᠰᠡ ᠨᠢᠭᠡ ᠵᠠᠮ》 ᠳᠠᠭ᠋ᠠᠤ ᠵᠢᠨ ᠬᠠᠮᠲᠤ᠎ᠪᠠᠷ ᠪᠠᠶ᠋ᠢᠭᠤᠯᠬᠤ 28 ᠤᠯᠤᠰ᠎ᠲᠤ ᠣᠲᠣ ᠪᠠᠶ᠋ᠢᠭ᠎ᠠ ᠬᠢᠯᠢ ᠵᠢᠨ ᠭᠠᠳᠠᠨᠠᠬᠢ ᠪᠠᠯᠠ ᠣᠷᠣᠭᠤᠯᠤᠯᠲᠠ ᠵᠢᠨ ᠠᠵᠤ ᠠᠬᠤᠶ᠋ᠢᠯᠠᠯ 401 ᠪᠠᠶ᠋ᠢᠵᠤ᠂ ᠪᠥᠬᠦ ᠣᠷᠣᠨ᠎ᠤ ᠬᠢᠯᠢ ᠵᠢᠨ ᠭᠠᠳᠠᠨᠠᠬᠢ ᠪᠠᠯᠠ ᠣᠷᠣᠭᠤᠯᠤᠯᠲᠠ ᠵᠢᠨ ᠠᠵᠤ ᠠᠬᠤᠶ᠋ᠢᠯᠠᠯ᠎ᠤᠨ 74.81% ᠵᠢ ᠡᠵᠡᠯᠡᠵᠦ᠂ ᠳᠤᠮᠳᠠᠳᠤ ᠵᠢᠨ ᠲᠠᠯ᠎ᠠ ᠵᠢᠨ ᠪᠠᠯᠠ ᠣᠷᠣᠭᠤᠯᠤᠯᠲᠠ ᠵᠢᠨ ᠶᠡᠷᠦᠩᠬᠡᠶ ᠲᠤᠭ᠎ᠠ 37.25 ᠳ᠋ᠦᠩᠰᠢᠭᠤᠷ ᠳ᠋ᠣᠯᠯᠠᠷ᠎ᠲᠤ ᠬᠦᠷᠴᠦ᠂ ᠪᠥᠭᠡᠮ ᠵᠶ᠋ᠠᠷ ᠬᠤᠳᠠᠯᠳᠤᠬᠤ ᠦᠢ᠍ᠯᠡᠰ᠂ ᠠᠭᠤᠷᠬᠠᠶ ᠮᠠᠯᠲᠠᠬᠤ ᠦᠢ᠍ᠯᠡᠰ᠂ ᠲᠠᠷᠢᠶᠠᠯᠠᠩ ᠣᠶ ᠰᠢᠭᠤᠢ ᠮᠠᠯ ᠠᠵᠤ ᠠᠬᠤᠶ ᠵᠢᠭ᠋ᠠᠰᠤᠨ ᠠᠵᠤ ᠠᠬᠤᠶ ᠵᠡᠷᠭᠡ ᠠᠵᠢᠯ ᠲᠥᠷᠥᠯ᠎ᠳᠤ ᠲᠥᠪᠯᠡᠷᠡᠭᠦᠯᠦᠨ ᠪᠡᠯᠡ ᠤᠷᠤᠭᠤᠯᠵᠦ ᠪᠤᠢ᠃ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠯᠲᠠ ᠵᠢᠨ ᠲᠠᠯ᠎ᠠ᠎ᠪᠠᠷ᠂ 1 — 9 ᠳ᠋ᠦ᠍ᠭᠡᠷ ᠰᠠᠷ᠎ᠠ᠎ᠳᠤ᠂ 《ᠨᠢᠭᠡ ᠪᠦᠰᠡ ᠨᠢᠭᠡ ᠵᠠᠮ》 ᠳᠠᠭ᠋ᠠᠤ ᠵᠢᠨ ᠪᠡᠯᠡ ᠣᠷᠣᠭᠤᠯᠤᠭᠴᠢᠳ ᠮᠠᠨ᠎ᠤ ᠣᠷᠣᠨ᠎ᠳᠤ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠭᠰᠠᠨ ᠠᠵᠤ ᠠᠬᠤᠶ᠋ᠢᠯᠠᠯ᠎ᠢ 11 ᠪᠠᠶ᠋ᠢᠭᠤᠯᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 83.33%᠎ᠪᠠᠷ ᠨᠡᠮᠡᠭᠳᠡᠵᠦ᠂ ᠲᠡᠦᠬᠡ ᠵᠢᠨ ᠠᠳᠠᠯᠢ ᠬᠤᠭᠤᠴᠠᠭ᠋ᠠᠨ᠎ᠤ ᠬᠠᠮᠤᠭ᠎ᠤᠨ ᠥᠨᠳᠥᠷ ᠣᠷᠭᠢᠯ ᠬᠡᠮᠵᠢᠭᠳᠡᠯ᠎ᠳᠤ ᠬᠦᠷᠴᠦ᠂ ᠪᠦᠬᠦ ᠣᠷᠣᠨ᠎ᠤ ᠰᠢᠨ᠎ᠡ᠎ᠪᠠᠷ ᠪᠠᠶ᠋ᠢᠭᠤᠯᠤᠭᠰᠠᠨ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠭᠰᠠᠨ ᠠᠵᠤ ᠠᠬᠤᠶ᠋ᠢᠯᠠᠯ᠎ᠤᠨ 35.48% ᠵᠢ ᠡᠵᠡᠯᠡᠪᠡ᠃ 9 ᠳ᠋ᠤᠭᠡᠷ ᠰᠠᠷ᠎ᠠ ᠵᠢᠨ ᠰᠡᠭᠦᠯᠴᠢ ᠪᠣᠯᠲᠠᠯ᠎ᠠ᠂ 《ᠨᠢᠭᠡ ᠪᠦᠰᠡ ᠨᠢᠭᠡ ᠵᠠᠮ》 ᠳᠠᠭ᠋ᠠᠤ ᠵᠢᠨ ᠬᠠᠮᠲᠤ᠎ᠪᠠᠷ ᠪᠠᠶ᠋ᠢᠭᠤᠯᠬᠤ 20 ᠤᠯᠤᠰ᠎ᠠᠴᠠ ᠮᠠᠨ᠎ᠤ ᠣᠷᠣᠨ᠎ᠳᠤ ᠰᠢᠭᠤᠳ ᠪᠡᠯᠡ ᠣᠷᠣᠭᠤᠯᠵᠤ᠂ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠭᠰᠠᠨ ᠠᠵᠤ ᠠᠬᠤᠶ᠋ᠢᠯᠠᠯ᠎ᠢ 134 ᠪᠠᠶ᠋ᠢᠭᠤᠯᠵᠤ᠂ ᠭᠠᠳᠠᠭ᠋ᠠᠳᠤ ᠵᠢᠨ ᠲᠠᠯ᠎ᠠ ᠵᠢᠨ᠎ᠬᠢᠨ᠎ᠤ ᠳᠠᠩᠰᠠᠯᠠᠭᠤᠯᠤᠭᠰᠠᠨ ᠬᠦᠷᠦᠩᠭᠡ 13.35 ᠳ᠋ᠦᠩᠰᠢᠭᠤᠷ ᠳ᠋ᠣᠯᠯᠠᠷ᠎ᠲᠤ ᠬᠦᠷᠴᠦ᠂ ᠬᠢᠯᠢ ᠠᠯᠤᠰᠯᠠᠭᠰᠠᠨ ᠤᠷᠤᠭᠤᠯᠤᠯᠲᠠ ᠨᠡᠶ᠋ᠢᠲᠡ 7.62 ᠳ᠋ᠦᠩᠰᠢᠭᠤᠷ ᠳ᠋ᠣᠯᠯᠠᠷ᠎ᠲᠤ ᠬᠦᠷᠴᠦ᠂ ᠪᠥᠭᠡᠮ ᠵᠶ᠋ᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢ᠍ᠯᠡᠰ᠂ ᠠᠭᠤᠷᠬᠠᠶ ᠮᠠᠯᠲᠠᠬᠤ ᠦᠢ᠍ᠯᠡᠰ᠂ ᠲᠠᠷᠢᠶᠠᠯᠠᠩ ᠤᠢ ᠰᠢᠭᠤᠶ ᠮᠠᠯ ᠠᠵᠤ ᠠᠬᠤᠶ ᠵᠢᠭ᠋ᠠᠰᠤᠨ ᠠᠵᠤ ᠠᠬᠤᠢ ᠵᠢᠴᠢ ᠲᠡᠭᠦᠨ᠎ᠤ ᠦᠢ᠍ᠯᠡᠴᠢᠯᠡᠭᠡᠨ᠎ᠤ ᠦᠢ᠍ᠯᠡᠰ᠂ ᠢᠳᠡᠭᠡᠨ ᠤᠮᠳᠠᠭ᠋ᠠᠨ ᠬᠤᠳᠠᠯᠳᠤᠭ᠋ᠠᠨ᠎ᠤ ᠶᠠᠪᠤᠳᠠᠯ ᠰᠣᠶᠣᠯ ᠵᠠᠭᠤᠴᠢᠯᠠᠭᠤᠷ᠎ᠤᠨ ᠦᠢ᠍ᠯᠡᠴᠢᠯᠡᠭᠡᠨ᠎ᠤ ᠦᠢ᠍ᠯᠡᠰ ᠵᠡᠷᠭᠡ ᠠᠵᠢᠯ ᠲᠥᠷᠥᠯ᠎ᠳᠤ ᠲᠥᠪᠯᠡᠷᠡᠭᠦᠯᠦᠨ ᠪᠡᠯᠡ ᠣᠷᠣᠭᠤᠯᠪᠠ᠃ (ᠳᠤᠮᠳᠠᠳᠤ ᠤᠯᠤᠰ᠎ᠤᠨ ᠠᠷᠠᠳ᠎ᠤᠨ ᠪᠠᠩᠬᠢ)

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
10 ᠳ᠋ᠤᠭ᠋ᠠᠷ ᠰᠠᠷ᠎ᠠ ᠵᠢᠨ 15᠎ᠤ ᠡᠳᠦᠷ᠎ᠤᠨ ᠲᠣᠪᠴᠢ ᠮᠡᠳᠡᠭᠡ
ᠮᠠᠨ᠎ᠤ ᠣᠷᠣᠨ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠣᠨᠣᠯ᠎ᠤᠨ ᠲᠣᠶ᠋ᠢᠮᠤ》 ᠵᠢᠨ ᠪᠦᠷᠢᠨ ᠢᠵᠢᠲᠦ ᠵᠢᠭ᠋ᠠᠨ ᠰᠤᠷᠭ᠋ᠠᠯᠲᠠ ᠵᠢᠨ ᠡᠬᠢ ᠪᠠᠶᠠᠯᠢᠭ᠎ᠤᠨ ᠬᠥᠮᠥᠷᠭᠡ ᠵᠢ ᠤᠷᠢᠳ ᠵᠶ᠋ᠠᠷ ᠪᠠᠶ᠋ᠢᠭᠤᠯᠪᠠ
ᠮᠠᠨ᠎ᠤ ᠣᠷᠣᠨ᠎ᠤ ᠰᠢᠰᠲ᠋ᠧᠮᠲᠦ ᠨᠥᠬᠦᠷᠰᠡᠭ ᠬᠡᠯᠪᠡᠷᠢ ᠵᠢᠨ ᠰᠢᠨ᠎ᠡ ᠡᠨᠧᠷᠭᠢ ᠵᠢᠨ ᠲᠥᠷᠥᠯ ᠵᠦᠢ᠍ᠯ᠎ᠢ ᠤᠯᠤᠰ᠎ᠤᠨ ᠡᠨᠧᠷᠭᠢ ᠵᠢᠨ ᠲᠣᠪᠴᠢᠶ᠎ᠠ᠎ᠠᠴᠠ ᠵᠢᠱ᠌ᠢᠶ᠎ᠡ ᠦᠵᠡᠭᠦᠯᠦᠨ ᠳᠡᠯᠭᠡᠷᠡᠭᠦᠯᠪᠡ
ᠬᠢᠨᠠᠨ ᠪᠤᠳᠤᠬᠤ ᠲᠢᠩᠬᠢᠮ ᠤᠯᠤᠰ᠎ᠤᠨ ᠴᠢᠬᠤᠯᠠ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠪᠠ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠬᠥᠭᠵᠢᠯᠲᠡ ᠵᠢ ᠪᠥᠬᠦ ᠬᠦᠴᠦᠨ ᠵᠶ᠋ᠠᠷ ᠵᠶ᠋ᠠᠨ ᠠᠬᠢᠭᠤᠯᠪᠠ
10 ᠳ᠋ᠤᠭ᠋ᠠᠷ ᠰᠠᠷ᠎ᠠ ᠵᠢᠨ 15᠎ᠤ ᠡᠳᠦᠷ ᠪᠦᠬᠦ ᠪᠥᠮᠪᠥᠷᠴᠡᠭ᠎ᠲᠠᠬᠢ ᠬᠠᠮᠤᠭ᠎ᠤᠨ ᠶᠡᠭᠡ ᠬᠤᠪᠣᠷ ᠰᠢᠷᠣᠢ ᠵᠢᠨ ᠲᠦᠭᠦᠬᠡᠶ ᠮᠠᠲ᠋ᠧᠷᠢᠶᠠᠯ᠎ᠤᠨ ᠦᠢ᠍ᠯᠡᠳᠪᠦᠷᠢᠯᠡᠯ᠎ᠤᠨ ᠰᠠᠭᠤᠷᠢᠨ ᠭᠠᠵᠠᠷ ᠪᠤᠭᠤᠲᠤ ᠬᠤᠲᠠ᠎ᠳᠤ ᠠᠰᠢᠭᠯᠠᠯᠲᠠ᠎ᠳᠤ ᠣᠷᠣᠪᠠ
 
            